2018 ᠣᠨ ᠤ 6 ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 6 ᠤ ᠡᠳᠦᠷ ᠪᠣᠯᠲᠠᠯ᠎ᠠ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ | ᠣᠷᠣᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ | ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ | ᠪᠠᠶᠢᠴᠠᠭᠠᠯᠲᠠ ᠥᠷᠨᠢᠭᠦᠯᠵᠦ᠂ 2018 ᠣᠨ ᠤ 11 ᠰᠠᠷ᠎ᠠ ᠶᠢᠨ 17 ᠤ ᠡᠳᠦᠷ ᠮᠠᠨ ᠤ ᠣᠷᠣᠨ ᠳᠤ | ᠱᠠᠯᠠᠪᠳᠠᠭᠤᠯᠤᠨ ᠪᠠᠶᠢᠴᠠᠭᠠᠭᠰᠠᠠ ᠰᠠᠨᠠᠯ ᠢᠶᠠᠨ ᠬᠠᠷᠢᠭᠤ ᠲᠤᠰᠬᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠬᠡᠳᠤ | ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ᠂ ᠶᠡᠷᠤᠩᠬᠡᠢ ᠱᠦᠵᠢ ᠰᠢ ᠶᠢᠨ ᠫᠢᠩ ᠤᠨ | ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ | ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ | ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠳᠡᠬᠡᠯ︾ ᠢᠶᠠᠨ ᠪᠠᠳᠤᠳᠬᠠᠬᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠬᠦ ᠪᠤᠳᠠᠳᠤ ᠠᠵᠢᠯᠯᠠᠭ᠎ᠠ ᠪᠤᠯᠭᠠᠵᠥ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠳᠤ ᠴᠤᠭᠴᠠᠯᠠᠬᠤ᠂ ᠡᠬᠡ ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ | ᠴᠠᠭᠠᠨ ᠬᠡᠷᠡᠮ ᠢ ᠪᠠᠶᠢᠭᠤᠯᠬᠤ ᠪᠤᠳᠠᠳᠠᠢ ᠠᠷᠭ᠎ᠠ ᠬᠡᠮᠵᠢᠶ᠎ᠡ ᠪᠤᠯᠭᠠᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ | ᠬᠦᠴᠦᠳᠠᠢ ᠠᠬᠢᠭᠤᠯᠪᠠ᠃ 2019 ᠤᠨ ᠤ 12 ᠰᠠᠷ᠎ᠠ ᠶᠢᠨ ᠰᠡᠬᠦᠯᠴᠢ ᠪᠤᠯᠳᠠᠯ᠎ᠠ᠂ 116 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠬᠦᠷᠬᠡ ᠶᠢᠨ 80 ᠵᠦᠢᠯ ᠢ ᠨᠢ ᠴᠡᠭᠴᠡᠯᠡᠨ ᠰᠠᠶᠢᠵᠢᠷᠠᠭᠤᠯᠬᠤ ᠲᠦᠰᠦᠯ ᠶᠤᠰᠤ ᠪᠠᠷ ᠪᠡᠶᠡᠯᠡᠬᠦᠯᠵᠥ᠂ | ᠦᠯᠡᠳᠡᠭᠰᠡᠡ 36 ᠵᠦᠢᠯ ᠢ ᠨᠢ ᠶᠠᠭ ᠴᠠᠭ ᠤᠨ ᠲᠡᠰ ᠲᠠᠷᠠᠭᠠᠯᠠᠯ ᠢᠶᠠᠷ ᠢᠳᠡᠪᠬᠢᠳᠡᠢ ᠠᠬᠢᠭᠤᠯᠵᠥ ᠪᠠᠶᠢᠨ᠎ᠠ᠃ | ᠨᠢᠭᠡ᠂ ᠤᠯᠤᠰ ᠲᠦᠷᠦ ᠶᠢᠨ ᠵᠣᠭᠰᠣᠴᠠ ᠪᠠᠨ ᠦᠨᠳᠦᠷᠵᠢᠭᠦᠯᠤᠨ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠤᠳᠠᠳᠠᠢ ᠬᠡᠷᠡᠭᠯᠡᠪᠠ᠃ 2019 ᠣᠨ ᠳᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ 2 ᠤᠳᠠᠭ᠎ᠠ ᠪᠥᠬᠦᠳᠡ ᠬᠤᠷᠠᠯ | ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠦᠨᠡᠨ ᠪᠣᠳᠠᠲᠠᠶ | ᠬᠡᠷᠡᠭᠯᠡᠬᠦ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠵᠥ᠂ ︽ᠶᠡᠷᠦᠩᠬᠡᠶ ᠱᠦᠵᠢ ᠰᠢ ᠶᠢᠨ | ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠬᠤ ᠲᠤᠬᠠᠶ ᠲᠣᠭᠲᠠᠭᠠᠯ︾᠂ ︽ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠲᠤᠭᠳᠠᠭᠠᠨ ᠨᠠᠶᠢᠳᠠᠯᠠᠵᠥ᠂ | ᠶᠡᠷᠤᠩᠬᠡᠢ ᠱᠦᠵᠢ ᠰᠢ ᠶᠢᠨ ᠫᠢᠩ ᠤᠨ ᠲᠠᠭᠠᠭᠠᠯᠭᠠᠭᠰᠠᠠ ︽ᠦᠪᠤᠷ ᠮᠤᠩᠭᠤᠯ ᠢᠶᠠᠨ ᠮᠠᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠬᠤ︾ | ᠵᠡᠷᠬᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢ ᠪᠠᠳᠤ ᠡᠵᠡᠮᠰᠢᠵᠥ᠂ ᠬᠦᠨᠵᠡᠬᠡᠢ | ᠨᠠᠶᠢᠳᠠᠪᠤᠷᠢᠵᠢᠭᠤᠯᠪᠠ᠃ ᠪᠦᠬᠦ ᠤᠷᠤᠨ ᠤ ᠰᠢᠶᠠᠨ ᠭᠠᠵᠠᠷ ᠤᠨ ᠲᠡᠰ ᠤᠨ ᠱᠠᠳᠤᠨ ᠠᠴᠠ ᠲᠡᠭᠡᠭᠰᠢᠬᠢ ᠤᠳᠤᠷᠢᠳᠬᠤ | ᠪᠠᠭ ᠪᠤᠯᠤᠨ ᠤᠳᠤᠷᠢᠳᠬᠤ ᠺᠠᠳ᠋ᠷ ᠤᠨ ᠲᠤᠮᠳᠠ ᠬᠤᠶᠠᠷ ᠰᠠᠷ᠎ᠠ ᠶᠢᠨ ᠬᠤᠭᠤᠴᠠᠭ᠎ᠠ ᠲᠠᠢ ︽ᠦᠵᠡᠯ ᠰᠠᠨᠠᠭ᠎ᠠ ᠪᠠᠨ | ᠲᠠᠬᠢᠨ ᠴᠢᠯᠥᠬᠡᠯᠡᠵᠥ᠂ ᠰᠢᠨ᠎ᠡ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤᠳᠠᠢ ᠦᠢᠯᠡᠳᠦᠯᠬᠡᠵᠢᠬᠦᠯᠵᠥ᠂ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠦᠷᠨᠢᠬᠦᠯᠵᠥ᠂ | ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠤᠨ ᠬᠦᠬᠡᠮᠳᠦᠭ ᠨᠤᠭᠤᠭᠠᠨ | ᠠᠭᠤᠯᠠ ᠤᠰᠤ ᠪᠤᠯ ᠠᠯᠳᠠ ᠮᠥᠩᠬᠦᠨ ᠠᠭᠤᠯᠠ ᠬᠡᠬᠦ ᠤᠢᠢᠯᠠᠭᠠᠬᠳᠠᠬᠤᠨ ᠢ ᠪᠠᠳᠤ ᠪᠤᠢ ᠪᠤᠯᠭᠠᠬᠤ ᠪᠠ | ᠦᠢᠯᠡᠳᠦᠯᠬᠡᠵᠢᠬᠦᠯᠬᠦ ᠶᠢ ᠠᠬᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠠ᠂ ᠪᠤᠬᠢᠷᠳᠤᠯ ᠦᠬᠡᠢ | ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠬᠡᠢ ᠵᠠᠮᠨᠠᠪᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠪᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠪᠠᠷ | ᠳᠤᠭᠤᠶᠢᠯᠠᠩ ᠤᠨ ᠳᠠᠷᠤᠭ᠎ᠠ ᠪᠤᠯᠭᠠᠭᠰᠠᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠨᠢᠭᠡᠳᠦᠭᠡᠷ ᠳᠡᠳ᠋ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠤᠷᠢᠳ ᠬᠤᠵᠢᠳ 3 ᠤᠳᠠᠭ᠎ᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠵᠥ︾ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠪᠠ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ | ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ | ᠣᠷᠣᠨ ᠤ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠢ ᠲᠡᠷᠡ ᠳᠠᠷᠤᠶ ᠳᠤᠨᠢ | ᠬᠤᠷᠠᠯᠳᠤᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ | ︽ᠡᠷᠬᠢᠨ ᠬᠠᠷᠠᠵᠥ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ | ᠠᠳᠬᠤᠬᠤ ᠲᠤᠬᠠᠢ ᠳᠠᠬᠢᠨ ᠪᠠᠶᠢᠷᠢᠯᠠᠭᠤᠯᠵᠤ ᠳᠠᠬᠢᠨ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠷᠢᠳ ᠬᠤᠵᠢᠳ 10 ᠤᠳᠠᠭ᠎ᠠ | ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢ | ᠠᠳᠬᠤᠵᠤ᠂ ︽ᠭᠤᠷᠪᠠᠨ ᠨᠠᠭᠤᠷ︾᠂ ᠬᠤᠤᠯᠢᠨ ᠭᠤᠤᠯ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠣᠯᠠᠨ | ᠤᠳᠠᠭ᠎ᠠ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠱᠠᠯᠠᠪᠳᠠᠭᠤᠯᠤᠨ ᠵᠢᠯᠣᠭᠤᠳᠴᠤ᠂ ᠪᠠᠭ ᠤᠨ ᠪᠦᠷᠢᠯᠳᠦᠬᠦᠨ ᠨᠡᠷ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ | ᠠᠳᠬᠤᠪᠠ᠃ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠥᠪᠡᠷᠲᠡᠭᠡᠨ | ᠵᠠᠰᠠᠬᠤ ᠣᠷᠣᠨ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ︽ᠡᠷᠬᠢᠨ ᠬᠠᠷᠠᠬᠤ︾ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠤᠨ ᠲᠤᠰᠬᠠᠶ ᠱᠠᠯᠠᠪᠳᠠᠭᠤᠯᠤᠨ | ᠪᠠᠶᠢᠴᠠᠭᠠᠯᠲᠠ ᠵᠢᠴᠢ ᠲᠦᠮᠡᠭᠡᠵᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠱᠠᠯᠠᠪᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢᠶᠠᠷ ᠡᠮᠬᠢᠯᠡᠨ ᠳᠢᠭᠯᠡᠭᠰᠡᠨ 116 ᠠᠰᠠᠭᠤᠳᠠᠯ ᠳᠤ ᠬᠠᠷᠢᠭᠤᠴᠠᠯᠭᠠᠲᠤ ᠨᠢᠭᠡᠴᠢ᠂ | ᠬᠢᠨᠠᠨ ᠬᠠᠮᠢᠶᠠᠷᠬᠤ ᠨᠢᠭᠡᠴᠢ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ | ᠬᠠᠷᠠᠯᠲᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠨᠢ 12 ᠠᠶᠢᠮᠠᠭ ᠬᠤᠲᠠ ᠪᠠ 17 ᠣᠷᠣᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠨᠢᠭᠡᠴᠢ ᠶᠢ ᠬᠠᠮᠤᠷᠴᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ᠂ ᠨᠢᠭᠡ ᠶᠢ ᠬᠦᠴᠦᠨ ᠥᠬᠡᠶ ᠪᠣᠯᠭᠠᠵᠤ᠂ | ᠨᠢᠭᠡ ᠶᠢ ᠦᠷ᠎ᠡ ᠪᠦᠲᠦᠮᠵᠢ ᠲᠠᠢ ᠪᠤᠯᠭᠠᠪᠠ᠃ ᠭᠤᠷᠪᠠ ᠳᠤ᠂ ᠱᠠᠯᠠᠪᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ | ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠨᠢ ᠰᠠᠷ᠎ᠠ ᠪᠦᠷᠢ ᠨᠡᠪᠲᠡᠷᠡᠭᠦᠯᠬᠦ᠂ ᠤᠯᠠᠷᠢᠯ ᠢᠶᠠᠷ ᠲᠣᠬᠢᠷᠠᠭᠤᠯᠬᠤ᠂ ᠤᠬᠠᠭᠤᠯᠤᠨ | ᠮᠡᠳᠡᠭᠡᠯᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠰᠢᠯᠭᠠᠨ ᠬᠤᠷᠢᠶᠠᠵᠤ ᠳ᠋ᠤᠭᠠᠷ ᠢ ᠨᠢ ᠬᠦᠴᠦᠨ ᠥᠬᠡᠶ ᠪᠣᠯᠭᠠᠬᠤ | ᠵᠡᠷᠭᠡ 5 ᠵᠦᠢᠯ ᠤᠨ ᠲᠦᠷᠢᠮ ᠢ ᠪᠠᠶᠢᠭᠤᠯᠬᠤ ᠶᠢᠨ ᠬᠠᠮᠲᠤ ᠬᠡᠷᠡᠭᠵᠢᠭᠦᠯᠵᠦ᠂ ᠱᠠᠭᠠᠷᠳᠠᠯᠭ᠎ᠠ ᠶᠣᠰᠣ ᠪᠠᠷ ᠴᠡᠭᠴᠡᠯᠡᠨ | ᠰᠠᠶᠢᠵᠢᠷᠠᠭᠤᠯᠤᠭᠰᠠᠨ ᠥᠬᠡᠶ ᠭᠠᠵᠠᠷ ᠣᠷᠣᠨ ᠪᠠ ᠰᠠᠯᠠᠭ᠎ᠠ ᠮᠥᠴᠢᠷ ᠲᠤ ᠤᠷᠢᠳᠴᠢᠯᠠᠨ ᠰᠡᠷᠡᠮᠵᠢᠯᠡᠭᠦᠯᠵᠦ | ᠱᠠᠯᠠᠪᠳᠠᠭᠤᠯᠤᠨ ᠰᠢᠢᠳᠪᠦᠷᠢᠯᠡᠭᠦᠯᠪᠡ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠥᠪᠡᠷᠲᠡᠭᠡᠨ ᠵᠠᠰᠠᠬᠤ | ᠣᠷᠣᠨ ᠤ ᠣᠨ ᠤ ᠱᠠᠯᠠᠪᠳᠠᠭᠤᠯᠤᠨ ᠪᠠᠶᠢᠴᠠᠭᠠᠬᠤ ᠲᠥᠯᠥᠪᠯᠡᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ᠂ ᠵᠠᠰᠠᠭ ᠤᠨ ᠣᠷᠳᠣᠨ ᠤ ᠱᠠᠯᠠᠪᠳᠠᠭᠤᠯᠤᠨ | ᠪᠠᠶᠢᠴᠠᠭᠠᠬᠤ ᠠᠯᠪᠠᠨ ᠭᠡᠷ ᠲᠥᠯᠥᠪᠯᠡᠭᠡ ᠶᠣᠰᠣ ᠪᠠᠷ ᠲᠤᠰᠬᠠᠶ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠪᠡ᠃ | ︽ᠨᠢᠭᠡ ᠲᠠᠪᠴᠠᠩ ᠨᠢᠭᠡ ᠰᠤᠨᠢᠨ ᠨᠢᠭᠡ ᠰᠦᠯᠵᠢᠶ᠎ᠡ︾ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ | ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠵᠠᠷᠯᠠᠨ ᠮᠡᠳᠡᠭᠳᠡᠪᠠ᠃ ᠳᠥᠷᠪᠡ ᠳᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠪᠠ᠃ | 2018 ᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠬᠤᠭᠤᠴᠠᠭᠠᠨ ᠳᠤ᠂ ᠪᠥᠬᠦ ᠣᠷᠣᠨ ᠳᠤ ᠨᠡᠶᠢᠲᠡ 691 ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠪᠡ︔ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 99 ᠬᠡᠷᠡᠭ ᠢ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠶᠢᠴᠠᠭᠠᠵᠤ᠂ 22 | ᠬᠥᠮᠦᠨ ᠢ ᠲᠦᠷ ᠬᠤᠷᠢᠪᠠ︔ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | 336 ᠬᠡᠷᠡᠭ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ 3791 ᠲᠦᠮᠡᠨ ᠲᠥᠭᠦᠷᠢᠭ ᠤᠨ | ᠵᠣᠭᠤᠰ ᠢᠶᠠᠷ ᠲᠣᠷᠭᠠᠵᠠᠶ᠃ ᠥᠪᠡᠷᠲᠡᠭᠡᠨ ᠵᠠᠰᠠᠬᠤ ᠣᠷᠣᠨ 2018 ᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠰᠢᠯᠵᠢᠭᠦᠯᠦᠨ | ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠦᠨᠳᠦᠰᠦᠯᠡᠨ᠂ 115 ᠬᠠᠷᠢᠭᠤᠴᠠᠯᠭᠠᠲᠠᠨ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠨᠡᠶᠢᠭᠡᠮ ᠳᠤ 4 