ᠪᠤᠭᠤᠲᠤ ᠬᠤᠲᠠ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2020/4/17
     ᠪᠤᠭᠤᠲᠤ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠎ ᠤ ᠬᠡᠷᠡᠭᠴᠡᠭᠡ ᠶᠢᠨ ᠣᠳᠣᠬᠢ ᠪᠠᠶᠢᠳᠠᠯ ᠢ ᠭᠦᠨᠵᠡᠭᠡᠶ ᠡᠵᠡᠮᠰᠢᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ ᠬᠠᠨᠳᠤᠯᠭᠠᠲᠤ ᠴᠢᠨᠠᠷ ᠢ ᠴᠢᠩᠭᠠᠳᠬᠠᠵᠤ᠂ ᠨᠠᠩ ᠢᠯᠡᠭᠦᠦ ᠨᠡᠭᠡᠭᠡᠯᠲᠡᠲᠡᠶ ᠪᠠᠭᠲᠠᠭᠠᠮᠵᠢᠲᠠᠶ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2020 ᠣᠨ ᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠡᠯᠰᠡᠨ ᠴᠤᠭᠯᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠥᠷᠭᠡᠨ ᠢᠶᠠᠷ ᠡᠯᠰᠡᠨ ᠴᠤᠭᠯᠠᠭᠤᠯᠬᠤ᠂ ᠡᠮᠬᠢᠯᠡᠬᠦ᠂ ᠰᠢᠯᠢᠨ ᠰᠣᠩᠭᠤᠬᠤ ᠪᠠᠷ ᠳᠡᠮᠵᠢᠨ᠂ ︽ᠪᠤᠭᠤᠲᠤ ᠬᠤᠲᠠ ᠶᠢᠨ 2020 ᠣᠨ ᠤ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶᠎ ᠢ ᠨᠠᠶᠢᠷᠠᠭᠤᠯᠤᠨ ᠵᠣᠬᠢᠶᠠᠭᠰᠠᠨ ᠪᠥᠭᠡᠳ ᠨᠡᠶᠢᠭᠡᠮ ᠨᠡᠶᠢᠲᠡ ᠳᠤ ᠨᠡᠶᠢᠲᠡᠯᠡᠪᠡ᠃      ︽ᠭᠠᠷᠴᠠᠭ︾᠎ ᠲᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠣᠭᠤᠲᠤ ᠳᠤ ᠰᠠᠭᠤᠭ᠎ᠠ ᠨᠢᠭᠡᠴᠢ ᠵᠢᠴᠢ ᠬᠡᠰᠡᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠬᠤᠲᠠ  ᠶᠢᠨ ᠰᠢᠭᠤᠳ ᠬᠠᠷᠢᠶ᠎ᠠ ᠠᠵᠢᠯ ᠦᠶᠯᠡᠰ ᠤᠨ ᠨᠢᠭᠡᠴᠢ ᠶᠢ ᠬᠠᠮᠤᠷᠴᠠᠢ᠂ ᠡᠭᠦᠨ ᠳᠤ ᠮᠡᠷᠭᠡᠵᠢᠯ᠂ ᠰᠤᠳᠤᠯᠤᠨ ᠨᠡᠭᠡᠭᠡᠯᠲᠡ᠂ ᠡᠮᠴᠢᠯᠡᠭᠡ᠂ ᠵᠢᠭᠠᠨ ᠰᠤᠷᠭᠠᠯᠲᠠ᠂ ᠬᠠᠮᠢᠶᠠᠷᠤᠯᠲᠠ ᠵᠡᠷᠭᠡ 193 ᠠᠵᠢᠯ ᠤᠨ ᠪᠠᠶᠢᠷᠢ ᠶᠢᠨ ᠨᠡᠶᠢᠲᠡ 532 ᠬᠥᠮᠦᠨ ᠪᠠᠭᠲᠠᠵᠤ ᠪᠣᠶ᠂ ᠡᠭᠦᠨ ᠳᠤ ᠳ᠋ᠣᠺᠲ᠋ᠣᠷ 299 ᠬᠥᠮᠦᠨ᠂ ᠮᠠᠰᠲ᠋ᠧᠷ 95 ᠬᠥᠮᠦᠨ ᠪᠠᠶᠢᠬᠤ ᠪᠥᠭᠡᠳ ᠡᠳᠡᠭᠡᠷ ᠨᠢ ᠴᠥᠮ ᠡᠯ᠎ᠡ ᠨᠢᠭᠡᠴᠢ ᠳᠤ ᠪᠠᠴᠢᠮ ᠬᠡᠷᠡᠭᠰᠡᠬᠦ ᠴᠢᠳᠠᠪᠤᠷᠢᠲᠠᠨ ᠪᠣᠯᠣᠨ᠎ᠠ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠴᠢᠳᠠᠪᠤᠷᠢᠲᠠᠳ ᠬᠥᠮᠦᠨ ᠬᠡᠷᠡᠭᠯᠡᠬᠦ ᠨᠢᠭᠡᠴᠢ ᠲᠠᠢ ᠰᠢᠭᠤᠳ ᠬᠠᠷᠢᠯᠴᠠᠵᠤ ᠪᠣᠯᠤᠨ᠎ᠠ᠃ 2020 ᠣᠨ ᠳᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠲᠤᠯᠠᠭ᠎ᠠ ᠶᠢᠨ ᠲᠣᠪᠴᠢᠶ᠎ᠠ ᠴᠢᠳᠠᠪᠤᠷᠢᠲᠠᠨ ᠡᠯᠰᠡᠵᠦ ᠮᠡᠷᠭᠡᠳ ᠢ ᠣᠷᠣᠭᠤᠯᠬᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠲᠥᠷᠥᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢ ᠴᠤᠭᠯᠠᠭᠤᠯᠬᠤ ᠬᠡᠪᠴᠢᠶ᠎ᠡ ᠪᠠᠨ ᠥᠷᠭᠡᠳᠬᠡᠨ᠂ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠥᠪᠡᠷ ᠤᠨ ᠥᠷᠲᠡᠭ ᠢ ᠪᠠᠭᠤᠷᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠪᠣᠰᠤᠭ᠎ᠠ ᠴᠣᠭᠴᠠᠲᠤ ᠠᠵᠢᠯᠲᠠᠨ ᠡᠯᠰᠡᠬᠦ ᠵᠠᠭᠪᠤᠷ ᠢ ᠬᠦᠴᠦᠯᠡᠨ ᠪᠣᠶ ᠪᠣᠯᠭᠠᠵᠤ᠂ ︽ᠰᠢᠯᠵᠢᠵᠦ ᠶᠠᠪᠤᠬᠤ + ᠤᠷᠢᠵᠤ ᠣᠷᠣᠭᠤᠯᠬᠤ︾ ᠠᠷᠭ᠎ᠠ ᠬᠡᠯᠪᠡᠷᠢ ᠶᠢ ᠠᠪᠴᠤ᠂ ᠣᠯᠠᠨ ᠠᠷᠭ᠎ᠠ ᠵᠠᠮ ᠢᠶᠠᠷ ᠴᠢᠳᠠᠪᠤᠷᠢᠲᠠᠨ ᠡᠯᠰᠡᠵᠦ ᠮᠡᠷᠭᠡᠳ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠴᠤᠭᠯᠠᠷᠠᠯ ᠢ ᠠᠬᠢᠭᠤᠯᠵᠤ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠬᠥᠳᠡᠯᠭᠡᠬᠦ ᠡᠨᠧᠷᠭᠢ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号