4 ᠳ᠋ᠦ᠋ᠭᠡᠷ ᠰᠠᠷ᠎ᠠ ᠶᠢᠨ 10 ᠤ ᠡᠳᠦᠷ᠂ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠨᠢ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠲᠠᠢ ᠶᠠᠷᠢᠯᠴᠠᠬᠤ ᠬᠤᠷᠠᠯ ᠬᠢᠪᠠ᠃ | ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶᠠᠨ ᠤ ᠠᠵᠢᠯᠯᠠᠬᠤ ᠳᠤᠭᠤᠶᠢᠯᠠᠩ ᠤᠨ ᠡᠮᠦᠨ᠎ᠡ | ᠬᠤᠭᠤᠴᠠᠭᠠᠨ ᠤ ᠲᠤᠬᠠᠶ ᠶᠢᠨ ᠭᠠᠵᠠᠷ ᠲᠤ ᠬᠦᠷᠴᠦ ᠠᠵᠢᠯ ᠵᠢᠯᠣᠭᠤᠳᠤᠭᠰᠠᠨ ᠰᠠᠭᠤᠷᠢᠨ ᠳᠡᠭᠡᠷ᠎ᠡ᠂ ᠲᠩᠷᠢ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠠᠴᠠ ᠣᠳᠣᠬᠠᠨ ᠤ ᠪᠠᠶᠢᠳᠠᠯ ᠢ ᠲᠠᠨᠢᠯᠴᠠᠭᠤᠯᠤᠭᠰᠠᠨ ᠵᠢᠴᠢ | ᠵᠣᠬᠢᠴᠠᠭᠤᠯᠤᠨ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠢ ᠶᠠᠷᠢᠯᠴᠠᠵᠠᠶ᠃ ᠠᠶᠢᠮᠠᠭ᠂ ᠲᠣᠭᠤᠷᠢᠭ ᠬᠤᠶᠠᠷ ᠱᠠᠲᠤᠨ | ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠤᠳᠤᠷᠢᠳᠬᠤ ᠪᠠᠭ᠂ ᠡᠯ᠎ᠡ ᠲᠤᠬᠠᠶᠢᠯᠠᠭᠰᠠᠨ ᠠᠵᠢᠯ | ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠨᠢ ᠠᠯᠠᠱᠠ ᠠᠶᠢᠮᠠᠭ ᠤᠨ ᠬᠠᠷᠢᠴᠠᠩᠭᠤᠢ ᠲᠥᠪᠯᠡᠷᠡᠩᠭᠦᠢ ᠪᠠᠶᠢᠬᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠶᠢᠨ ᠬᠤᠶᠠᠳᠠᠬᠢ ᠲᠤᠷᠰᠢᠯᠲᠠ ᠶᠢᠨ ᠣᠷᠣᠨ ᠪᠣᠯᠤᠭᠰᠠᠨ ᠤ ᠬᠤᠪᠢ ᠳᠤ᠂ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠥᠭᠡᠷᠡᠴᠢᠯᠡᠯᠲᠡ ᠶᠢᠨ ᠲᠤᠷᠰᠢᠯᠭ᠎ᠠ ᠪᠠᠷ ᠲᠣᠯᠢᠳᠠᠵᠤ᠂ ᠡᠯ᠎ᠡ ᠵᠦᠶᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠨᠢᠭᠡ ᠳᠤ ᠵᠠᠰᠠᠭ ᠤᠨ ᠶᠠᠪᠤᠳᠠᠯ ᠤᠨ ᠶᠡᠭᠡ ᠲᠢᠩᠬᠢᠮ | ᠤᠨ ᠨᠣᠮᠧᠷ ᠳᠠᠭᠤᠳᠠᠬᠤ ᠰᠢᠰᠲ᠋ᠧᠮ᠂ ᠡᠯᠧᠺᠲᠷᠣᠨ ᠳᠡᠯᠭᠡᠴᠡ᠂ ᠠᠦ᠋ᠲ᠋ᠣ᠋ ᠦᠶᠯᠡᠴᠢᠯᠡᠭᠡ ᠶᠢᠨ ᠦᠵᠦᠭᠦᠷ ᠵᠡᠷᠭᠡ | ᠬᠠᠲᠠᠭᠤ ᠲᠣᠨᠤᠭ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠵᠦ ᠬᠤᠳᠠᠯᠳᠤᠨ ᠠᠪᠬᠤ ᠠᠵᠢᠯ ᠢ ᠬᠢᠨᠠᠮᠠᠭᠠᠶ | ᠰᠠᠶᠢᠲᠤᠷ ᠬᠢᠵᠦ᠂ ᠨᠢᠭᠡ ᠯᠡ ᠳᠡᠭᠡᠷ᠎ᠡ ᠪᠤᠳᠠᠲᠠᠶᠢᠵᠢᠭᠤᠯᠬᠤ ᠪᠠᠷ ᠴᠢᠷᠮᠠᠶᠢᠨ᠎ᠠ︔ ᠬᠤᠶᠠᠷ ᠲᠤ ᠬᠤᠪᠢᠶᠠᠷᠢᠯᠠᠨ | ᠰᠢᠯᠵᠢᠭᠦᠯᠬᠦ ᠪᠠᠷ ᠪᠠᠶᠢᠭ᠎ᠠ ᠵᠦᠶᠯᠡᠰ ᠢ ᠴᠠᠭ ᠤᠨ ᠬᠢᠵᠠᠭᠠᠷ ᠢ ᠬᠠᠰᠤᠬᠤ᠂ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ | ᠶᠢ ᠬᠠᠰᠤᠬᠤ ︽ᠭᠤᠷᠪᠠ ᠶᠢ ᠬᠠᠰᠤᠬᠤ︾ ᠱᠠᠭᠠᠷᠳᠠᠯᠭ᠎ᠠ ᠶᠣᠰᠣᠭᠠᠷ᠂ ᠡᠮᠬᠢᠯᠡᠨ ᠰᠢᠯᠢᠳᠡᠭᠵᠢᠭᠦᠯᠵᠦ᠂ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠱᠠᠭᠠᠷᠳᠠᠯᠭ᠎ᠠ ᠲᠠᠢ ᠨᠢᠭᠲᠠ ᠬᠠᠷᠢᠴᠠᠭᠤᠯᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ | ᠰᠢᠰᠲ᠋ᠧᠮ ᠤᠨ ᠠᠵᠢᠯᠯᠠᠭᠠᠨ ᠤ ᠲᠤᠯᠭᠠᠭᠤᠷᠢᠯᠠᠯ ᠢ ᠰᠠᠶᠢᠲᠤᠷ ᠬᠢᠨ᠎ᠡ︔ ᠭᠤᠷᠪᠠ ᠳᠤ ᠲᠩᠷᠢ ᠠᠵᠤ ᠠᠬᠤᠶ ᠮᠡᠷᠭᠡᠵᠢᠯ | ᠤᠨ ᠨᠡᠭᠡᠭᠡᠯᠲᠡ ᠶᠢᠨ ᠣᠷᠣᠨ ᠳᠤ ᠥᠪᠡᠷᠲᠡᠭᠡᠨ ᠵᠠᠰᠠᠬᠤ ᠣᠷᠣᠨ ᠠᠴᠠ ᠲᠦᠷ ᠴᠠᠭ ᠬᠡᠶᠢᠰᠪᠦᠷᠢ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ ᠤᠨ ᠲᠦᠷ ᠣᠷᠣᠯᠠᠬᠤ ᠲᠡᠮᠳᠡᠭ ᠢ ᠭᠤᠶᠤᠴᠢᠯᠠᠵᠤ᠂ ᠨᠢᠭᠡ ᠴᠣᠭᠴᠠᠵᠢᠭᠤᠯᠤᠭᠰᠠᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ᠂ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ᠂ ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ᠂ ︽ᠮᠥᠩᠬᠡ ᠰᠤᠪᠠᠭ︾ APP ᠵᠡᠷᠭᠡ ᠠᠵᠢᠯ ᠢ | ᠡᠮᠬᠢ ᠵᠢᠷᠤᠮ ᠲᠠᠢ ᠠᠬᠢᠭᠤᠯᠬᠤ ᠳᠤ ᠲᠥᠬᠦᠮ ᠦᠵᠡᠭᠦᠯᠦᠨ᠎ᠡ︔ ᠳᠥᠷᠪᠡ ᠳᠤ ᠲᠤᠬᠠᠶᠢᠯᠠᠭᠰᠠᠨ ᠠᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠩᠷᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠳᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ᠂ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠵᠡᠷᠭᠡ ᠲᠤᠬᠠᠶᠢᠯᠠᠭᠰᠠᠨ ᠠᠵᠢᠯ ᠤᠨ | ᠮᠡᠳᠡᠯᠭᠡ ᠶᠢᠨ ᠪᠣᠯᠪᠠᠰᠤᠷᠠᠭᠤᠯᠤᠯ ᠢ ᠢᠳᠡᠪᠬᠢᠲᠡᠢ ᠬᠠᠩᠭᠠᠬᠤ ᠶᠢᠨ ᠬᠠᠮᠲᠤ ᠭᠠᠳᠠᠭᠰᠢ ᠭᠠᠷᠬᠤ ᠠᠷᠭ᠎ᠠ ᠬᠡᠯᠪᠡᠷᠢ | ᠠᠪᠴᠤ᠂ ᠡᠷᠭᠢᠨ ᠲᠣᠭᠤᠷᠢᠨ ᠤ ᠠᠶᠢᠮᠠᠭ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠵᠤ᠂ ᠲᠡᠷᠢᠭᠦᠨ | ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠯᠠᠬᠤ ᠬᠡᠷᠡᠭᠲᠡᠶ ᠭᠡᠪᠡ᠃ | | |