ᠲᠥᠩᠯᠢᠶᠣᠣ ᠬᠤᠲᠠ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2020/4/17
     ᠣᠶᠢᠷ᠎ᠠ ᠳᠤ᠂ 2020 ᠣᠨ ᠤ ᠲᠦᠩᠯᠢᠶᠣᠤ ᠬᠤᠲᠠ ᠶᠢᠨ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠠᠵᠢᠯ ᠤᠨ ᠶᠠᠷᠢᠯᠴᠠᠬᠤ ᠬᠤᠷᠠᠯ ᠵᠢᠴᠢ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠲᠤᠯᠤᠭᠠᠨ ᠡᠳᠦᠷ ᠳᠣᠲᠣᠷ᠎ᠠ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠵᠤ ᠰᠣᠯᠢᠬᠤ ᠲᠦᠷᠢᠮ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠰᠤᠳᠤᠯᠤᠨ ᠶᠠᠷᠢᠯᠴᠠᠬᠤ ᠬᠤᠷᠠᠯ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠳᠤᠮᠳᠠᠳᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠲᠦᠩᠯᠢᠶᠣᠤ ᠬᠤᠲᠠ ᠶᠢᠨ ᠬᠤᠪᠢᠶᠠᠷᠢ ᠪᠠᠩᠬᠢ ᠵᠡᠷᠭᠡ 50 ᠭᠠᠷᠤᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠤ ᠣᠷᠣᠯᠴᠠᠭᠰᠠᠳ ᠲᠥᠩᠯᠢᠶᠣᠣ ᠬᠤᠲᠠ ᠶᠢᠨ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠠᠵᠢᠯ ᠢ ᠬᠡᠷᠬᠢᠨ ᠰᠠᠶᠢᠲᠤᠷ ᠥᠷᠨᠢᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠢᠳᠡᠪᠬᠢᠲᠡᠢ ᠶᠠᠷᠢᠶ᠎ᠠ ᠲᠠᠯᠪᠢᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠠᠴᠠ ᠪᠠᠰᠠ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠲᠤᠯᠤᠭᠠᠨ ᠡᠳᠦᠷ ᠳᠣᠲᠣᠷ᠎ᠠ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠵᠤ ᠰᠣᠯᠢᠬᠤ ᠠᠮᠠᠯᠠᠯᠲᠠ ᠶᠢᠨ ᠠᠷᠭ᠎ᠠ ᠶᠢ ᠵᠠᠷᠯᠠᠨ ᠮᠡᠳᠡᠭᠳᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠢ ᠣᠷᠣᠯᠠᠨ 2019 ᠣᠨ ᠤ ︽ᠢᠲᠡᠭᠡᠮᠵᠢᠲᠡᠶ ᠦᠢᠯᠡᠳᠬᠦᠨ︾᠎ ᠤ ᠱᠠᠩᠨᠠᠯ ᠢ ᠭᠠᠷᠳᠠᠭᠤᠯᠪᠠ᠃      ᠡᠨᠡ ᠵᠢᠯ᠂ ᠪᠥᠬᠦ ᠬᠤᠲᠠ ᠶᠢᠨ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠠᠵᠢᠯ ᠢ ᠪᠥᠬᠦ ᠨᠡᠶᠢᠭᠡᠮ ᠤᠨ ᠬᠢᠨ ᠢ ᠳᠠᠶᠢᠴᠢᠯᠠᠬᠤ᠂ ᠪᠥᠬᠦ ᠲᠠᠯ᠎ᠠ ᠪᠠᠷ ᠥᠷᠨᠢᠭᠦᠯᠬᠦ᠂ ᠪᠥᠬᠦ ᠲᠠᠯ᠎ᠠ ᠶᠢ ᠬᠠᠮᠤᠷᠬᠤ ᠪᠠᠷ ᠬᠠᠷᠠᠯᠲᠠ ᠪᠠᠨ ᠪᠣᠯᠭᠠᠵᠤ᠂ ᠠᠵᠤ ᠠᠬᠤᠶᠢᠯᠠᠯ ᠪᠡᠶ᠎ᠡ ᠪᠠᠨ ᠳᠠᠭᠠᠭᠠᠨ ᠭᠤᠶᠤᠴᠢᠯᠠᠨ ᠮᠡᠳᠡᠭᠦᠯᠬᠦ᠂ ᠵᠠᠭᠤᠴᠢᠯᠠᠭᠤᠷ ᠢᠶᠠᠷ ᠢᠯᠡ ᠪᠠᠷ ᠠᠮᠠᠯᠠᠬᠤ᠂ ᠬᠡᠷᠡᠭᠯᠡᠭᠴᠢᠳ ᠤᠨ ᠨᠡᠶᠢᠭᠡᠮᠯᠢᠭ ᠠᠴᠠ ᠵᠢᠯᠣᠭᠤᠳᠤᠨ ᠬᠡᠯᠪᠡᠷᠢᠵᠢᠭᠦᠯᠬᠦ᠂ ᠨᠡᠶᠢᠭᠡᠮ ᠨᠡᠶᠢᠲᠡ ᠥᠷᠭᠡᠨ ᠢᠶᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠬᠥᠳᠡᠯᠦᠩᠭᠦᠶ ᠪᠠᠷ ᠬᠠᠮᠢᠶᠠᠷᠬᠤ ᠵᠠᠷᠴᠢᠮ ᠢᠶᠠᠷ ᠥᠷᠨᠢᠭᠦᠯᠵᠦ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠎ ᠪᠠᠨ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ︽ᠲᠦᠩᠯᠢᠶᠣᠤ ᠳᠤ ᠰᠠᠨᠠᠭ᠎ᠠ ᠠᠮᠤᠷ ᠬᠡᠷᠡᠭᠯᠡᠭᠡ ᠬᠦᠷᠲᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠲᠣᠰ ᠤᠳᠠᠭᠠᠨ ᠤ ᠠᠵᠢᠯᠯᠠᠭ᠎ᠠ ᠶᠢ ᠳᠠᠶᠢᠴᠢᠯᠠᠬᠤ᠂ ᠢᠯᠡ ᠨᠡᠶᠢᠲᠡᠯᠡᠬᠦ᠂ ᠦᠨᠡᠯᠡᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ 4 ᠱᠠᠲᠤ ᠬᠤᠪᠢᠶᠠᠨ ᠶᠠᠪᠤᠭᠳᠠᠭᠤᠯᠵᠤ᠂ ᠲᠦᠩᠯᠢᠶᠣᠤ ᠶᠢᠨ ᠷᠠᠳᠢᠣ᠋ ᠲᠧᠯᠸᠢᠰ ᠬᠤᠷᠢᠶ᠎ᠠ ᠶᠢᠨ ᠰᠢᠨ᠎ᠡ ᠵᠠᠭᠤᠴᠢᠯᠠᠭᠤᠷ ᠲᠠᠢ ᠬᠠᠮᠲᠤᠷᠠᠯᠴᠠᠬᠤ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠠᠮᠤᠭ ᠡᠴᠦᠰ ᠲᠤ ᠠᠮᠠᠯᠠᠯᠲᠠ ᠬᠢᠬᠦ᠂ ᠵᠠᠷᠯᠠᠨ ᠨᠡᠶᠢᠲᠡᠯᠡᠬᠦ ᠪᠠᠷ ᠳᠠᠮᠵᠢᠭᠤᠯᠤᠨ ᠠᠵᠤ ᠠᠬᠤᠶᠢᠯᠠᠯ ᠨᠢ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ ᠢᠷᠠᠭᠤ ᠠᠯᠳᠠᠷ ᠢ ᠣᠯᠬᠤ ᠡᠰᠡᠬᠦ ᠶᠢ ᠰᠢᠯᠭᠠᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号