ᠮᠠᠨᠵᠤᠤᠷ ᠬᠤᠲᠠ ᠲᠠᠩᠰᠠ ᠪᠠ ᠺᠠᠷᠲ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/4/15
     ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠷ᠎ᠡ ᠵᠢᠭᠠᠵᠤ ᠰᠢᠮᠳᠠᠭᠤᠯᠬᠤ ᠠᠵᠢᠯ ᠥᠷᠨᠢᠭᠦᠯᠬᠦ ᠲᠤᠬᠠᠶ ᠮᠠᠨᠵᠤᠤᠷ ᠬᠤᠲᠠ ᠶᠢᠨ ᠲᠥᠰᠦᠯ︾ ︵ᠮᠠᠨᠵᠤᠤᠷ ᠲᠡᠳᠬᠦᠬᠦ ᠳᠤᠭᠤᠶᠢᠯᠠᠩ ᠠᠯᠪᠠᠨ ᠲᠠᠷᠬᠠᠭᠠᠭᠰᠠᠨ ﹇2020﹈ 2 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨᠵᠤᠤᠷ ᠬᠤᠲᠠ ᠎ ᠶᠢᠨ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢᠳᠤᠷᠠᠯ ᠤᠨ ᠦᠨᠳᠦᠰᠦᠨ ᠵᠦᠶᠯ ᠢ ᠪᠠᠲᠤᠯᠠᠬᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ 2020 ᠣᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠣᠭᠲᠠᠭᠰᠠᠨ ᠬᠤᠭᠤᠴᠠᠭᠠᠨ ᠳᠤ ᠪᠠᠨ ᠴᠢᠨᠠᠷ ᠰᠠᠶᠢᠲᠠᠶ ᠢᠯᠠᠯᠲᠠ ᠤᠯᠬᠤ ᠶᠢ ᠪᠠᠲᠤᠯᠠᠬᠤ ᠶᠢᠨ ᠲᠥᠯᠥᠭᠡ᠂ ᠠᠪᠤᠷᠠᠨ ᠲᠤᠰᠠᠯᠠᠬᠤ ᠪᠠᠲᠤᠯᠠᠨ ᠳᠠᠭᠠᠭᠠᠬᠤ ᠪᠠᠷᠢᠮᠵᠢᠶ᠎ᠠ ᠳᠤ ᠬᠦᠷᠦᠭᠦᠯᠦᠨ ᠪᠦᠷᠢᠨ ᠪᠦᠷᠬᠦᠭᠦᠯᠬᠦ ᠲᠤᠰᠬᠠᠶ ᠠᠵᠢᠯᠯᠠᠭ᠎ᠠ ᠶᠢᠨ ᠰᠠᠭᠤᠷᠢᠨ ᠳᠡᠭᠡᠷ᠎ᠡ᠂ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨᠵᠤᠤᠷ ᠬᠤᠲᠠ ᠶᠢᠨ ᠲᠠᠩᠰᠠ ᠪᠠ ᠺᠠᠷᠲ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢ ᠳᠠᠬᠢᠨᠲᠠ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠶᠠᠳᠠᠭᠤ ᠬᠦᠴᠢᠷᠳᠡᠯᠲᠡᠶ ᠪᠦᠯᠬᠦᠮ ᠨᠡᠶᠢᠲᠡ ᠶᠢᠨ ᠦᠨᠳᠦᠰᠦᠨ ᠠᠮᠢᠳᠤᠷᠠᠯ ᠤᠨ ︽ᠡᠴᠦᠰ ᠤᠨ ᠰᠡᠷᠭᠡᠶᠢᠯᠡᠯᠲᠡ ᠶᠢᠨ ᠱᠤᠭᠤᠮ︾᠎ ᠢ ᠡᠷᠡᠰ ᠪᠠᠲᠤ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠵᠢᠯ ᠳᠤ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠲᠤᠯᠠᠨ ᠳᠠᠭᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢ ᠠᠪᠤᠷᠠᠨ ᠲᠤᠰᠠᠯᠠᠬᠤ ᠬᠡᠪᠴᠢᠶᠡᠨ ᠳᠤ ᠴᠠᠭ ᠲᠣᠬᠠᠢ ᠳᠤ ᠨᠢ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠡᠳᠬᠦᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号