ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠠᠷᠪᠠᠨ ᠶᠡᠭᠡ ᠪᠤᠬᠢᠨᠢᠳᠤᠯ︾᠎ ᠢ ᠢᠯᠡ ᠪᠠᠷ ᠡᠯᠰᠡᠨ ᠴᠤᠭᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/4/10
     ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠭᠡᠮᠵᠢᠲᠦ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠤᠰᠠᠳᠠ᠂ ᠣᠶᠢᠷ᠎ᠠ ᠳᠤ᠂ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠡᠶᠢᠭᠡᠮ ᠨᠡᠶᠢᠲᠡ ᠠᠴᠠ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠲᠤᠯᠭᠠᠷᠠᠭᠰᠠᠨ ︽ᠠᠷᠪᠠᠨ ᠶᠡᠭᠡ ᠪᠤᠬᠢᠨᠢᠳᠤᠯ︾᠎ ᠢ ᠢᠯᠡ ᠪᠠᠷ ᠡᠯᠰᠡᠨ ᠴᠤᠭᠯᠠᠭᠤᠯᠵᠤ ᠪᠠᠶᠢᠨ᠎ᠠ᠃      ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠤᠬᠠᠭᠤᠯᠬᠤ ᠶᠢ ᠴᠢᠬᠤᠯᠠᠴᠢᠯᠠᠨ᠎ᠠ᠃ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠰᠠᠨᠠᠯ ᠬᠤᠷᠢᠶᠠᠬᠤ ᠠᠯᠪᠠᠨ ᠵᠠᠷ ᠨᠡᠶᠢᠲᠡᠯᠡᠭᠰᠡᠨ ᠰᠠᠭᠤᠷᠢᠨ ᠳᠡᠭᠡᠷ᠎ᠡ᠂ ᠬᠤᠲᠠ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠠᠩᠬᠢᠮ ᠳᠤ ᠡᠯᠰᠡᠨ ᠴᠤᠭᠯᠠᠭᠤᠯᠬᠤ ᠠᠯᠪᠠᠨ ᠵᠠᠷ ᠢ ᠵᠡᠷᠭᠡᠪᠡᠷ ᠨᠡᠶᠢᠲᠡᠯᠡᠪᠡ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ᠃ ᠬᠠᠮ ᠵᠠᠭᠤᠴᠢᠯᠠᠭᠤᠷ᠂ ᠤᠯᠠᠭᠠᠨᠴᠠᠪ ᠤᠨ ᠡᠳᠦᠷ ᠤᠨ ᠰᠣᠨᠢᠨ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠲᠠᠢ ᠢᠳᠡᠪᠬᠢᠲᠡᠢ ᠬᠠᠷᠢᠯᠴᠠᠨ᠂ ᠡᠯᠰᠡᠨ ᠴᠤᠭᠯᠠᠭᠤᠯᠬᠤ ᠠᠯᠪᠠᠨ ᠵᠠᠷ ᠢ ᠴᠠᠭ ᠲᠤᠬᠠᠶ ᠳᠤ ᠨᠢ ᠤᠯᠠᠮᠵᠢᠯᠠᠨ ᠲᠠᠷᠬᠠᠭᠠᠵᠤ᠂ ᠤᠬᠠᠭᠤᠯᠬᠤ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠎ᠡ᠃ ᠴᠡᠭ ᠪᠠ ᠨᠡᠶᠢᠳᠡᠮ ᠢ ᠤᠶᠠᠯᠳᠤᠭᠤᠯᠤᠨ ᠤᠯᠠᠨ ᠠᠷᠭ᠎ᠠ ᠵᠠᠮ ᠢᠶᠠᠷ ᠠᠰᠠᠭᠤᠳᠠᠯ ᠢ ᠡᠯᠰᠡᠨ ᠴᠤᠭᠯᠠᠭᠤᠯᠬᠤ ᠶᠢ ᠴᠢᠬᠤᠯᠠᠴᠢᠯᠠᠨ᠎ᠠ᠃ ᠠᠵᠤ ᠠᠬᠤᠶᠢᠯᠠᠯ ᠪᠣᠯᠤᠨ ᠣᠯᠠᠨ ᠲᠦᠮᠡᠨ ᠰᠢᠤᠳᠠᠨ ᠤ ᠬᠠᠶᠢᠷᠴᠠᠭ᠂ ᠳ᠋ᠢᠶᠠᠩᠬᠤᠸᠠ᠂ ᠺᠣᠳ᠋ ᠰᠢᠷᠪᠢᠵᠦ ᠲᠠᠭᠯᠠᠨ ᠪᠢᠴᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠭᠰᠠᠨ ᠠᠰᠠᠭᠤᠳᠠᠯ ᠨᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ᠂ ᠲᠦᠭᠵᠢᠷᠡᠯ᠂ ᠪᠠᠰᠠ ᠴᠦ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠪᠠᠶᠢᠵᠤ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠯᠰᠡᠨ ᠴᠤᠭᠯᠠᠭᠤᠯᠤᠭᠰᠠᠨ ᠦᠷ᠎ᠡ ᠳ᠋ᠦᠩ ᠢᠶᠠᠨ ᠦᠨᠳᠦᠰᠦᠯᠡᠨ ᠲᠥᠷᠥᠯ ᠬᠤᠪᠢᠶᠠᠨ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠶᠢ ᠨᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠶᠢ ᠨᠢ ᠪᠤᠰᠢᠭᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ ᠣᠳᠣᠬᠠᠨ ᠪᠣᠯᠲᠠᠯ᠎ᠠ᠂ ᠨᠢᠭᠡᠨᠲᠡ ᠡᠯ᠎ᠡ ᠲᠥᠷᠥᠯ ᠤᠨ ᠮᠡᠳᠡᠭᠡ ᠵᠠᠩᠭᠢ ᠶᠢ 280 ᠭᠠᠷᠤᠶ ᠵᠤᠷᠪᠤᠰ ᠴᠤᠭᠯᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号