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠨᠡᠶᠢᠲᠡᠯᠡᠪᠡ᠃ | ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ | ᠲᠣᠭᠤᠷᠢᠨ ᠤ ᠲᠤᠪᠤᠶᠢᠮ᠎ᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠨᠢᠭᠡ ᠳᠤ᠂ ᠬᠦᠯᠤᠨ ᠨᠠᠭᠤᠷ | ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠶᠡᠷᠦᠩᠬᠡᠶ | ᠱᠦᠵᠢ ᠰᠢ ᠶᠢᠨ ᠫᠢᠩ ᠤᠨ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠶᠢᠨ ᠲᠤᠬᠠᠶ | ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠠᠮᠢ ᠠᠬᠤᠶ ᠣᠷᠴᠢᠨ | ᠲᠣᠭᠤᠷᠢᠨ ᠤ ᠵᠠᠰᠠᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠬᠦᠯᠬᠦ ᠲᠥᠰᠦᠯ︾ ᠢ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ | ᠭᠤᠤᠯ ᠬᠠᠷᠢᠭᠤᠴᠠᠯᠭ᠎ᠠ ᠡᠭᠦᠷᠭᠡᠯᠡᠵᠦ᠂ ᠮᠤᠵᠢ ᠶᠢᠨ ᠱᠠᠲᠤᠨ ᠤ 3 ᠤᠳᠤᠷᠢᠳᠬᠤ ᠨᠥᠬᠦᠳ ᠲᠣᠰ ᠲᠣᠰ ᠬᠦᠯᠤᠨ | ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠪᠠᠶᠢᠭᠠᠯᠢ ᠶᠢᠨ ᠵᠢᠮ᠎ᠡ | ᠶᠣᠰᠣ ᠶᠢ ᠬᠦᠨᠳᠦᠳᠬᠡᠵᠦ᠂ ᠤᠯᠤᠰ ᠤᠨ ᠲᠠᠰ ᠤᠨ ᠲᠤᠰᠬᠠᠶ ᠪᠠᠶᠢᠭᠤᠯᠤᠮᠵᠢ ᠶᠢ ᠤᠷᠢᠵᠤ ᠬᠦᠯᠤᠨ ᠨᠠᠭᠤᠷ | ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠤᠰᠤᠨ ᠤ ᠴᠢᠨᠠᠷ ᠤᠰᠤᠨ ᠤ ᠬᠡᠮᠵᠢᠶ᠎ᠡ ᠶᠢᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠨᠤᠲᠠᠯᠠᠭᠤᠯᠵᠤ᠂ 2019 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠳᠤ ᠵᠠᠰᠠᠪᠤᠷᠢ ᠣᠷᠣᠭᠤᠯᠤᠨ | ᠨᠠᠶᠢᠷᠠᠭᠤᠯᠬᠤ ᠲᠥᠯᠥᠪᠵᠢᠭᠦᠯᠭᠡ ᠶᠢ ᠵᠥᠪᠰᠢᠶᠡᠷᠡᠪᠡ᠃ 2019 ᠣᠨ ᠤ 12 ᠰᠠᠷ᠎ᠠ ᠪᠣᠯᠲᠠᠯ᠎ᠠ᠂ ᠬᠥᠯᠥᠨ | ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 13 ᠲᠥᠷᠥᠯ | ᠵᠦᠢᠯ ᠢ ᠪᠦᠬᠦᠨ ᠢ ᠪᠠᠷᠢᠯᠭ᠎ᠠ ᠡᠬᠢᠯᠡᠭᠦᠯᠵᠦ᠂ ᠡᠭᠦᠨ ᠳᠤ 7 ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ 10. | 45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠥᠯᠥᠨ ᠨᠠᠭᠤᠷ ᠤᠨ ᠤᠰᠤᠨ ᠤ | ᠣᠷᠣᠨ ᠤ ᠲᠠᠯᠠᠪᠠᠶ ᠶᠢ 2030 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠭᠤᠤᠯ ᠪᠣᠯᠬᠤ | ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠶᠡᠷᠦᠩᠬᠡᠶ ᠳᠡᠭᠡᠨ ᠰᠠᠶᠢᠵᠢᠷᠠᠬᠤ ᠬᠠᠨᠳᠤᠰᠢ ᠲᠠᠢ ᠪᠣᠯᠭᠠᠪᠠ︔ | ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ︵ᠵᠠᠰᠠᠨ ᠨᠠᠶᠢᠷᠠᠭᠤᠯᠬᠤ︶ 34 ᠲᠦᠷᠦᠯ ᠵᠦᠢᠯ | ᠪᠠᠶᠢᠵᠤ᠂ 11 ᠲᠦᠷᠦᠯ ᠵᠦᠢᠯ ᠢ ᠨᠢ ᠦᠨᠳᠦᠰᠦᠨ ᠳᠡᠭᠡᠨ ᠳᠠᠭᠤᠰᠬᠠᠵᠤ᠂ 22 ᠢ ᠨᠢ ᠪᠠᠶᠢᠭᠤᠯᠵᠤ ᠪᠤᠢ᠂ 16.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ 293 | ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠨᠠᠭᠤᠷ ᠤᠨ ᠣᠷᠣᠨ ᠤ ᠪᠦᠬᠦᠯᠢ ᠴᠣᠭᠴᠠ ᠶᠢᠨ ᠤᠰᠤᠨ ᠤ | ᠴᠢᠨᠠᠷ ᠶᠡᠷᠦᠩᠬᠡᠢ ᠳᠡᠭᠡᠨ V ᠲᠦᠷᠦᠯ ᠤᠨ ᠤᠰᠤᠨ ᠤ ᠴᠢᠨᠠᠷ ᠲᠤ ᠬᠦᠷᠪᠡ︔ ᠲᠠᠭ᠎ᠠ ᠶᠢᠨ ᠨᠠᠭᠤᠷ ᠤᠨ ᠠᠮᠢ | ᠠᠬᠤᠢ ᠶᠢᠨ ᠵᠠᠰᠠᠯᠲᠠ ᠳᠤ 21 ᠲᠦᠷᠦᠯ ᠵᠦᠢᠯ ᠢ ᠬᠡᠷᠡᠭᠵᠢᠭᠦᠯᠵᠦ᠂ 10 ᠲᠦᠷᠦᠯ ᠵᠦᠢᠯ ᠢ ᠨᠢᠭᠡᠨᠲᠡ ᠪᠠᠶᠢᠭᠤᠯᠵᠤ | ᠳᠠᠭᠤᠰᠬᠠᠭᠠᠳ᠂ 11 ᠪᠠᠶᠢᠭᠤᠯᠵᠤ ᠪᠠᠶᠢᠭ᠎ᠠ ᠨᠢ 10.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ ᠦᠨᠳᠦᠰᠦᠨ ᠳᠡᠭᠡᠨ 50 ᠲᠡᠭᠰᠢ ᠳᠥᠷᠪᠡᠯᠵᠢᠨ ᠺᠢᠯᠣᠮᠧᠲᠷ | ᠣᠷᠴᠢᠮ ᠳᠤ ᠲᠣᠭᠲᠠᠪᠤᠷᠢᠵᠢᠭᠤᠯᠵᠤ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ | ᠲᠣᠭᠤᠷᠢᠨ ᠠᠯᠬᠤᠮ ᠠᠯᠬᠤᠮ ᠢᠶᠠᠷ ᠰᠠᠶᠢᠵᠢᠷᠠᠵᠤ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ ᠬᠤᠴᠢᠯᠭ᠎ᠠ ᠶᠢᠨ | ᠪᠦᠷᠬᠦᠴᠡ ᠪᠣᠯᠤᠨ ᠰᠢᠪᠠᠭᠤᠨ ᠤ ᠲᠦᠷᠦᠯ ᠵᠦᠢᠯ ᠨᠡᠮᠡᠭᠳᠡᠪᠡ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠢᠳᠡᠪᠬᠢᠲᠡᠶ ᠠᠬᠢᠴᠠ ᠲᠠᠢ ᠪᠣᠯᠪᠠ᠃ ᠬᠥᠬᠡ ᠣᠭᠲᠠᠷᠭᠤᠶ ᠶᠢ ᠬᠠᠮᠠᠭᠠᠯᠠᠬᠤ | ᠳᠠᠶᠢᠯᠠᠯᠳᠤᠭᠠᠨ ᠤ ᠲᠠᠯ᠎ᠠ ᠪᠠᠷ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠠᠵᠢᠯ ᠲᠥᠷᠥᠯ᠂ | ᠭᠤᠤᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠪᠥᠬᠦ | ᠣᠷᠣᠨ ᠤ ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠱᠦᠢᠨᠢ᠂ ᠰᠢᠯ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠱᠡᠤ ᠦᠭᠡᠶᠢᠳᠡᠭᠦᠯᠦᠨ ᠲᠣᠭᠤᠰᠣ ᠠᠷᠢᠯᠭᠠᠬᠤ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠪᠡ᠃ 2019 ᠣᠨ ᠳᠤ᠂ ᠪᠥᠬᠦ ᠣᠷᠣᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠥᠷᠬᠦ | ᠳᠤᠮᠳᠠᠴᠢ ᠡᠳᠦᠷ ᠤᠨ ᠲᠣᠭᠠᠨ ᠤ ᠬᠠᠷᠢᠴᠠᠯ ᠨᠢ 89.6% ᠪᠤᠯᠵᠤ᠂ 2015 ᠣᠨ ᠤ ᠬᠢ ᠠᠴᠠ ᠵᠠᠭᠤᠨ ᠤ | ᠬᠠᠷᠢᠴᠠᠯ ᠢᠶᠠᠷ 3.3 ᠳᠡᠭᠡᠭᠰᠢᠯᠡᠪᠡ᠃ ᠬᠦᠭᠡᠮᠳᠦᠭ ᠤᠰᠤ ᠶᠢ ᠬᠠᠮᠠᠭᠠᠯᠠᠬᠤ ᠲᠡᠶᠢᠯᠠᠯᠳᠤᠭᠠᠨ ᠤ ᠲᠠᠯ᠎ᠠ ᠪᠠᠷ᠂ ᠬᠠᠲᠤᠨ | ᠭᠤᠤᠯ᠂ ᠯᠢᠶᠣᠤᠾᠧ ᠭᠤᠤᠯ᠂ ᠰᠤᠩᠭᠠᠷᠢ ᠮᠥᠷᠡᠨ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠠᠵᠢᠯ ᠢ ᠠᠬᠢᠭᠤᠯᠵᠤ᠂ ᠪᠥᠬᠦ ᠣᠷᠣᠨ ᠤ 52 ᠭᠠᠵᠠᠷ ᠳᠡᠭᠡᠷᠡᠬᠢ ᠤᠰᠤ ᠶᠢ ᠰᠢᠯᠭᠠᠨ ᠪᠠᠶᠢᠴᠠᠭᠠᠬᠤ | ᠣᠭᠲᠣᠯᠤᠭᠠᠰᠤ ᠶᠢᠨ ᠰᠢᠯᠢᠳᠡᠭ ᠤᠰᠤᠨ ᠤ ᠬᠠᠷᠢᠴᠠᠯ 63.5% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠤᠪᠢ ᠪᠠᠷ 9.7 ᠳᠡᠭᠡᠭᠰᠢᠯᠡᠪᠡ︔ ᠴᠢᠨᠠᠷ ᠮᠠᠭᠤ V ᠲᠥᠷᠥᠯ ᠤᠨ ᠤᠰᠤᠨ | ᠴᠣᠭᠴᠠ ᠶᠢᠨ ᠣᠭᠲᠣᠯᠤᠭᠠᠰᠤ ᠶᠢᠨ ᠬᠠᠷᠢᠴᠠᠯ ᠨᠢ 5.8% ᠪᠠᠶᠢᠵᠤ᠂ 2018 ᠣᠨ ᠤ ᠠᠳᠠᠯᠢ | ᠬᠤᠭᠤᠴᠠᠭᠠᠨ ᠤ ᠬᠢ ᠲᠠᠢ ᠲᠡᠩᠴᠡᠪᠠ︔ 13 ᠭᠠᠵᠠᠷ ᠤᠨ᠂ 23.5 ᠺᠢᠯᠣᠮᠧᠲᠷ ᠬᠤᠲᠠ ᠶᠢᠨ ᠪᠣᠬᠢᠷ ᠦᠮᠡᠬᠡᠶ | ᠤᠰᠤᠨ ᠴᠣᠭᠴᠠ ᠶᠢ ᠠᠩᠬ᠎ᠠ ᠠᠯᠬᠤᠮ ᠵᠠᠰᠠᠬᠤ ᠡᠭᠦᠷᠭᠡ ᠶᠢ ᠪᠡᠶᠡᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠲᠠᠯ᠎ᠠ ᠪᠠᠷ᠂ ᠪᠦᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ | ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠵᠤ᠂ ᠶᠡᠷᠦᠩᠬᠡᠶ ᠳᠡᠭᠡᠨ ᠣᠷᠴᠢᠨ ᠲᠣᠭᠤᠷᠢᠨ ᠤ ᠶᠠᠰᠤ ᠴᠢᠨᠠᠷ ᠰᠢᠯᠢᠳᠡᠭ | ᠰᠠᠶᠢᠨ ᠪᠠᠶᠢᠨ᠎ᠠ᠃ ᠪᠦᠬᠦ ᠰᠢᠰᠲ᠋ᠧᠮ ᠤᠨ ᠬᠦᠨᠳᠦ ᠲᠡᠮᠦᠷᠯᠢᠭ ᠲᠤ ᠬᠤᠯᠪᠣᠭᠳᠠᠭᠰᠠᠨ ᠭᠤᠤᠯᠳᠠᠯᠭ᠎ᠠ ᠲᠠᠢ ᠠᠵᠢᠯ | ᠲᠦᠷᠦᠯ ᠤᠨ ᠠᠵᠤ ᠠᠬᠤᠶᠢᠯᠠᠯ ᠤᠨ ᠲᠣᠳᠣᠷᠬᠠᠶ ᠬᠠᠭᠤᠳᠠᠰᠤ ᠶᠢ ᠪᠠᠶᠢᠭᠤᠯᠵᠤ᠂ 228 ᠠᠵᠤ ᠠᠬᠤᠶᠢᠯᠠᠯ ᠳᠤ | ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠ ᠳᠤ᠂ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠤᠷᠤᠭᠰᠢᠲᠠᠶ ᠶᠠᠪᠤᠭᠳᠠᠵᠤ ᠪᠠᠶᠢᠨ᠎ᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ ᠳᠥᠷᠪᠡᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ | ᠲᠣᠭᠲᠠᠭᠠᠵᠤ᠂ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠶ ᠶᠢ ᠭᠠᠳᠠᠭᠰᠢ | ᠭᠠᠷᠭᠠᠬᠤ᠂ ᠠᠭᠤᠷᠬᠠᠶ ᠶᠢ ᠴᠡᠭᠴᠡᠯᠡᠨ ᠵᠠᠰᠠᠬᠤ ᠵᠢᠴᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠬᠦ ᠠᠰᠠᠭᠤᠳᠠᠯ᠂ ᠪᠥᠬᠦ ᠣᠷᠣᠨ ᠤ ᠬᠤᠲᠠ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠪᠠᠷᠢᠮᠵᠢᠶ᠎ᠠ ᠳᠤ ᠬᠥᠷᠬᠦ | ᠥᠬᠡᠶ᠂ ᠳᠤᠮᠳᠠᠴᠢ ᠴᠢᠨᠠᠷ ᠲᠠᠢ ᠤᠰᠤ ᠶᠢ ᠡᠭᠡᠭᠦᠯᠦᠨ ᠬᠡᠷᠡᠭᠯᠡᠬᠦ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠠᠰᠠᠭᠤᠳᠠᠯ ᠵᠡᠷᠭᠡ ᠠᠰᠠᠭᠤᠳᠠᠯ ᠣᠷᠣᠰᠢᠵᠤ᠂ ᠪᠥᠬᠦ ᠣᠷᠣᠨ ᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ᠂ ᠭᠠᠵᠠᠷ ᠳᠣᠤᠷᠠᠬᠢ ᠤᠰᠤ ᠶᠢ ᠬᠡᠲᠦᠷᠠᠳᠠᠯᠡ ᠬᠡᠷᠡᠭᠯᠡᠭᠰᠡᠨ᠂ ᠬᠠᠷ᠎ᠠ ᠦᠮᠡᠬᠡᠶ ᠤᠰᠤᠨ ᠴᠣᠭᠴᠠ ᠶᠢ | ᠵᠠᠰᠠᠬᠤ ᠠᠰᠠᠭᠤᠳᠠᠯ ᠳᠤ᠂ ᠬᠥᠬᠡᠬᠤᠲᠠ᠂ ᠪᠤᠭᠤᠲᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠳᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠣᠯᠠᠨ | ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠪᠡ᠃ | ᠳᠥᠷᠪᠡ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ | ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠪᠠ᠃ ᠨᠢᠭᠡ ᠳᠤ ︽ᠭᠤᠷᠪᠠᠨ | ᠣᠷᠣᠨ ᠭᠤᠷᠪᠠᠨ ᠱᠤᠭᠤᠮ︾ ᠤᠨ ᠴᠢᠩᠭ᠎ᠠ ᠬᠢᠵᠠᠭᠠᠷᠯᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠤᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠨ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠦᠨᠡᠯᠡᠨ ᠵᠢᠱᠢᠵᠦ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠥᠷᠨᠢᠭᠦᠯᠬᠦ ᠶᠢ ᠲᠦᠯᠬᠢᠨ ᠠᠬᠢᠭᠤᠯᠪᠠ᠃ | ᠬᠤᠶᠠᠷ ᠲᠤ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠪᠠ᠃ | ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠪᠦᠬᠦ ᠣᠷᠣᠨ ᠳᠤ 4.04 ᠳ᠋ᠦᠩᠰᠢᠭᠤᠷ ᠮᠦ ᠭᠠᠵᠠᠷ ᠲᠤ ᠪᠡᠯᠴᠢᠭᠡᠷᠯᠡᠭᠦᠯᠬᠦ ᠶᠢ | ᠵᠤᠭᠰᠤᠭᠠᠵᠤ᠂ 6.16 ᠳ᠋ᠦᠩᠰᠢᠭᠤᠷ ᠮᠦ ᠭᠠᠵᠠᠷ ᠲᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ | ᠬᠡᠷᠡᠭᠵᠢᠭᠦᠯᠪᠠ᠃ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 413.7 | ᠲᠦᠮᠡᠨ ᠮᠦ ᠭᠠᠵᠠᠷ ᠲᠤ ᠲᠠᠷᠢᠶᠠᠯᠠᠬᠤ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠨ ᠡᠪᠡᠰᠦ ᠪᠡᠯᠴᠢᠭᠡᠷ ᠢ | ᠰᠡᠷᠭᠦᠭᠡᠵᠤ᠂ 3210.7 ᠲᠦᠮᠡᠨ ᠮᠦ ᠭᠠᠵᠠᠷ ᠲᠤ ᠡᠪᠡᠰᠦ ᠲᠠᠷᠢᠪᠠ᠃ ᠠᠭᠤᠷᠬᠠᠶ ᠮᠠᠯᠲᠠᠭᠠᠳ ᠨᠤᠲᠤᠭ | ᠪᠡᠯᠴᠢᠭᠡᠷ ᠢ ᠡᠪᠳᠡᠭᠰᠡᠨ᠂ ᠵᠢᠭᠤᠯᠴᠢᠯᠠᠯ ᠢ ᠡᠮᠬᠢ ᠵᠢᠷᠤᠮ ᠥᠬᠡᠶ ᠨᠡᠭᠡᠭᠡᠨ ᠬᠥᠭᠵᠢᠭᠦᠯᠵᠦ ᠨᠤᠲᠤᠭ ᠪᠡᠯᠴᠢᠭᠡᠷ ᠢ | ᠡᠵᠡᠯᠡᠭᠰᠡᠨ ᠵᠢᠴᠢ ᠬᠡᠲᠦ ᠪᠡᠯᠴᠢᠭᠡᠷᠯᠡᠭᠦᠯᠬᠦ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠦᠯᠡᠳᠡᠬᠡᠯ ᠦᠬᠡᠢ ᠪᠠᠶᠢᠴᠠᠭᠠᠨ | ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠲᠤᠰᠬᠠᠶ ᠱᠠᠯᠠᠪᠳᠠᠭᠤᠯᠤᠨ ᠪᠠᠶᠢᠴᠠᠭᠠᠵᠤ | ᠲᠣᠭᠲᠠᠭᠠᠭᠰᠠᠨ 19 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 