ᠡᠨᠡ ᠵᠢᠯ ᠪᠠᠶᠠᠨᠨᠠᠭᠤᠷ ᠬᠤᠲᠠ ᠬᠤᠲᠠ ᠶᠢᠨ ᠲᠠᠰ ᠤᠨ ᠡᠪᠡᠰᠦ ᠪᠣᠷᠳᠤᠭ᠎ᠠ ᠶᠢᠨ 3 ᠬᠦᠷᠢᠶᠡᠯᠡᠩ ᠲᠣᠭᠤᠷᠢᠭ ᠢ ᠭᠤᠣᠯᠳᠠᠭ᠎ᠠ ᠲᠠᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2020/4/22
     ᠥᠨᠥᠬᠡᠨ᠂ ᠪᠠᠶᠠᠨᠨᠠᠭᠤᠷ ᠬᠤᠲᠠ ᠶᠢᠨ ᠪᠣᠬᠢᠷᠲᠤᠯ ᠥᠬᠡᠶ ᠠᠵᠤ ᠦᠶᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠠᠯᠪᠠᠨ ᠬᠡᠷ ᠠᠴᠠ ᠣᠶᠢᠯᠠᠭᠠᠭᠰᠠᠨ ᠢᠶᠠᠷ᠂ ᠡᠨᠡ ᠵᠢᠯ ᠪᠠᠶᠠᠨᠨᠠᠭᠤᠷ ᠬᠤᠲᠠ ᠬᠤᠲᠠ ᠶᠢᠨ ᠲᠠᠰ ᠤᠨ ᠡᠪᠡᠰᠦ ᠪᠣᠷᠳᠤᠭ᠎ᠠ ᠶᠢᠨ 3 ᠬᠦᠷᠢᠶᠡᠯᠡᠩ ᠲᠣᠭᠤᠷᠢᠭ ᠢ ᠭᠤᠤᠯᠳᠠᠯᠭ᠎ᠠ ᠲᠠᠢ ᠪᠠᠶᠢᠭᠤᠯᠬᠤ ᠪᠠᠷ ᠪᠠᠶᠢᠨ᠎ᠠ᠃ ᠡᠭᠦᠨ ᠳᠤ ᠳ᠋ᠧᠩᠺᠡᠤ ᠰᠢᠶᠠᠨ ᠳᠤ 2᠂ ᠤᠷᠠᠳ ᠤᠨ ᠬᠤᠶᠢᠲᠤ ᠬᠤᠰᠢᠭᠤ ᠳᠤ 1 ᠪᠣᠶ᠃     3 ᠬᠤᠲᠠ ᠶᠢᠨ ᠳᠡᠰ ᠤᠨ ᠡᠪᠡᠰᠦ ᠪᠣᠷᠳᠣᠭᠠᠨ ᠤ ᠬᠦᠷᠢᠶᠡᠯᠡᠩ ᠲᠣᠭᠤᠷᠢᠭ ᠨᠢ ᠬᠥᠬᠡ ᠳᠠᠷᠤᠰᠢ ᠶᠢᠨ ᠡᠷᠳᠡᠨᠢ ᠰᠢᠰᠢ᠂ ᠬᠦᠷᠡᠩ ᠴᠠᠷᠭᠠᠰᠤ᠂ ᠰᠢᠬᠢᠷ ᠰᠢᠰᠢ ᠵᠡᠷᠭᠡ ᠪᠠᠶᠠᠨᠨᠠᠭᠤᠷ ᠬᠤᠲᠠ ᠶᠢᠨ ᠲᠡᠵᠢᠭᠡᠯ ᠡᠪᠡᠰᠦ ᠪᠣᠷᠳᠣᠭᠠᠨ ᠤ ᠠᠵᠤ ᠦᠶᠯᠡᠰ ᠤᠨ ᠬᠥᠭᠵᠢᠯᠲᠡ ᠶᠢᠨ ᠭᠤᠤᠯ ᠪᠣᠯᠬᠤ ᠴᠢᠨᠠᠷ ᠰᠠᠶᠢᠲᠠᠶ ᠡᠪᠡᠰᠦ ᠶᠢᠨ ᠡᠭᠦᠯᠳᠡᠷ ᠢ ᠲᠠᠷᠢᠬᠤ ᠪᠠᠷ ᠭᠤᠤᠯ ᠤᠳᠤᠷᠢᠳᠤᠮᠵᠢ ᠪᠣᠯᠭᠠᠵᠤ᠂ ᠡᠪᠡᠰᠦᠨ ᠤ ᠦᠶᠯᠡᠰ ᠤᠨ ᠬᠤᠯᠪᠣᠭᠠᠯᠠᠭᠰᠠᠨ ᠡᠷᠦᠬᠡ᠂ ᠬᠤᠷᠰᠢᠶ᠎ᠠ ᠪᠣᠯᠤᠨ ᠬᠦᠲᠦᠴᠢ ᠠᠵᠤ ᠠᠬᠤᠶᠢᠯᠠᠯ ᠢᠶᠠᠷ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ ᠪᠣᠯᠭᠠᠨ᠎ᠠ᠃ ᠪᠠᠷᠢᠮᠵᠢᠶᠠᠵᠢᠭᠤᠯᠤᠨ ᠲᠠᠷᠢᠬᠤ ᠮᠡᠷᠭᠡᠵᠢᠯ᠂ ᠳᠥᠷᠪᠡ ᠶᠢ ᠬᠢᠵᠠᠭᠠᠷᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠭᠢᠯᠳᠡᠲᠦ ᠲᠠᠷᠢᠶᠠᠯᠠᠩ ᠤᠨ ᠠᠵᠤ ᠦᠢᠯᠡᠰ ᠵᠡᠷᠭᠡ ᠪᠠᠷ ᠵᠢᠱᠢᠶ᠎ᠡ ᠦᠵᠡᠭᠦᠯᠬᠦ ᠠᠭᠤᠯᠭ᠎ᠠ ᠪᠣᠯᠭᠠᠨ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠲᠡᠵᠢᠭᠡᠯ ᠡᠪᠡᠰᠦ ᠶᠢ ᠡᠯᠪᠡᠭ ᠬᠤᠷᠢᠶᠠᠯᠲᠠ ᠲᠠᠢ ᠪᠠᠷ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠲᠥᠯᠥᠨ ᠳᠠᠭᠠᠭᠤᠯᠵᠤ ᠳᠠᠶᠢᠴᠢᠯᠠᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠨᠢᠭᠡ ᠪᠦᠯᠦᠭ ᠣᠨᠴᠠᠯᠢᠭ ᠲᠠᠢ᠂ ᠳᠠᠪᠠᠭᠤᠯᠢᠭ ᠢᠶᠠᠷ ᠢᠯᠡ ᠲᠣᠳᠣ ᠪᠣᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠲᠥᠪᠯᠡᠷᠡᠭᠰᠡᠨ ᠣᠷᠣᠨ ᠢ ᠪᠦᠷᠢᠯᠳᠦᠭᠦᠯᠵᠦ᠂ ᠪᠠᠶᠠᠨᠨᠠᠭᠤᠷ ᠬᠤᠲᠠ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号