ᠪᠥᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠤᠨ ᠠᠵᠢᠯ ᠢᠶᠠᠨ ᠰᠡᠷᠭᠦᠭᠡᠭᠰᠡᠨ ᠨᠣᠷᠮ᠎ᠠ 99.24%᠎ ᠳᠤ ᠬᠦᠷᠪᠡ
ᠨᠡᠶᠢᠲᠡᠯᠡᠭᠰᠡᠨ ᠴᠠᠭ᠄
2020/4/16
     4 ᠳ᠋ᠦ᠋ᠭᠡᠷ ᠰᠠᠷ᠎ᠠ ᠶᠢᠨ 14᠎ ᠤ ᠡᠳᠦᠷ᠂ ᠬᠥᠬᠡᠬᠤᠲᠠ ᠶᠢᠨ ᠬᠥᠮᠥᠰ ᠥᠪᠥᠷ ᠮᠣᠩᠭᠤᠯ ᠤᠨ ᠨᠣᠮ ᠤᠨ ᠰᠠᠩ ᠎ ᠳᠤ ᠰᠤᠷᠤᠯᠴᠠᠵᠤ ᠪᠠᠶᠢᠭ᠎ᠠ ᠨᠢ᠃      ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 12᠎ ᠤᠨ ᠡᠳᠦᠷ ᠪᠣᠯᠲᠠᠯ᠎ᠠ᠂ ᠲᠦᠷ ᠴᠠᠭ ᠨᠡᠭᠡᠭᠡᠬᠦ ᠥᠬᠡᠶ ᠭᠡᠵᠦ ᠲᠣᠲᠣᠷᠬᠠᠢ ᠲᠣᠭᠲᠠᠭᠠᠭᠰᠠᠨ ᠲᠣᠭᠯᠠᠯᠲᠠ ᠶᠢᠨ ᠲᠠᠯᠠᠪᠤᠷ ᠭᠠᠵᠠᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠦᠯᠵᠢᠶᠡᠨ ᠳᠤ ᠭᠠᠷᠬᠤ ᠦᠶᠯᠡᠴᠢᠯᠡᠭᠡᠨ ᠤ ᠲᠠᠯᠠᠪᠤᠷ ᠭᠠᠵᠠᠷ ᠢ ᠭᠠᠷᠭᠠᠪᠠᠯ᠂ ᠪᠥᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ 15067 ᠲᠠᠯᠠᠪᠤᠷ ᠭᠠᠵᠠᠷ ᠠᠴᠠ 14953᠎ ᠨᠢ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ 99.24%᠎ ᠳᠤ ᠬᠦᠷᠴᠡᠶ︔ ᠵᠢᠭᠤᠯᠴᠢᠯᠠᠯ ᠤᠨ ᠦᠵᠡᠮᠵᠢ ᠶᠢᠨ ᠣᠷᠣᠨ 473 ᠪᠠᠶᠢᠵᠤ᠂ 291 ᠡᠷᠦᠬᠡ ᠨᠢ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 61.52% ᠪᠣᠯᠪᠠ︔ ᠣᠳᠣᠨ ᠲᠠᠰ ᠤᠨ ᠵᠢᠭᠤᠯᠴᠢᠯᠠᠯ ᠤᠨ ᠪᠠᠭᠤᠳᠠᠯ 259 ᠪᠠᠶᠢᠵᠤ᠂ 217᠎ ᠨᠢ ᠨᠢᠭᠡᠨᠲᠡ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠨᠢ 83.78% ᠬᠦᠷᠴᠦ᠂ ᠴᠥᠮ ︽ᠰᠡᠷᠭᠦᠭᠡᠬᠦ ᠶᠣᠰᠣᠲᠠᠢ ᠪᠦᠬᠦᠨ ᠢ ᠰᠡᠷᠭᠦᠭᠡᠬᠦ︾᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号