| | | 4 ᠳ᠋ᠦ᠋ᠭᠡᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠠᠵᠢᠯᠲᠠᠳ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠶᠢᠨ ᠡᠬᠢ ᠪᠠᠶᠠᠯᠢᠭ ᠲᠤ ᠵᠠᠳᠠᠯᠤᠯᠲᠠ ᠬᠢᠵᠦ ᠪᠠᠶᠢᠭ᠎ᠠ ᠨᠢ᠃ | | ᠣᠶᠢᠯᠠᠭᠠᠭᠰᠠᠨ ᠢᠶᠠᠷ᠂ ᠡᠨᠡ ᠵᠢᠯ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠬᠢᠵᠢᠭ ᠤᠨ | ᠪᠠᠶᠢᠳᠠᠯ ᠢ ᠡᠵᠡᠮᠳᠡᠨ ᠬᠥᠭᠵᠢᠯᠲᠡ ᠶᠢ ᠠᠬᠢᠭᠤᠯᠵᠤ ᠪᠥᠬᠦ ᠲᠠᠯ᠎ᠠ ᠪᠠᠷ ᠴᠢᠨᠡᠭᠡᠯᠢᠭᠵᠢᠬᠦ ᠳᠤ ᠦᠢᠯᠡᠴᠢᠯᠡᠬᠦ︾ ᠭᠤᠤᠯ | ᠰᠡᠳᠦᠪ ᠤᠨ ᠲᠣᠭᠤᠷᠢᠨ ᠳᠤ᠂ 4 ᠶᠡᠭᠡ ᠲᠥᠷᠥᠯ 24 ᠵᠦᠢᠯ 82 ᠵᠣᠷᠪᠤᠰ ᠤᠨ ᠠᠷᠭ᠎ᠠ ᠬᠡᠮᠵᠢᠶ᠎ᠡ ᠲᠣᠭᠲᠠᠭᠠᠵᠤ᠂ | ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠶᠢᠨ ᠥᠪᠡᠷᠮᠢᠴᠡ ᠳᠠᠪᠠᠭᠤᠯᠢᠭ ᠪᠠ ᠳᠣᠲᠣᠭᠠᠳᠤ ᠥᠷᠲᠡᠭ ᠢ ᠭᠦᠢᠴᠡᠳ | ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠨᠢ ᠳᠡᠮᠵᠢᠯᠭᠡ ᠦᠵᠡᠭᠦᠯᠦᠨ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢ ᠢᠳᠡᠪᠬᠢᠲᠡᠶ ᠠᠬᠢᠭᠤᠯᠤᠨ᠂ ᠠᠵᠤ ᠠᠬᠤᠶᠢᠯᠠᠯ ᠢ ᠬᠠᠪᠰᠤᠷᠤᠨ ᠠᠵᠤ | ᠦᠢᠯᠡᠰ ᠤᠨ ᠬᠡᠯᠬᠢᠶ᠎ᠡ ᠶᠢ ᠨᠡᠪᠲᠡᠷᠡᠭᠦᠯᠵᠦ ᠪᠠᠶᠢᠨ᠎ᠠ᠃ ᠥᠨᠥ ᠪᠣᠯᠬᠤ ᠳᠤ᠂ ᠴᠡᠭ ᠠᠴᠠ ᠴᠡᠭ ᠲᠤ ᠵᠣᠯᠭᠠᠭᠤᠯᠤᠨ | ᠬᠠᠪᠰᠤᠷᠤᠨ ᠲᠡᠳᠬᠦᠭᠰᠡᠨ ᠠᠵᠤ ᠠᠬᠤᠶᠢᠯᠠᠯ 31 ᠪᠠᠶᠢᠵᠤ᠂ ᠪᠥᠬᠦ ᠤᠯᠤᠰ ᠤᠨ ᠬᠡᠪᠴᠢᠶᠡᠨ ᠳᠤ 730 ᠡᠷᠦᠬᠡ | ᠬᠠᠩᠭᠠᠯᠭ᠎ᠠ ᠶᠢᠨ ᠬᠤᠳᠠᠯᠳᠤᠭᠠᠴᠢᠨ ᠢ ᠲᠣᠬᠢᠷᠠᠭᠤᠯᠵᠠᠢ᠃ |