7 ᠵᠦᠢᠯ ᠢ ᠨᠢ ᠨᠢᠭᠡᠨᠲᠡ ᠪᠡᠶᠡᠯᠡᠭᠦᠯᠵᠦ᠂ | ᠪᠤᠰᠤᠳ 12 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠭᠤᠷᠪᠠ ᠳᠤ ᠠᠮᠢ ᠠᠬᠤᠶ ᠶᠢ | ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠠ᠃ ᠪᠠᠶᠢᠭᠠᠯᠢ ᠶᠢᠨ ᠣᠶ ᠶᠢᠨ ᠡᠬᠢ | ᠪᠠᠶᠠᠯᠢᠭ ᠢ ᠬᠠᠮᠠᠭᠠᠯᠠᠬᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ ᠲᠠᠷᠢᠶᠠᠯᠠᠬᠤ ᠶᠢ | ᠵᠣᠭᠰᠣᠭᠠᠵᠤ ᠮᠤᠳᠤ ᠲᠠᠷᠢᠵᠤ ᠡᠪᠡᠰᠤ ᠲᠠᠷᠢᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ | ᠵᠢᠴᠢ ᠬᠤᠯᠠᠨ ᠰᠢᠷᠭ᠎ᠠ ᠳᠠᠭ᠎ᠠ᠂ ᠦᠵᠦᠮᠦᠴᠢᠨ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠡᠷᠭᠡ ᠴᠢᠬᠤᠯᠠ | ᠶᠡᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ | ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠦᠷᠭᠦᠯᠵᠢᠯᠡᠨ ︽ᠬᠤᠤᠰ ᠪᠠᠭᠠᠰᠤᠭᠰᠠᠨ︾ | ᠠᠮᠵᠢᠯᠲᠠ ᠪᠦᠲᠦᠮᠵᠢ ᠶᠢ ᠤᠯᠵᠤ᠂ ᠣᠶ ᠰᠢᠭᠤᠶ ᠶᠢᠨ ᠲᠠᠯᠠᠪᠠᠶ ᠪᠠ ᠤᠷᠭᠤᠭ᠎ᠠ ᠮᠣᠳᠣᠨ ᠤ ᠬᠠᠳᠠᠭᠠᠯᠠᠭᠳᠠᠴᠠ | ᠦᠷᠭᠦᠯᠵᠢᠯᠡᠨ ︽ᠬᠤᠤᠰ ᠨᠡᠮᠡᠭᠳᠡᠭᠰᠡᠨ︾ ᠪᠠᠶᠢᠨ᠎ᠠ᠃ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ | ᠬᠠᠮᠠᠭᠠᠯᠠᠬᠤ ᠶᠢ ᠴᠢᠩᠭᠠᠳᠬᠠᠵᠤ᠂ ᠪᠥᠬᠦ ᠣᠷᠣᠨ ᠳᠤ 53 ᠤᠯᠤᠰ ᠤᠨ ᠨᠤᠭᠤ ᠭᠠᠵᠠᠷ ᠤᠨ ᠴᠡᠴᠡᠷᠯᠢᠭ ᠪᠠᠶᠢᠭᠤᠯᠵᠤ᠂ | 19.32 ᠲᠦᠮᠡᠨ ᠾᠧᠺᠲ᠋ᠠᠷ ᠨᠤᠭᠤ ᠭᠠᠵᠠᠷ ᠢ ᠬᠠᠮᠠᠭᠠᠯᠠᠪᠠ᠃ ᠲᠦᠷᠪᠡ ᠳᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠪᠥᠬᠦ ᠣᠷᠣᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠴᠠᠭᠠᠨ ᠦᠨᠡᠯᠡᠬᠦ ᠪᠠ ᠵᠠᠭᠠᠭ ᠲᠤᠭᠲᠠᠭᠠᠵᠤ | ᠪᠠᠷᠢᠮᠵᠢᠶ᠎ᠠ ᠲᠣᠭᠲᠠᠭᠠᠬᠤ ᠠᠵᠢᠯ ᠢ ᠥᠷᠨᠢᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ | ᠵᠢᠴᠢ ᠴᠢᠳᠠᠮᠵᠢᠲᠤ ᠣᠷᠣᠨ ᠤ ᠲᠣᠬᠢᠷᠠᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠨᠠᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠳᠣᠲᠣᠷᠠᠬᠢ 663 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 633 | ᠠᠵᠤ ᠠᠬᠤᠶᠢᠯᠠᠯ ᠨᠢ ᠤᠬᠤᠷᠢᠨ ᠭᠠᠷᠴᠤ᠂ ᠤᠬᠤᠷᠢᠨ ᠭᠠᠷᠤᠭᠰᠠᠨ ᠨᠤᠷᠮ᠎ᠠ ᠨᠢ 95.5% ᠳᠤ ᠬᠦᠷᠴᠤ᠂ ᠪᠤᠰᠤᠳ | 30 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠬᠠᠭᠠᠵᠤ ᠵᠣᠭᠰᠣᠭᠠᠪᠠ᠃ ᠲᠦᠮᠡᠭᠡᠵᠢ | ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ 16 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 15 | ᠵᠦᠢᠯ ᠢ ᠨᠢ ᠪᠡᠶᠡᠯᠡᠭᠦᠯᠵᠦ᠂ ᠪᠤᠰᠤᠳ 1 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ | ᠲᠠᠪᠤ᠂ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠪᠠ᠃ | ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ | ᠤᠷᠲᠤᠮᠵᠢ ᠶᠢᠨ ᠴᠢᠨᠠᠷᠲᠠᠢ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠦᠷᠢᠮ ᠳᠤ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ | ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ | ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾᠂ ︽ᠠᠮᠢ ᠠᠬᠤᠶ ᠣᠷᠴᠢᠨ ᠲᠣᠭᠤᠷᠢᠨ ᠤ ᠬᠤᠬᠢᠷᠠᠯ ᠢ ᠳᠥᠯᠥᠬᠦ | ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2018 — 2020 ᠣᠨ︶ | ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ | ᠲᠦᠷᠢᠮ ᠤᠨ ᠬᠡᠷᠡᠭᠵᠢᠭᠦᠯᠬᠦ ᠲᠥᠰᠦᠯ︾᠂ ︽ᠭᠠᠵᠠᠷ ᠳᠣᠤᠷᠠᠬᠢ ᠤᠰᠤᠨ ᠤ ᠠᠮᠢ ᠠᠬᠤᠶ ᠶᠢᠨ ᠬᠠᠮᠠᠭᠠᠯᠠᠯᠲᠠ ᠪᠠ | ᠵᠠᠰᠠᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢᠲᠡᠶ ᠪᠠᠶᠢᠯᠭᠠᠬᠤ ᠵᠢᠯᠣᠭᠤᠳᠬᠤ ᠰᠠᠨᠠᠯ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠬᠦᠬᠡᠬᠦ ᠲᠦᠯᠤᠪᠵᠢᠬᠦᠯᠬᠡ︾ | ᠶᠢ ᠲᠤᠭᠳᠠᠭᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠲᠦᠷᠢᠮ︾ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾ | ᠵᠡᠷᠭᠡ 9 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ | ᠢ ᠲᠣᠭᠲᠠᠭᠠᠵᠤ ᠪᠣᠶ᠃ | ᠴᠢᠷᠮᠠᠶᠢᠯᠭ᠎ᠠ ᠪᠠᠷ ᠳᠡᠮᠵᠢᠨ᠂ ᠮᠠᠨ ᠤ ᠣᠷᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ | ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢᠳᠡᠪᠬᠢᠲᠡᠶ ᠠᠬᠢᠴᠠ ᠲᠠᠢ ᠪᠣᠯᠪᠠ᠃ ᠭᠡᠪᠡᠴᠦ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠪᠤᠭᠤᠲᠤ᠂ | ᠬᠥᠬᠡᠬᠤᠲᠠ ᠵᠡᠷᠭᠡ ᠬᠤᠲᠠ ᠶᠢᠨ ᠠᠭᠠᠷ ᠤᠨ ᠶᠠᠰᠤ ᠴᠢᠨᠠᠷ ᠢᠯᠡᠳᠲᠡ ᠰᠠᠶᠢᠵᠢᠷᠠᠭᠰᠠᠨ ᠥᠬᠡᠶ ᠪᠠᠶᠢᠵᠤ᠂ ᠨᠢᠭᠡ | ᠦᠶ᠎ᠡ ᠪᠥᠬᠦ ᠤᠯᠤᠰ ᠤᠨ ᠬᠤᠶᠢᠭᠤᠷ ᠣᠷᠣᠪᠠ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠬᠯᠠᠬᠤ ᠲᠠᠯ᠎ᠠ ᠪᠠᠷ ᠪᠦᠳᠦᠭᠦᠯᠢᠭ ᠪᠠᠶᠢᠵᠤ᠂ ᠴᠥᠭᠡᠨ ᠲᠣᠭᠠᠨ ᠤ ᠠᠭᠤᠷᠬᠠᠢ ᠶᠢᠨ ᠭᠠᠵᠠᠷ ᠵᠦ᠋ᠢ ᠶᠢᠨ ᠣᠷᠴᠢᠨ | ᠲᠣᠭᠤᠷᠢᠨ ᠢ ᠵᠠᠰᠠᠬᠤ ᠠᠬᠢᠴᠠ ᠤᠳᠠᠭᠠᠨ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠬᠠᠨᠳᠤᠰᠢ ᠶᠢ | ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠵᠠᠷᠢᠮ ᠰᠠᠪᠠ ᠭᠠᠵᠠᠷ ᠤᠨ ᠣᠭᠲᠣᠯᠤᠭᠠᠰᠤ ᠨᠢ | ᠤᠯᠤᠰ ᠤᠨ ᠤᠰᠤᠨ ᠤ ᠴᠢᠨᠠᠷ ᠢ ᠬᠢᠨᠠᠨ ᠰᠢᠯᠭᠠᠬᠤ ᠬᠠᠷᠠᠯᠲᠠ ᠶᠢᠨ ᠱᠠᠭᠠᠷᠳᠠᠯᠭ᠎ᠠ ᠳᠤ ᠬᠠᠷᠠᠬᠠᠨ ᠬᠦᠷᠦᠭᠡ ᠦᠭᠡᠢ᠂ | ᠮᠥᠨ ᠯᠡ ᠲᠠᠪᠤᠨ ᠲᠦᠷᠦᠯ ᠤᠨ ᠴᠢᠨᠠᠷ ᠮᠠᠭᠤ ᠤᠰᠤᠨ ᠳᠤ ᠬᠠᠷᠢᠶᠠᠯᠠᠬᠳᠠᠵᠤ ᠪᠠᠶᠢᠨ᠎ᠠ︔ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠶᠡᠭᠡ᠂ ᠶᠡᠷᠦᠩᠬᠡᠶᠢᠯᠡᠨ ᠠᠰᠢᠬᠯᠠᠬᠤ ᠨᠤᠷᠮ᠎ᠠ ᠳᠣᠤᠷ᠎ᠠ ᠪᠠᠶᠢᠨ᠎ᠠ︔ ᠵᠠᠷᠢᠮ | ᠭᠠᠵᠠᠷ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠢ ᠪᠦᠬᠦᠨ ᠢ ᠭᠠᠷᠭᠠᠭᠰᠠᠨ ᠦᠭᠡᠢ᠂ ᠬᠡᠰᠡᠭ ᠠᠵᠤ ᠠᠬᠤᠶᠢᠯᠠᠯ ᠤᠨ ᠠᠮᠢ ᠠᠬᠤᠶ ᠶᠢ ᠰᠡᠷᠭᠦᠭᠡᠨ | ᠵᠠᠰᠠᠭᠰᠠᠨ ᠨᠢ ᠬᠦᠷᠦᠯᠴᠡᠬᠦ ᠦᠭᠡᠢ ᠪᠠᠶᠢᠨ᠎ᠠ︔ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠲᠥᠷᠥᠯ ᠵᠦᠢᠯ ᠢ ᠴᠡᠪᠡᠷᠯᠠᠵᠤ ᠴᠡᠭᠴᠡᠯᠡᠨ ᠵᠠᠰᠠᠭᠰᠠᠨ ᠨᠢ ᠲᠦᠢᠯᠪᠤᠷᠢᠲᠠᠶ ᠪᠤᠰᠤ ᠵᠡᠷᠭᠡ ᠪᠣᠯᠤᠨ᠎ᠠ᠃ | ᠡᠳᠡᠭᠡᠷ ᠠᠰᠠᠭᠤᠳᠠᠯ ᠳᠤ ᠦᠷᠭᠦᠯᠵᠢᠯᠡᠨ ᠬᠦᠴᠦᠯᠡᠵᠦ᠂ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ | ᠠᠬᠤᠢ ᠣᠷᠴᠢᠨ ᠲᠣᠭᠤᠷᠢᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ | ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ |