︽ᠮᠥᠩᠭᠡ ᠰᠤᠪᠠᠭ︾ APP ᠎ ᠢ ᠰᠦᠯᠵᠢᠶᠡᠨ ᠳᠤ ᠲᠤᠷᠰᠢᠨ ᠠᠵᠢᠯᠯᠠᠭᠤᠯᠤᠭᠰᠠᠨ 1 ᠰᠠᠷ᠎ᠠ ᠶᠢᠨ ᠬᠤᠭᠤᠴᠠᠭᠠᠨ ᠳᠤ ᠳᠠᠩᠰᠠᠯᠠᠭᠤᠯᠤᠭᠰᠠᠨ ᠬᠡᠷᠡᠭᠯᠡᠭᠴᠢ 100 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2020/4/21
      4 ᠳ᠋ᠦ᠋ᠭᠡᠷ ᠰᠠᠷ᠎ᠠ ᠶᠢᠨ 14᠎ ᠤ ᠡᠳᠦᠷ᠂ ︽ᠮᠥᠩᠭᠡ ᠰᠤᠪᠠᠭ︾ APP ᠎ ᠢ ᠲᠤᠷᠰᠢᠨ ᠠᠵᠢᠯᠯᠠᠭᠤᠯᠤᠭᠠᠳ ᠰᠠᠷ᠎ᠠ ᠳᠦᠭᠦᠷᠬᠦ ᠲᠠᠰᠢᠷᠠᠮ ᠳᠤ᠂ ᠳᠠᠩᠰᠠᠯᠠᠭᠤᠯᠤᠭᠰᠠᠨ ᠬᠡᠷᠡᠭᠯᠡᠭᠴᠢ 100 ᠲᠦᠮᠡ ᠶᠢ ᠳᠠᠪᠠᠵᠤ᠂ ᠰᠤᠷᠪᠤᠯᠵᠢᠯᠠᠭᠰᠠᠨ ᠬᠡᠮᠵᠢᠶ᠎ᠡ ᠨᠡᠶᠢᠲᠡ 1000 ᠲᠦᠮᠡ ᠶᠢ ᠳᠠᠪᠠᠭᠰᠠᠨ ᠪᠠᠶᠢᠨ᠎ᠠ᠃ ︽ᠮᠥᠩᠭᠡ ᠰᠤᠪᠠᠭ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠠᠴᠠ ᠬᠠᠷᠢᠭᠤᠴᠠᠨ ᠪᠠᠶᠢᠭᠤᠯᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠯᠵᠢᠮᠡᠯ ᠦᠵᠦᠭᠦᠷ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠠᠯᠠᠭᠠᠨ ᠳᠡᠭᠡᠷ᠎ᠡ ᠭᠦᠢᠴᠡᠳᠬᠡᠬᠦ︾᠂ ︽ᠬᠤᠷᠤᠭᠤᠨ ᠥᠨᠳᠡᠭᠡ ᠪᠠᠷ ᠭᠦᠢᠴᠡᠳᠬᠡᠬᠦ︾᠎ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠳᠤ ᠪᠠᠲᠤ ᠪᠠᠬᠢ ᠠᠩᠬᠠᠨ ᠤ ᠠᠯᠬᠤᠮ ᠢ ᠠᠯᠬᠤᠪᠠ᠃      ︽ᠮᠥᠩᠭᠡ ᠰᠤᠪᠠᠭ︾ APP ᠎ ᠤᠨ ᠬᠦᠴᠦᠷᠬᠡᠭ ᠶᠡᠭᠡ ᠲᠣᠭᠲᠠᠭᠤᠨ ᠲᠠᠪᠴᠠᠩ ᠳᠤ ᠲᠦᠰᠢᠭᠯᠡᠨ᠂ ︽ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ︾᠎ ᠢ ᠰᠦᠯᠵᠢᠶᠡᠨ ᠳᠤ ᠭᠠᠷᠭᠠᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ᠂ ᠦᠶᠯᠡᠳᠪᠦᠷᠢᠯᠡᠯ ᠎ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠪᠡ      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠠᠬᠢ ᠬᠥᠮᠦᠰ ᠤᠨ ᠰᠢᠯᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠪᠠᠷ ᠬᠠᠮᠢᠶᠠᠷᠬᠤ ᠳᠤ ᠬᠦᠴᠦᠨ ᠨᠡᠮᠡᠷᠢᠯᠡᠵᠦ᠂ ᠠᠷᠠᠳ ᠣᠯᠠᠨ ᠤ ᠶᠠᠪᠤᠵᠤ ᠰᠠᠭᠤᠬᠤ ᠳᠤ ᠠᠮᠤᠷ ᠲᠦᠪᠰᠢᠨ ᠳᠥᠭᠦᠮ ᠦᠵᠡᠭᠦᠯᠬᠦ ᠪᠠ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ︽ᠮᠥᠩᠭᠡ ᠰᠤᠪᠠᠭ︾ APP᠎ ᠨᠢ ᠠᠮᠤᠷ ᠲᠦᠪᠰᠢᠨ᠂ ᠲᠣᠭᠲᠠᠭᠤᠨ ᠲᠠᠪᠴᠠᠩ ᠤᠨ ᠳᠠᠪᠠᠭᠤᠯᠢᠭ ᠲᠤ ᠪᠠᠨ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠺᠠᠷᠲ︾᠎ ᠤᠨ ᠠᠴᠢᠶᠠᠯᠠᠭᠰᠠᠨ ︽ᠡᠷᠡᠭᠦᠯ ᠮᠡᠨᠳᠦ ᠶᠢᠨ ᠺᠣᠳ᠋︾᠎ ᠤᠨ ᠴᠢᠳᠠᠮᠵᠢ ᠲᠠᠢ ᠵᠣᠯᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ᠂ ᠠᠵᠢᠯᠯᠠᠭᠤᠯᠵᠤ ᠪᠠᠲᠤᠯᠠᠬᠤ ᠪᠦᠯᠬᠦᠮ ᠨᠡᠶᠢᠲᠡ ᠶᠢᠨ 24 ᠴᠠᠭ ᠢᠶᠠᠷ ᠴᠤᠤᠷᠢᠶᠠᠳᠤᠨ ᠳᠠᠭᠠᠬᠤ ᠲᠣᠭᠲᠠᠴᠠ ᠶᠢᠨ ᠳᠠᠪᠠᠭᠤᠯᠢᠭ ᠢ ᠪᠠᠳᠠᠷᠠᠭᠤᠯᠵᠤ᠂ ᠦᠶᠯᠡᠴᠢᠯᠡᠭᠡᠨ ᠤ ᠪᠦᠯᠬᠦᠮ ᠨᠡᠶᠢᠲᠡ ᠶᠢ ᠥᠷᠭᠡᠳᠬᠡᠨ᠂ ︽ᠡᠷᠡᠭᠦᠯ ᠮᠡᠨᠳᠦ ᠶᠢᠨ ᠺᠠᠷᠲ︾᠎ ᠢ ᠤᠷᠤᠭᠰᠢᠲᠠᠶ ᠭᠤᠶᠤᠴᠢᠯᠠᠨ ᠠᠪᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃  ᠡᠨᠡ ᠬᠦ  ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠨᠢᠭᠡ ᠭᠠᠷᠠᠭ ᠲᠤ᠂ ᠪᠥᠬᠦ ᠣᠷᠣᠨ ᠤ ᠰᠠᠭᠤᠭᠠᠯᠢ ᠠᠷᠠᠳ ︽ᠮᠥᠩᠭᠡ ᠰᠤᠪᠠᠭ︾᠎ ᠤᠨ ᠺᠣᠳ᠋ ᠢᠶᠠᠨ ᠦᠵᠡᠭᠦᠯᠬᠦ ᠪᠠᠷ ᠳᠠᠮᠵᠢᠭᠤᠯᠤᠨ ᠨᠡᠪᠲᠡᠷᠡᠭᠰᠡᠨ ᠨᠢ 120 ᠲᠦᠮᠡᠨ ᠤᠳᠠᠭ᠎ᠠ ᠶᠢ ᠳᠠᠪᠠᠨ᠂ ︽ᠮᠥᠩᠭᠡ ᠰᠤᠪᠠᠭ︾ APP ᠎ ᠤᠨ ᠰᠤᠷᠪᠤᠯᠵᠢᠯᠠᠭᠰᠠᠨ ᠬᠡᠮᠵᠢᠶ᠎ᠡ 200 ᠲᠦᠮᠡ ᠶᠢ ᠳᠠᠪᠠᠵᠤ᠂ ᠪᠠᠭᠤᠯᠭᠠᠵᠤ ᠠᠪᠤᠭᠰᠠᠨ ᠬᠡᠮᠵᠢᠶ᠎ᠡ ᠨᠢ IOS ᠬᠡᠷᠡᠭᠯᠡᠭᠡᠨ ᠤ ᠵᠠᠬ᠎ᠠ ᠳᠡᠯᠭᠡᠭᠦᠷ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ ᠤᠨ APP ᠨᠡᠷᠡᠰ ᠤᠨ ᠵᠢᠭᠰᠠᠭᠠᠯᠲᠠ ᠳᠤ ᠡᠮᠦᠨ᠎ᠡ 5 ᠨᠡᠷ᠎ᠡ ᠳᠤ ᠵᠢᠭᠰᠠᠭᠠᠭᠳᠠᠵᠠᠶ᠃ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠨ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ ᠴᠢᠬᠤᠯᠠ ᠪᠠᠭᠠᠵᠢ ᠪᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠯᠦ ᠣᠶᠢᠷᠠᠲᠤᠯᠴᠠᠬᠤ ᠡᠯᠧᠺᠲᠷᠣᠨ ᠭᠡᠷᠡᠴᠢ ᠪᠣᠯᠤᠭᠰᠠᠨ ᠤ ᠬᠤᠪᠢ ᠳᠤ ᠴᠢᠬᠤᠯᠠ ᠦᠶᠯᠡᠳᠦᠯ ᠪᠠᠳᠠᠷᠠᠭᠤᠯᠵᠤ᠂ ︽ᠮᠥᠩᠭᠡ ᠰᠤᠪᠠᠭ︾ APP᠎ ᠨᠢ ᠴᠦ ᠬᠢᠵᠢᠭ ᠤᠨ ᠪᠠᠶᠢᠳᠠᠯ ᠎ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ ︽ᠡᠷᠡᠭᠦᠯ ᠮᠡᠨᠳᠦ ᠶᠢᠨ ᠺᠣᠳ᠋︾ ᠠᠪᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃       ᠥᠨᠥ ᠪᠣᠯᠬᠤ ᠳᠤ᠂ ︽ᠡᠷᠡᠭᠦᠯ ᠮᠡᠨᠳᠦ ᠶᠢᠨ ᠺᠣᠳ᠋︾᠎ ᠤᠨ ᠬᠡᠷᠡᠭᠯᠡᠭᠴᠢ ᠶᠢᠨ ᠲᠤᠭ᠎ᠠ 480 ᠲᠦᠮᠡ ᠳᠤ ᠬᠦᠷᠴᠦ᠂  ᠺᠣᠳ᠋ ᠢᠶᠠᠨ ᠦᠵᠡᠭᠦᠯᠦᠭᠰᠡᠨ ᠤᠳᠠᠭ᠎ᠠ ᠨᠢ 400 ᠲᠦᠮᠡ ᠶᠢ ᠳᠠᠪᠠᠵᠠᠶ᠃ ᠡᠭᠦᠨ ᠤ ᠬᠠᠮᠲᠤ᠂ ᠨᠢᠭᠡᠨᠲᠡ ᠪᠥᠬᠦ ᠤᠯᠤᠰ ᠤᠨ ᠡᠯ᠎ᠡ ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ︵ᠪᠡᠭᠡᠵᠢᠩ ᠠᠴᠠ ᠪᠤᠰᠤᠳ︶ ᠎ ᠳᠤ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ︽ᠨᠣᠭᠤᠭᠠᠨ ᠺᠣᠳ᠋︾᠎ ᠲᠠᠢ ᠬᠥᠮᠦᠰ ᠲᠤ ᠬᠢᠵᠠᠭᠠᠷᠯᠠᠬᠤ ᠨᠥᠬᠦᠴᠡᠯ ᠳᠣᠭᠢᠷᠠᠭᠤᠯᠬᠤ ᠥᠬᠡᠶ᠂ ᠭᠠᠳᠠᠭᠰᠢ ᠭᠠᠷᠬᠤ ᠳᠤ ᠲᠤᠰᠠᠭᠠᠷᠯᠠᠭᠰᠠᠨ ᠤ ᠬᠡᠷᠡᠭ ᠦᠭᠡᠢ ᠪᠣᠯᠵᠠᠢ᠃      ᠵᠠᠰᠠᠭ ᠤᠨ ᠶᠠᠪᠤᠳᠠᠯ ᠤᠨ ᠲᠦᠮᠡ ᠭᠠᠷᠤᠶ ᠵᠦᠶᠯ ᠤᠨ ᠦᠶᠯᠡᠴᠢᠯᠡᠭᠡ ᠶᠢ ᠲᠥᠪᠯᠡᠷᠡᠭᠦᠯᠦᠨ᠂ ᠠᠯᠠᠭᠠᠨ ᠳᠡᠭᠡᠷᠡᠬᠢ ᠦᠶᠯᠡᠴᠢᠯᠡᠭᠡᠨ ᠤ ᠰᠢᠨ᠎ᠡ ᠲᠠᠪᠴᠠᠩ ᠢ ᠪᠣᠶ ᠪᠣᠯᠭᠠᠵᠤ᠂ ᠣᠯᠠᠨ ᠲᠦᠮᠡᠨ ᠤ ︽ᠣᠯᠠᠨᠲᠠ ᠭᠦᠶᠦᠬᠦ︾ ︽ᠶᠠᠪᠤᠳᠠᠯ ᠭᠦᠶᠴᠡᠳᠬᠡᠬᠦ ᠳᠤ ᠬᠦᠴᠢᠷᠲᠡᠶ ᠪᠠᠶᠢᠬᠤ︾ ᠵᠡᠷᠭᠡ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ      ᠶᠠᠩ ᠠᠪᠠᠭ᠋ᠠᠶ ᠪᠣᠯ ᠥᠪᠥᠷ ᠮᠣᠩᠭᠤᠯ ᠤᠨ ᠨᠢᠭᠡᠨ ᠡᠳ᠋ ᠤᠨ ᠶᠠᠪᠤᠳᠠᠯ ᠤᠨ ᠣᠷᠣᠯᠠᠨ ᠭᠦᠶᠴᠡᠳᠬᠡᠬᠦ ᠬᠢᠵᠠᠭᠠᠷᠲᠤ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠮᠥᠨ᠂ ᠲᠣᠭᠲᠠᠮᠠᠯ ᠪᠤᠰᠤ ᠬᠤᠭᠤᠴᠠᠭ᠎ᠠ ᠎ ᠲᠠᠢ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠬᠦᠷᠴᠦ ᠡᠯ᠎ᠡ ᠵᠦᠶᠯ ᠤᠨ ᠶᠠᠷᠰᠢᠭ ᠲᠦᠪᠡᠭᠲᠡᠶ ᠲᠤᠬᠠᠶᠢᠯᠠᠭᠰᠠᠨ ᠠᠵᠢᠯ ᠢ ᠭᠦᠶᠴᠡᠳᠬᠡᠬᠦ ᠴᠢᠬᠤᠯᠠᠲᠠᠶ ᠪᠠᠶᠢᠳᠠᠭ᠃ ᠶᠠᠩ ᠠᠪᠠᠭ᠋ᠠᠶ ᠲᠤᠷᠰᠢᠵᠤ ᠦᠵᠡᠬᠦ ᠣᠪᠣᠷ ᠢᠶᠠᠷ ︽ᠮᠥᠩᠭᠡ ᠰᠤᠪᠠᠭ︾ APP᠎ ᠢ ᠪᠠᠭᠤᠯᠭᠠᠵᠤ᠂ ᠬᠡᠷᠡᠭᠯᠡᠭᠰᠡᠨ ᠤ ᠳᠠᠷᠠᠭ᠎ᠠ᠄ ︽ᠲᠤᠬᠠᠶᠢᠯᠠᠭᠰᠠᠨ ᠠᠵᠢᠯ ᠤᠨ ᠭᠦᠶᠴᠡᠳᠬᠡᠬᠦ ᠶᠠᠪᠤᠴᠠ ᠶᠢ ᠮᠠᠰᠢ ᠲᠣᠳᠣᠷᠬᠠᠶ ᠪᠢᠴᠢᠵᠦ᠂ ᠲᠤᠰᠢᠶᠠᠬᠤ ᠴᠢᠬᠤᠯᠠᠲᠠᠶ ᠮᠠᠲ᠋ᠧᠷᠢᠶᠠᠯ ᠢ ᠤᠷᠢᠳᠴᠢᠯᠠᠨ ᠪᠡᠯᠡᠳᠬᠡᠵᠦ᠂ ᠨᠢᠭᠡ ᠤᠳᠠᠭ᠎ᠠ ᠴᠣᠩᠬᠤᠪᠴᠢ ᠳᠤ ᠬᠦᠷᠴᠦ ᠣᠴᠢᠪᠠᠯ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ᠂ ᠦᠨᠡᠬᠡᠷ ᠴᠥᠭᠡᠨ ᠪᠤᠰᠤ ᠲᠥᠬᠦᠮ ᠦᠵᠡᠭᠦᠯᠪᠡ᠃︾ ᠬᠡᠮᠡᠨ ᠰᠡᠳᠬᠢᠯ ᠳᠣᠭᠳᠣᠯᠣᠨ ᠶᠠᠷᠢᠵᠤ ᠪᠠᠶᠢᠯ᠎ᠠ᠃      ︽ᠮᠥᠩᠭᠡ ᠰᠤᠪᠠᠭ︾ APP᠎ ᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︽ᠭᠤᠷᠪᠠᠨ ᠱᠠᠲᠤ︾ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠤ ︽ᠨᠢᠭᠡ ᠥᠷᠲᠡᠭᠡ ᠮᠠᠶ᠋ᠢᠭ︾᠎ ᠤᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠦᠨᠡᠯᠡᠬᠦ ᠪᠥᠬᠦ ᠴᠤᠪᠤᠷᠠᠯ ᠤᠨ ᠦᠶᠯᠡᠴᠢᠯᠡᠭᠡ ᠬᠠᠩᠭᠠᠵᠠᠢ᠃ ᠡᠭᠦᠨ ᠤ ᠬᠠᠮᠲᠤ᠂ ︽ᠮᠥᠩᠭᠡ ᠰᠤᠪᠠᠭ︾ APP ᠪᠠᠰᠠ ᠠᠷᠠᠳ ᠎ ᠲᠤ ᠳᠦᠭᠦᠮ ᠦᠵᠡᠭᠦᠯᠬᠦ ᠣᠯᠠᠨ ᠵᠦᠶᠯ ᠤᠨ ᠦᠶᠯᠡᠴᠢᠯᠡᠭᠡ ᠬᠠᠩᠭᠠᠵᠤ᠂ ᠣᠯᠠᠨ ᠲᠦᠮᠡᠨ ᠳᠤ ᠬᠡᠷ ᠠᠴᠠ ᠪᠠᠨ ᠭᠠᠷᠤᠯ ᠦᠭᠡᠢ ᠪᠠᠷ ᠭᠦᠢᠴᠡᠳᠬᠡᠬᠦ ᠠᠮᠢᠳᠤᠷᠠᠯ ᠤᠨ ᠲᠥᠬᠦᠮ ᠦᠵᠡᠭᠦᠯᠵᠡᠢ᠃ ᠣᠳᠣᠬᠠᠨ ᠳᠤ᠂ ︽ᠮᠥᠩᠭᠡ ᠰᠤᠪᠠᠭ︾ APP᠎ ᠨᠢ ᠪᠥᠬᠦ ᠣᠷᠣᠨ ᠤ 3056 ᠰᠠᠯᠠᠭ᠎ᠠ ᠮᠥᠴᠢᠷ ᠤᠨ 48240 ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠵᠠᠯᠭᠠᠨ ᠣᠷᠣᠭᠤᠯᠪᠠ︔ 12 ᠠᠶᠢᠮᠠᠭ ᠬᠤᠲᠠ᠂ ᠲᠥᠯᠥᠪᠯᠡᠭᠡ ᠳᠤ ᠠᠰ ᠲᠤ ᠪᠠᠨ 2 ᠬᠤᠲᠠ ᠪᠠ 103 ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ︽ᠰᠦᠯᠵᠢᠶᠡᠨ ᠳᠡᠭᠡᠷᠡᠬᠢ ᠴᠣᠩᠬᠤᠪᠴᠢ︾ ᠭᠠᠷᠭᠠᠵᠤ ᠥᠭᠴᠡᠶ᠃      ᠡᠭᠦᠨ ᠠᠴᠠ ᠭᠠᠳᠠᠨ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠨᠡᠶᠢᠭᠡᠮ ᠤᠨ ᠳᠠᠭᠠᠳᠬᠠᠯ ᠢ ᠪᠠᠶᠢᠴᠠᠭᠠᠨ ᠯᠠᠪᠯᠠᠬᠤ᠂ ᠵᠢᠯᠣᠭᠤᠴᠢ ᠶᠢᠨ ᠦᠨᠡᠮᠯᠡᠯ ᠰᠣᠯᠢᠵᠤ ᠠᠪᠬᠤ᠂ ᠵᠠᠮ ᠬᠠᠷᠢᠯᠴᠠᠭᠠᠨ ᠤ ᠲᠣᠷᠭᠠᠭᠤᠯᠢ ᠶᠢᠨ ᠮᠥᠩᠭᠦ ᠲᠤᠰᠢᠶᠠᠬᠤ᠂ ᠬᠠᠤᠯᠢ ᠴᠠᠭᠠᠵᠠ ᠶᠢᠨ ᠠᠯᠪᠠᠨ ᠭᠡᠷᠡᠴᠢᠯᠡᠭᠡ ᠬᠢᠬᠦ ᠵᠡᠷᠭᠡ 32 ᠵᠦᠶᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠬᠡᠷᠡᠭᠯᠡᠭᠡ᠂ 16 ᠵᠦᠶᠯ ᠤᠨ ᠵᠠᠮ ᠬᠠᠷᠢᠯᠴᠠᠭᠠᠨ ᠎ ᠤ ᠬᠠᠮᠢᠶᠠᠷᠤᠯᠲᠠ ᠶᠢᠨ ᠦᠢᠯᠡᠴᠢᠯᠡᠭᠡ᠂ 7 ᠵᠦᠶᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠨᠢᠭᠡᠨᠲᠡ ᠪᠥᠬᠦ ᠲᠠᠯ᠎ᠠ ᠪᠠᠷ ᠬᠤᠷᠤᠭᠤᠨ ᠥᠨᠳᠡᠭᠡ ᠪᠠᠷ ᠭᠦᠢᠴᠡᠳᠬᠡᠬᠦ ᠪᠣᠯᠪᠠ︔ ᠡᠭᠦᠨ ᠤ ᠬᠠᠮᠲᠤ ᠡᠷᠡᠭᠦᠯ ᠮᠡᠨᠳᠦ ᠎ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ ᠮᠠᠰᠢᠨ ᠠᠶᠠᠯᠠᠯ ᠤᠨ ᠦᠨᠡᠮᠯᠡᠯ᠂ ᠣᠷᠤᠭ ᠤᠨ ᠦᠨᠡᠮᠯᠡᠯ᠂ ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢ᠂ ᠡᠵᠡᠩᠨᠡᠯᠲᠡ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠢ ᠨᠢᠭᠡ ᠯᠡ ᠳᠠᠷᠤᠭᠤᠯ ᠢᠶᠠᠷ ᠭᠦᠢᠴᠡᠳᠬᠡᠬᠦ ᠪᠣᠯᠵᠠᠢ︔ ᠦᠶᠯᠡᠴᠢᠯᠡᠭᠡᠨ ᠎ ᠤ ᠬᠡᠪᠴᠢᠶ᠎ᠡ ᠨᠢ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠭᠦᠶᠴᠡᠳᠬᠡᠬᠦ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠡᠮ ᠡᠮᠨᠡᠯᠭᠡ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠷᠠᠳ ᠲᠤ ᠳᠥᠭᠦᠮ ᠦᠵᠡᠭᠦᠯᠬᠦ ᠵᠡᠷᠭᠡ ᠡᠯ᠎ᠡ ᠬᠦᠷᠢᠶ᠎ᠡ ᠴᠠᠷᠠᠭ᠎ᠠ ᠳᠤ ᠬᠤᠯᠪᠣᠭᠳᠠᠵᠠᠢ᠃      ᠳᠡᠯᠭᠡᠷᠡᠭᠦᠯᠬᠦ ᠶᠢ ᠴᠢᠬᠤᠯᠠᠴᠢᠯᠠᠨ ᠬᠡᠷᠡᠭᠯᠡᠭᠡᠨ ᠢ ᠴᠢᠩᠭᠠᠳᠬᠠᠵᠤ᠂ ᠣᠯᠠᠨ ᠲᠦᠮᠡᠨ ᠳᠤ ᠰᠢᠯᠵᠢᠭᠡ ᠬᠤᠯᠪᠣᠭ᠎ᠠ ᠶᠢᠨ ᠣᠯᠭᠤᠬᠤ ᠠᠮᠢᠳᠤᠷᠠᠯ ᠤᠨ ᠲᠥᠬᠦᠮ ᠨᠥᠬᠦᠴᠡᠯ ᠢ ᠭᠦᠶᠴᠡᠳ ᠡᠳ᠋ᠯᠡᠭᠦᠯᠪᠡ      ︽ᠮᠥᠩᠭᠡ ᠰᠤᠪᠠᠭ︾᠎ ᠨᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠤᠷᠢᠳ ᠬᠤᠵᠢᠳ ︽ᠬᠢᠵᠢᠭ ᠤᠨ ᠪᠠᠶᠢᠳᠠᠯ ᠤᠨ ᠲᠤᠰᠬᠠᠶ ᠰᠡᠳᠦᠪ︾ ︽ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ︾ ︽ᠲᠤᠰᠬᠠᠶ ᠰᠡᠳᠦᠪᠲᠦ ᠦᠶᠯᠡᠴᠢᠯᠡᠭᠡ︾ ᠵᠡᠷᠭᠡ ᠦᠶᠯᠡᠴᠢᠯᠡᠭᠡᠨ ᠤ ᠪᠤᠯᠤᠩ ᠢ ᠵᠠᠯᠭᠠᠭ᠎ᠠ ᠪᠠᠷ ᠰᠦᠯᠵᠢᠶᠡᠨ ᠳᠤ ᠭᠠᠷᠭᠠᠵᠤ᠂ ᠪᠥᠬᠦ ᠣᠷᠣᠨ ᠳᠤ ᠮᠠᠰᠢ ᠲᠥᠷᠭᠡᠨ ᠬᠡᠷᠡᠭᠯᠡᠭᠡᠨ ᠤ ᠥᠷᠨᠢᠯᠲᠡ ᠶᠢ ᠪᠣᠶ ᠪᠣᠯᠭᠠᠵᠤ᠂ ︽ᠮᠥᠩᠭᠡ ᠰᠤᠪᠠᠭ︾APP᠎ ᠨᠢ ᠬᠡᠷᠡᠭᠯᠡᠭᠴᠢ ᠶᠢᠨ ᠬᠡᠮᠵᠢᠶ᠎ᠡ ᠪᠠ ᠣᠯᠠᠨ ᠤ ᠮᠠᠭᠲᠠᠭᠠᠯ ᠤᠨ ︽ᠬᠤᠤᠰ ᠡᠯᠪᠡᠭ ᠬᠤᠷᠢᠶᠠᠯᠲᠠ︾᠎ ᠶᠢ ᠣᠯᠤᠭᠰᠠᠨ ᠪᠠᠶᠢᠨ᠎ᠠ᠃ ᠵᠠᠯᠭᠠᠭᠠᠳ᠂ ︽ᠮᠥᠩᠭᠡ ᠰᠤᠪᠠᠭ︾ APP  ᠎ ᠨᠢ ᠦᠶᠯᠡᠴᠢᠯᠡᠭᠡᠨ ᠤ ᠠᠭᠤᠯᠭ᠎ᠠ ᠪᠠᠨ ᠦᠷᠭᠦᠯᠵᠢᠯᠡᠨ ᠪᠦᠷᠢᠨᠰᠢᠭᠦᠯᠬᠦ ᠶᠢᠨ ᠬᠠᠮᠲᠤ  ᠲᠠᠰᠤᠷᠠᠯᠲᠠ ᠥᠬᠡᠶ ᠬᠦᠴᠦᠯᠡᠨ ᠳᠡᠯᠭᠡᠷᠡᠭᠦᠯᠬᠦ ᠪᠣᠯᠣᠨ᠎ᠠ᠃ ︽ᠮᠥᠩᠭᠡ ᠰᠤᠪᠠᠭ︾ APP᠎ ᠤᠨ ᠡᠯ᠎ᠡ ᠲᠥᠷᠥᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠬᠡᠷᠡᠭᠯᠡᠭᠡᠨ ᠢᠶᠠᠷ ᠭᠤᠤᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠯᠤᠭ᠎ᠠ ᠬᠤᠯᠪᠣᠭᠠᠯᠠᠨ᠂ ᠥᠪᠥᠷ ᠮᠣᠩᠭᠤᠯ ᠎ ᠤᠨ ᠡᠳᠦᠷ ᠤᠨ ᠰᠣᠨᠢᠨ ᠤ ᠬᠤᠷᠢᠶ᠎ᠠ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠡᠭᠦᠨ ᠤ ᠤᠯᠠᠮ ᠢᠶᠠᠷ ᠪᠥᠬᠦ ᠣᠷᠣᠨ ᠤ ᠰᠣᠨᠢᠨ ᠮᠡᠳᠡᠭᠡ ᠪᠠ ᠰᠦᠯᠵᠢᠶ᠎ᠡ ᠶᠢᠨ ᠬᠤᠯᠪᠣᠭ᠎ᠠ᠂ ᠮᠣᠩᠭᠤᠯ ᠰᠣᠨᠢᠨ ᠮᠡᠳᠡᠭᠡ ᠪᠠ ᠰᠦᠯᠵᠢᠶ᠎ᠡ ᠶᠢᠨ ᠬᠤᠯᠪᠣᠭ᠎ᠠ᠂ ᠥᠪᠥᠷ ᠮᠣᠩᠭᠤᠯ ᠤᠨ ᠬᠤᠪᠢ ᠶᠢᠨ ᠵᠠᠭᠤᠴᠢᠯᠠᠭᠤᠷ ᠤᠨ ᠬᠤᠯᠪᠣᠭ᠎ᠠ᠂ ᠪᠥᠬᠦ ᠣᠷᠣᠨ ᠤ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠵᠢᠴᠢ ᠪᠥᠬᠦ ᠤᠯᠤᠰ ᠤᠨ ᠵᠠᠭᠤᠨ ᠳ᠋ᠦᠩᠰᠢᠭᠤᠷ ᠢ ᠳᠠᠪᠠᠭᠰᠠᠨ PV ᠤᠷᠤᠰᠴᠠ ᠶᠢᠨ ᠸᠢᠳᠢᠣ᠋ ᠲᠠᠪᠴᠠᠩ ᠵᠡᠷᠭᠡ ᠡᠬᠢ ᠪᠠᠶᠠᠯᠢᠭ ᠯᠤᠭ᠎ᠠ ᠬᠤᠯᠪᠣᠭᠠᠯᠠᠨ ᠬᠥᠳᠡᠯᠦᠯᠴᠡᠵᠦ᠂ ︽ᠮᠥᠩᠭᠡ ᠰᠤᠪᠠᠭ︾ APP᠎ ᠢ ᠤᠬᠠᠭᠤᠯᠬᠤ ᠪᠠ ᠳᠡᠯᠭᠡᠷᠡᠭᠦᠯᠬᠦ ᠠᠵᠢᠯ ᠢ ᠪᠥᠬᠦ ᠲᠠᠯ᠎ᠠ ᠪᠠᠷ᠂ ᠥᠨᠴᠥᠭ ᠪᠤᠯᠤᠩ ᠦᠯᠡᠳᠡᠭᠡᠯ ᠥᠬᠡᠶ ᠪᠠᠷ ᠥᠷᠨᠢᠭᠦᠯᠬᠦ ᠪᠣᠯᠣᠨ᠎ᠠ᠃      ᠵᠠᠯᠭᠠᠭᠠᠳ᠂ ︽ᠮᠥᠩᠭᠡ ᠰᠤᠪᠠᠭ︾ APP  ᠎ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ︽ᠠᠯᠠᠭᠠᠨ ᠳᠡᠭᠡᠷ᠎ᠡ ᠭᠦᠢᠴᠡᠳᠬᠡᠬᠦ︾᠂ ︽ᠬᠤᠷᠤᠭᠤᠨ ᠥᠨᠳᠡᠭᠡ ᠪᠠᠷ ᠭᠦᠢᠴᠡᠳᠬᠡᠬᠦ︾᠎ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠥᠨᠳᠥᠷ ᠳᠠᠪᠲᠠᠮᠵᠢᠲᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠭᠡᠨ ᠤ ᠪᠠᠶᠢᠳᠠᠯ ᠢ ᠦᠷᠭᠦᠯᠵᠢᠯᠡᠨ ᠪᠣᠶ ᠪᠣᠯᠭᠠᠵᠤ᠂ ᠡᠯ᠎ᠡ ᠲᠥᠷᠥᠯ ᠤᠨ ᠵᠠᠰᠠᠭ ᠤᠨ ᠶᠠᠪᠤᠳᠠᠯ᠂ ᠨᠡᠶᠢᠭᠡᠮ ᠤᠨ ᠡᠬᠢ ᠪᠠᠶᠠᠯᠢᠭ ᠎ ᠯᠤᠭ᠎ᠠ ᠠᠭᠤᠰᠤᠯᠴᠠᠭᠤᠯᠤᠨ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠳᠤ ᠲᠤᠲᠤᠨᠤᠰᠤᠭ᠂ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠭᠦᠶᠴᠡᠳᠬᠡᠬᠦ ᠳᠤ ᠳᠦᠭᠦᠮ ᠪᠠᠶᠢᠯᠭᠠᠵᠤ᠂ ᠪᠥᠬᠦ ᠣᠷᠣᠨ ᠤ ᠨᠢᠭᠡᠳᠦᠮᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠯᠵᠢᠮᠡᠯ ᠦᠵᠦᠭᠦᠷ ᠤᠨ ᠨᠡᠷᠡᠲᠦ ᠲᠡᠮᠳᠡᠭ ᠢ ᠪᠤᠢ ᠪᠣᠯᠭᠠᠨ᠎ᠠ︕ ᠪᠢᠳᠡ ᠡᠳᠦᠷ ᠰᠥᠨᠢ ᠦᠭᠡᠢ ᠤᠷᠤᠭᠰᠢᠯᠠᠨ᠂ ᠲᠦᠷᠭᠡᠨ ᠮᠣᠷᠢᠨ ᠳᠤ ᠲᠠᠰᠢᠭᠤᠷ ᠨᠡᠮᠡᠵᠦ᠂ ᠡᠨᠡᠬᠦ ᠥᠨᠳᠥᠷ ᠪᠦᠲᠦᠮᠵᠢᠲᠡᠶ ᠠᠷᠠᠳ ᠲᠤ ᠳᠥᠭᠦᠮ ᠦᠵᠡᠭᠦᠯᠬᠦ ᠵᠠᠰᠠᠭ ᠤᠨ ᠶᠠᠪᠤᠳᠠᠯ ᠤᠨ ᠰᠢᠨ᠎ᠡ ᠠᠷᠭ᠎ᠠ ᠬᠡᠮᠵᠢᠶ᠎ᠡ ᠶᠢᠨ ᠦᠢᠯᠡᠳᠦᠯ ᠢ ᠨᠠᠩ ᠶᠡᠭᠡ ᠪᠠᠳᠠᠷᠠᠭᠤᠯᠬᠤ ᠪᠠᠷ ᠪᠤᠢ᠃
     ᠬᠤᠶᠠᠷ ᠬᠡᠮᠵᠢᠯᠳᠦ ᠺᠣᠳ᠋ ᠢ ᠰᠢᠷᠪᠢᠵᠦ ︽ᠮᠥᠩᠭᠡ ᠰᠤᠪᠠᠭ︾ APP᠎ ᠢ ᠪᠠᠭᠤᠯᠭᠠᠵᠤ ᠠᠪᠤᠭᠠᠷᠠᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号