| | | ᠡᠨᠡ ᠪᠣᠯ 4 ᠳ᠋ᠦ᠋ᠭᠡᠷ ᠰᠠᠷ᠎ᠠ ᠶᠢᠨ 14 ᠤ ᠡᠳᠦᠷ ᠰᠡᠭᠦᠳᠡᠷᠯᠡᠭᠰᠡᠨ ᠬᠠᠩᠭᠢᠨ ᠬᠤᠰᠢᠭᠤᠨ ᠤ ᠬᠥᠬᠡ ᠮᠣᠳᠣ | ᠪᠠᠯᠭᠠᠰᠤᠨ ᠤ ᠪᠠᠯᠠᠬᠠᠢ ᠭᠡᠷᠡᠯ ᠴᠡᠨᠡᠭ ᠤᠨ ᠰᠢᠨ᠎ᠡ ᠲᠣᠰᠬᠤᠨ ︵ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠭᠰᠡᠨ | ᠬᠡᠷᠡᠯ ᠵᠢᠷᠤᠭ︶ ᠪᠣᠯᠤᠨ᠎ᠠ᠃ | | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠥᠬᠡ | ᠮᠣᠳᠣ ᠪᠠᠯᠭᠠᠰᠤ 3MW ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠬᠦᠴᠦᠯᠡᠨ ᠪᠥᠲᠥᠭᠡᠨ | ᠪᠠᠶᠢᠭᠤᠯᠪᠠ᠃ ᠲᠣᠰ ᠲᠥᠷᠥᠯ ᠵᠦᠢᠯ ᠨᠢ ᠬᠥᠬᠡ ᠮᠣᠳᠣ ᠪᠠᠯᠭᠠᠰᠤᠨ ᠤ ᠪᠠᠯᠠᠬᠠᠶ ᠬᠡᠷᠡᠯ ᠴᠡᠨᠡᠭ ᠤᠨ ᠰᠢᠨ᠎ᠡ | ᠲᠣᠰᠬᠤᠨ ᠳᠤ ᠪᠠᠶᠢᠷᠢᠯᠠᠵᠤ᠂ ᠭᠡᠷ ᠤᠨ ᠣᠷᠣᠶ ᠶᠢᠨ ᠬᠡᠷᠡᠯ ᠴᠡᠨᠡᠭ ᠤᠨ ᠴᠠᠬᠢᠯᠭᠠᠨ ᠥᠷᠲᠡᠭᠡ ᠵᠢᠴᠢ ᠬᠡᠷᠡᠯ | ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠭᠡᠬᠦ ᠬᠤᠶᠠᠷ ᠬᠡᠰᠡᠭ ᠢᠶᠠᠷ ᠪᠦᠷᠢᠯᠳᠦᠵᠡᠢ᠃ ᠭᠡᠷ ᠤᠨ | ᠣᠷᠣᠶ ᠶᠢᠨ ᠭᠡᠷᠡᠯ ᠴᠡᠨᠡᠭ ᠤᠨ ᠴᠠᠬᠢᠯᠭᠠᠨ ᠥᠷᠲᠡᠭᠡ ᠨᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠡᠷᠦᠬᠡ ᠶᠢ ᠪᠠᠭᠲᠠᠭᠠᠭᠰᠠᠨ 160 ᠡᠷᠦᠬᠡ ᠲᠣᠰᠬᠤᠨ ᠤ ᠠᠷᠠᠳ ᠤᠨ ᠭᠡᠷ ᠤᠨ ᠣᠷᠣᠢ ᠶᠢᠨ ᠴᠠᠬᠢᠯᠭᠠᠨ | ᠬᠠᠪᠲᠠᠰᠤ ᠪᠠᠷ ᠪᠦᠷᠢᠯᠳᠦᠵᠦ᠂ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠠᠴᠠ ᠨᠠᠭᠠᠰᠢ᠂ ᠡᠷᠦᠬᠡ | ᠪᠦᠷᠢ ᠶᠢᠨ ᠵᠢᠯ ᠤᠨ ᠳᠤᠮᠳᠠᠴᠢ ᠴᠠᠬᠢᠯᠭᠠᠨ ᠭᠠᠷᠭᠠᠭᠰᠠᠨ ᠣᠷᠣᠯᠭ᠎ᠠ ᠨᠢ ᠪᠠᠷᠤᠭ 5000 ᠲᠥᠭᠦᠷᠢᠭ ᠲᠤ ᠬᠦᠷᠴᠡᠢ᠃ | ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠨᠢ ᠲᠣᠰ ᠪᠠᠯᠭᠠᠰᠤᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢ | ᠡᠮᠬᠢᠯᠡᠨ ᠨᠡᠶᠢᠯᠡᠭᠦᠯᠵᠦ᠂ ᠬᠠᠪᠰᠤᠷᠤᠨ ᠲᠡᠳᠬᠦᠬᠦ ᠨᠢᠭᠡᠴᠢ ᠪᠣᠯᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠤᠨ | ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ 2020 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠴᠠᠬᠢᠯᠭᠠᠨ | ᠲᠣᠤᠷ ᠲᠤ ᠵᠠᠯᠭᠠᠵᠤ ᠴᠠᠬᠢᠯᠭᠠᠨ ᠭᠠᠷᠭᠠᠬᠤ ᠪᠣᠯᠣᠨ᠎ᠠ᠃ | | | | | ᠡᠨᠡ ᠪᠣᠯ 4 ᠳ᠋ᠦ᠋ᠭᠡᠷ ᠰᠠᠷ᠎ᠠ ᠶᠢᠨ 14 ᠤ ᠡᠳᠦᠷ ᠰᠡᠭᠦᠳᠡᠷᠯᠡᠭᠰᠡᠨ ᠬᠠᠩᠭᠢᠨ ᠬᠤᠰᠢᠭᠤᠨ ᠤ ᠬᠥᠬᠡ ᠮᠣᠳᠣ | ᠪᠠᠯᠭᠠᠰᠤᠨ ᠤ ᠪᠠᠯᠠᠬᠠᠢ ᠭᠡᠷᠡᠯ ᠴᠡᠨᠡᠭ ᠤᠨ ᠰᠢᠨ᠎ᠡ ᠲᠣᠰᠬᠤᠨ ︵ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠭᠰᠡᠨ | ᠬᠡᠷᠡᠯ ᠵᠢᠷᠤᠭ︶ ᠪᠣᠯᠤᠨ᠎ᠠ᠃ | | | | | ᠡᠨᠡ ᠪᠣᠯ 4 ᠳ᠋ᠦ᠋ᠭᠡᠷ ᠰᠠᠷ᠎ᠠ ᠶᠢᠨ 14 ᠤ ᠡᠳᠦᠷ ᠰᠡᠭᠦᠳᠡᠷᠯᠡᠭᠰᠡᠨ ᠬᠠᠩᠭᠢᠨ ᠬᠤᠰᠢᠭᠤᠨ ᠤ ᠬᠥᠬᠡ ᠮᠣᠳᠣ | ᠪᠠᠯᠭᠠᠰᠤᠨ ᠤ ᠪᠠᠯᠠᠬᠠᠢ ᠭᠡᠷᠡᠯ ᠴᠡᠨᠡᠭ ᠤᠨ ᠰᠢᠨ᠎ᠡ ᠲᠣᠰᠬᠤᠨ ᠤ ᠨᠢᠭᠡ ᠥᠨᠴᠥᠭ ︵ᠵᠢᠯᠣᠭᠤᠴᠢ ᠥᠬᠡᠶ ᠨᠢᠰᠬᠡᠯ ᠢᠶᠠᠷ | ᠰᠡᠭᠦᠳᠡᠷᠯᠡᠭᠰᠡᠨ ᠬᠡᠷᠡᠯ ᠵᠢᠷᠤᠭ︶ ᠪᠣᠯᠣᠨ᠎ᠠ᠃ | | | | | 4 ᠳ᠋ᠦ᠋ᠭᠡᠷ ᠰᠠᠷ᠎ᠠ ᠶᠢᠨ 14 ᠤ ᠡᠳᠦᠷ᠂ ᠬᠠᠩᠭᠢᠨ ᠬᠤᠰᠢᠭᠤᠨ ᠤ ᠬᠥᠬᠡ ᠮᠣᠳᠣ ᠪᠠᠯᠭᠠᠰᠤᠨ ᠤ ᠪᠠᠯᠬᠠᠶ ᠬᠡᠷᠡᠯ | ᠴᠡᠨᠡᠭ ᠤᠨ ᠰᠢᠨ᠎ᠡ ᠲᠣᠰᠬᠤᠨ ᠤ ᠨᠢᠭᠡᠨ ᠠᠷᠠᠳ ᠥᠪᠡᠷ ᠤᠨ ᠭᠡᠷ ᠤᠨ ᠣᠷᠣᠶ ᠶᠢᠨ ᠬᠡᠷᠡᠯ ᠴᠡᠨᠡᠭ ᠤᠨ ᠴᠠᠬᠢᠯᠭᠠᠨ | ᠬᠠᠪᠲᠠᠰᠤ ᠶᠢ ᠤᠬᠢᠶᠠᠵᠤ ᠪᠠᠶᠢᠭ᠎ᠠ ᠨᠢ᠃ | | | | | 4 ᠳ᠋ᠦ᠋ᠭᠡᠷ ᠰᠠᠷ᠎ᠠ ᠶᠢᠨ 14 ᠤ ᠡᠳᠦᠷ᠂ ᠬᠠᠩᠭᠢᠨ ᠬᠤᠰᠢᠭᠤᠨ ᠤ ᠬᠥᠬᠡ ᠮᠣᠳᠣ ᠪᠠᠯᠭᠠᠰᠤᠨ ᠤ ᠪᠠᠯᠬᠠᠶ ᠬᠡᠷᠡᠯ | ᠴᠡᠨᠡᠭ ᠤᠨ ᠰᠢᠨ᠎ᠡ ᠲᠣᠰᠬᠤᠨ ᠤ ᠨᠢᠭᠡᠨ ᠠᠷᠠᠳ ᠥᠪᠡᠷ ᠤᠨ ᠭᠡᠷ ᠤᠨ ᠣᠷᠣᠶ ᠶᠢᠨ ᠬᠡᠷᠡᠯ ᠴᠡᠨᠡᠭ ᠤᠨ ᠴᠠᠬᠢᠯᠭᠠᠨ | ᠬᠠᠪᠲᠠᠰᠤ ᠶᠢ ᠤᠬᠢᠶᠠᠵᠤ ᠪᠠᠶᠢᠭ᠎ᠠ ᠨᠢ᠃ | | | | | 4 ᠳ᠋ᠦ᠋ᠭᠡᠷ ᠰᠠᠷ᠎ᠠ ᠶᠢᠨ 14 ᠤ ᠡᠳᠦᠷ᠂ ᠬᠠᠩᠭᠢᠨ ᠬᠤᠰᠢᠭᠤᠨ ᠤ ᠬᠥᠬᠡ ᠮᠣᠳᠣ ᠪᠠᠯᠭᠠᠰᠤᠨ ᠤ ᠪᠠᠯᠠᠬᠠᠶ ᠬᠡᠷᠡᠯ | ᠴᠡᠨᠡᠭ ᠤᠨ ᠰᠢᠨ᠎ᠡ ᠲᠣᠰᠬᠤᠨ ᠤ ᠨᠢᠭᠡᠨ ᠠᠷᠠᠳ ᠭᠠᠷ ᠤᠲᠠᠰᠤ ᠪᠠᠷ ᠬᠤᠪᠢᠨ ᠤ ᠭᠡᠷ ᠤᠨ ᠢᠶᠠᠨ ᠬᠡᠷᠡᠯ ᠴᠡᠨᠡᠭ | ᠴᠠᠬᠢᠯᠭᠠᠨ ᠬᠠᠪᠲᠠᠰᠤ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠪᠠ ᠠᠰᠢᠭ ᠣᠷᠣᠯᠭ᠎ᠠ ᠶᠢᠨ ᠪᠠᠶᠢᠳᠠᠯ ᠢᠶᠠᠨ ᠪᠠᠶᠢᠴᠠᠭᠠᠨ | ᠦᠵᠡᠵᠦ ᠪᠠᠶᠢᠭ᠎ᠠ ᠨᠢ᠃ |