ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠳᠠ ᠶᠢᠨ ᠬᠤᠯᠪᠣᠭᠳᠠᠯ ᠪᠦᠬᠦᠢ ᠣᠴᠢᠷ ᠢ ᠲᠣᠳᠣᠷᠬᠠᠶᠢᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/4/21

                    ᠥᠪᠥᠷ ᠵᠠᠰᠠᠭ ᠲᠠᠷᠬᠠᠭᠠᠭᠰᠠᠨ ﹇2019﹈ 17 ᠳ᠋ᠤᠭᠠᠷ ᠲᠤᠭᠠᠳᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄
     ︽ᠨᠠᠩ ᠶᠡᠭᠡ ᠬᠡᠪᠴᠢᠶᠠᠨ ᠳᠤ ᠭᠠᠶᠢᠯᠢ ᠬᠠᠰᠤᠵᠦ ᠰᠦᠢᠳᠬᠡᠯ ᠪᠠᠭᠤᠷᠠᠭᠤᠯᠬᠤ ᠶᠢ ᠬᠡᠷᠡᠭᠵᠢᠭᠦᠯᠦᠭᠰᠡᠨ ᠤ ᠳᠠᠷᠠᠭ᠎ᠠ ᠲᠥᠪ ᠤᠨ ᠪᠠ ᠣᠷᠣᠨ ᠨᠤᠲᠤᠭ ᠤᠨ ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ ᠬᠢᠭᠦ ᠠᠵᠢᠯ ᠤᠨ ᠥᠭᠡᠷᠡᠴᠢᠯᠡᠯᠲᠡ ᠶᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠳᠠᠷᠬᠠᠭᠠᠭᠰᠠᠨ ﹇2019﹈ 21 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠬᠢᠭᠡᠣᠨ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠳᠠ ᠶᠢᠨ ᠬᠤᠯᠪᠣᠭᠳᠠᠯ ᠪᠥᠬᠦᠶ ᠣᠴᠢᠷ ᠢ ᠲᠣᠳᠣᠷᠬᠠᠶᠢᠯᠠᠬᠤ ᠪᠠᠷ ᠳᠣᠤᠷᠠᠬᠢ ᠮᠡᠲᠦ ᠮᠡᠳᠡᠭᠳᠡᠶ᠎ᠡ᠃
     ᠨᠢᠭᠡ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠬᠤ ᠥᠷᠲᠡᠭ ᠨᠡᠮᠡᠭᠳᠡᠯ ᠤᠨ ᠭᠠᠶᠢᠯᠢ ᠶᠢᠨ ᠬᠠᠷᠢᠴᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠩᠳᠠᠢ
     ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠶᠠᠪᠤᠨᠨᠳᠠᠭᠤᠯᠤᠨᠨᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠥᠷᠲᠡᠭ ᠨᠡᠮᠡᠭᠳᠠᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ ᠬᠢᠭᠦ ᠰᠢᠯᠵᠢᠯᠲᠡ ᠶᠢᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 34 ᠳ᠋ᠤᠭᠡᠷ ᠲᠣᠭᠠᠲᠤ︶ ᠳᠤ ᠲᠣᠭᠲᠠᠭᠠᠭᠰᠠᠨ 2 ᠠᠴᠠ 3 ᠵᠢᠯ ᠤᠨ ᠰᠢᠯᠵᠢᠯᠲᠡ ᠶᠢᠨ ᠬᠤᠭᠤᠴᠠᠭ᠎ᠠ ᠨᠢ 2019 ᠣᠨ ᠤ ᠰᠡᠭᠦᠯᠴᠢ ᠪᠤᠯᠬᠤ ᠳᠤ ᠬᠤᠭᠤᠴᠠᠭ᠎ᠠ ᠨᠢ ᠲᠤᠯᠬᠤ ᠪᠣᠯᠤᠨ᠎ᠠ᠃ ᠲᠥᠷᠥ ᠲᠠᠷᠬᠠᠭᠠᠭᠰᠠᠨ ﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ︽ᠣᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠤᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠦᠯᠡᠳᠡᠭᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ 50% ᠶᠢᠨ ᠬᠡᠰᠡᠭ ᠲᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠬᠢᠭᠡᠳ ᠠᠶᠢᠮᠠᠭ ᠬᠤᠲᠠ ᠶᠢᠨ ᠤᠤᠯ ᠤᠨ ᠬᠤᠪᠢᠶᠠᠷᠢᠯᠠᠭᠰᠠᠨ ᠬᠠᠷᠢᠴᠠᠯ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠲᠣᠰ ᠱᠠᠳᠤᠨ ᠳᠤ 30% ᠬᠤᠪᠢᠳᠠᠵᠦ᠂ ᠠᠶᠢᠮᠠᠭ ᠬᠤᠲᠠ ᠨᠢ ᠭᠠᠶᠢᠯᠢ ᠲᠤᠰᠢᠶᠠᠬᠤ ᠭᠠᠵᠠᠷ ᠢᠶᠠᠷ 70% ᠬᠤᠪᠢᠳᠠᠬᠤ ᠬᠡᠷᠡᠭᠳᠡᠢ᠃
     ᠬᠤᠶᠠᠷ᠂ ᠦᠷᠳᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠲᠣᠬᠢᠷᠠᠭᠤᠯᠤᠨ ᠲᠡᠭᠦᠯᠳᠡᠷᠵᠢᠭᠦᠯᠭᠦ ᠬᠡᠷᠡᠭᠳᠠᠢ
     ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠤᠷᠲᠤ ᠬᠤᠭᠤᠴᠠᠭᠠᠨ ᠤ ᠪᠦᠲᠦᠮᠵᠢᠳᠠᠢ ᠲᠣᠭᠲᠠᠴᠠ ᠶᠢ ᠪᠠᠶᠢᠭᠤᠯᠬᠤ ᠳᠠᠯ᠎ᠠ ᠪᠠᠷ ᠬᠢ ᠲᠦᠪ ᠤᠨ ᠱᠠᠭᠠᠷᠳᠠᠯᠭ᠎ᠠ ᠶᠣᠰᠣᠭᠠᠷ᠂ ᠥᠷᠲᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠣᠴᠠᠭᠠᠬᠤ ᠭᠠᠶᠢᠯᠢ ᠶᠢᠨ ᠥᠪᠡᠷᠲᠡᠭᠡᠨ ᠵᠠᠰᠠᠬᠤ ᠣᠷᠣᠨ ᠤ ᠬᠤᠪᠢᠶᠠᠨ ᠡᠭᠦᠷᠭᠡᠯᠡᠭᠦ 50% ᠶᠢᠨ ᠬᠡᠰᠡᠭ ᠲᠤ ᠪᠤᠯ᠂ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠦᠪᠡᠷᠳᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ︽ᠭᠤᠷᠪᠠ ᠳᠣᠯᠤᠭ᠎ᠠ︾ ᠶᠢᠨ ᠬᠤᠪᠢᠶᠠᠨ ᠡᠭᠦᠷᠭᠡᠯᠡᠬᠦ ᠬᠠᠷᠢᠴᠠᠯ ᠢ ᠦᠯᠦ ᠬᠤᠪᠢᠷᠠᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠳᠡᠭᠡᠷ᠎ᠡ ᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢ ᠬᠤᠪᠢᠳ᠋ᠬᠠᠰᠠᠨ ᠲᠤᠭᠠᠨ ᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠶᠢᠮᠠᠭ ᠬᠤᠲᠠ ᠶᠢᠨ ᠬᠤᠭᠤᠷᠣᠨᠳᠣᠬᠢ ᠬᠤᠪᠢᠶᠠᠨ ᠡᠭᠦᠷᠭᠡᠯᠡᠬᠦ ᠠᠷᠭ᠎ᠠ ᠶᠢ ᠵᠦᠶ ᠵᠣᠬᠢᠰᠲᠠᠶ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠪᠣᠳᠠᠳᠠᠢ ᠠᠷᠭ᠎ᠠ ᠶᠢ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠣᠭᠦᠯᠡᠨ ᠭᠠᠷᠭᠠᠵᠦ᠂ ᠡᠳ᠋ ᠤᠨ ᠵᠠᠰᠠᠭ ᠤᠨ ᠶᠠᠮᠣᠨ᠂ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ᠂ ᠲᠣᠮᠳᠠᠳᠣ ᠣᠯᠣᠰ ᠤᠨ ᠠᠷᠠᠣᠨ ᠤᠨ ᠪᠠᠩᠬᠢ ᠶᠢᠨ ᠬᠠᠮᠳᠣᠷᠠᠨ ᠲᠠᠷᠤᠮᠠᠯᠯᠠᠵᠦ ᠳᠠᠷᠬᠠᠭᠠᠭᠰᠠᠨ ︽ᠦᠷᠳᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢ ᠣᠷᠣᠨ ᠨᠣᠳᠤᠭ ᠤᠨ ᠬᠤᠪᠢᠶᠠᠨ ᠡᠭᠦᠷᠭᠡᠯᠡᠬᠦ ᠲᠣᠭᠳᠠᠴᠨ ᠵᠢᠴᠢ ᠲᠦᠰᠣᠪ ᠤᠨ ᠬᠠᠮᠢᠶᠠᠷᠣᠯᠳᠠ ᠶᠢᠨ ᠬᠤᠯᠪᠣᠭᠳᠠᠯ ᠪᠦᠭᠦᠢ ᠵᠦᠢᠯᠡᠰ ᠢ ᠲᠣᠬᠢᠷᠠᠭᠤᠯᠣᠨ ᠳᠡᠭᠦᠯᠳᠡᠷᠵᠢᠭᠦᠯᠭᠦ ᠲᠣᠬᠠᠢ ᠮᠡᠳᠡᠭᠳᠠᠯ︾ ︵ᠡᠳ᠋ ᠲᠦᠰᠣᠪ ﹇2019﹈ 205 ᠳ᠋ᠣᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠣᠰᠣᠯᠡᠵᠣ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠣᠷᠠᠵᠣ ᠦᠪᠡᠷᠳᠡᠭᠡᠨ ᠵᠠᠰᠠᠬᠤ ᠣᠷᠣᠨ ᠤ ᠪᠣᠳᠠᠳᠠᠢ ᠲᠠᠢ ᠪᠠᠨ ᠣᠶᠠᠯᠳᠣᠭᠤᠯᠣᠨ ᠲᠣᠭᠳᠠᠭᠠᠬᠤ ᠬᠡᠷᠩᠳᠠᠢ᠃
     ᠭᠤᠷᠪᠠ᠂ ᠲᠥᠪ ᠤᠨ ᠬᠡᠷᠡᠭᠯᠡᠭᠡ ᠶᠢᠨ ᠭᠠᠶᠢᠯᠢ ᠶᠢᠨ ᠬᠠᠮᠢᠶ᠎ᠠ ᠪᠥᠬᠦᠶ ᠥᠭᠡᠷᠡᠴᠢᠯᠡᠯᠲᠡ ᠶᠢ ᠨᠠᠶᠢᠳᠠᠪᠣᠷᠢᠵᠢᠭᠤᠯᠬᠤ ᠬᠡᠷᠡᠭᠳᠠᠢ
     ᠣᠷᠣᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢ ᠪᠦᠷᠢᠨᠰᠢᠬᠦᠯᠬᠦ ᠥᠭᠡᠷᠡᠴᠢᠯᠡᠯᠲᠡ ᠶᠢ ᠠᠬᠢᠭᠤᠯᠬᠤ ᠲᠥᠪ ᠤᠨ ᠠᠵᠢᠯ ᠤᠨ ᠠᠬᠢᠴᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠲᠥᠷᠥ ᠲᠠᠷᠬᠠᠭᠠᠭᠰᠠᠨ

﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ᠬᠡᠷᠡᠭᠯᠡᠭᠡ ᠶᠢᠨ ᠭᠠᠶᠢᠯᠢ ᠲᠠᠲᠠᠪᠤᠷᠢᠯᠠᠬᠤ ᠭᠤᠨᠨᠴᠤᠭ᠎ᠠ ᠶᠢ ᠬᠤᠶᠢᠰᠢᠯᠠᠭᠤᠯᠬᠤ ᠶᠢᠨ ᠲᠠᠭᠠᠤ ᠣᠷᠣᠨ ᠨᠤᠲᠤᠭ ᠲᠤ ᠲᠣᠭᠳᠠᠭᠤᠨ ᠢᠶᠠᠷ ᠬᠤᠪᠢᠶᠠᠷᠢᠯᠬᠠᠰᠠᠨ ᠬᠠᠮᠢᠶ᠎ᠠ ᠪᠦᠭᠦᠢ ᠦᠭᠡᠷᠡᠴᠢᠯᠡᠯᠳᠠ ᠶᠢᠨ ᠠᠵᠢᠯ ᠢ ᠢᠳᠡᠪᠬᠢᠲᠡᠶ ᠪᠠᠷ ᠳᠠᠭᠠᠵᠤ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠶᠠᠮᠣᠨ ᠠᠴᠠ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠳᠣᠷᠠᠵᠣ ᠪᠣᠳᠠᠳᠠᠢ ᠠᠷᠭ᠎ᠠ ᠶᠢ ᠰᠤᠳᠤᠯᠤᠨ ᠲᠣᠭᠳᠠᠭᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠳᠣᠷᠠᠵᠣ ᠦᠪᠡᠷᠳᠡᠭᠡᠨ ᠵᠠᠰᠠᠬᠤ ᠣᠷᠣᠨ ᠤ ᠱᠠᠳᠤᠨ ᠠᠴᠠ ᠲᠣᠷᠣᠭᠰᠢᠬᠢ ᠬᠡᠷᠡᠭᠯᠡᠭᠡ ᠶᠢᠨ ᠭᠠᠶᠢᠯᠢ ᠶᠢᠨ ᠦᠭᠡᠷᠡᠴᠢᠯᠡᠯᠳᠠ ᠶᠢᠨ ᠠᠷᠭ᠎ᠠ ᠶᠢ ᠰᠣᠳᠣᠯᠣᠨ ᠲᠣᠭᠳᠠᠭᠠᠵᠣ᠂ ᠮᠡᠨ ᠤ ᠣᠷᠣᠨ ᠤ ᠨᠡᠩ ᠶᠡᠭᠡ ᠬᠡᠪᠴᠢᠶᠠᠨ ᠳᠤ ᠭᠠᠶᠢᠯᠢ ᠶᠢ ᠬᠠᠰᠣᠵᠣ ᠰᠦᠢᠣᠡᠭᠡᠯ ᠢ ᠪᠠᠭᠤᠷᠠᠭᠤᠯᠬᠤ ᠲᠠᠯ᠎ᠠ ᠪᠠᠷ ᠬᠢ ᠠᠷᠭᠠᠴᠠᠭᠠᠬᠤ ᠴᠢᠳᠠᠪᠣᠷᠢ ᠪᠠᠨ ᠨᠡᠮᠡᠭᠳᠡᠬᠦᠯᠬᠦ ᠬᠡᠷᠡᠭᠳᠡᠢ᠃
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥ ᠲᠠᠷᠬᠠᠭᠠᠭᠰᠠᠨ

﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ᠲᠣᠰ ᠮᠡᠳᠡᠭᠳᠡᠯ ᠤᠨ ᠵᠣᠷᠢᠭ ᠰᠠᠨᠠᠭ᠎ᠠ ᠪᠠᠷ᠂ ᠲᠣᠰ ᠱᠠᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠠᠷᠢᠶ᠎ᠠ ᠪᠦᠭᠦᠢ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠮᠳᠠᠭᠤᠯᠤᠨ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠤᠯᠳᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃


                                   ︵ᠲᠣᠰ ᠪᠢᠴᠢᠭ ᠮᠠᠲ᠋ᠧᠷᠢᠶᠠᠯ ᠢ ᠢᠯᠨ ᠨᠠᠶᠢᠳᠡᠯᠠᠨ᠎ᠠ︶


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