ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/4/24

     4 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠲᠤᠬᠠᠢ ᠶᠡᠷᠦᠩᠬᠡᠢ ᠲᠥᠰᠦᠯ︾ ᠢ ᠰᠤᠳᠤᠯᠪᠠ᠃
     ᠬᠤᠷᠠᠯ ᠠᠴᠠ᠂ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠳᠤ ᠤᠷᠤᠰᠢᠵᠤ ᠤᠷᠤᠰ᠂ ᠮᠣᠩᠭᠤᠯ ᠤᠯᠤᠰ ᠲᠠᠢ ᠬᠢᠯᠢᠯᠠᠵᠦ᠂ ᠬᠢᠯᠢ ᠳᠠᠭᠠᠤ ᠨᠡᠬᠡᠬᠡᠯᠳᠡ ᠬᠢᠬᠦ ᠥᠪᠡᠷᠮᠢᠴᠡ ᠳᠠᠪᠠᠭᠤᠯᠢᠭ ᠲᠠᠢ ᠶᠤᠮ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠮᠠᠨ ᠤ ᠣᠷᠣᠨ ᠤ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠤᠯᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠲᠤᠷ ᠠᠭᠤᠰᠤᠯᠴᠠᠬᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠡᠵᠥ ᠵᠢᠭᠠᠵᠥ ᠭᠠᠷᠭᠠᠪᠠ᠃
     ᠬᠤᠷᠠᠯ ᠠᠴᠠ ︽ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠲᠤᠬᠠᠶ ᠶᠡᠷᠦᠩᠬᠡᠶ ᠲᠥᠰᠦᠯ︾ ᠢ ᠵᠠᠷᠴᠢᠮ ᠳᠡᠭᠡᠷ᠎ᠡ ᠪᠠᠨ ᠪᠠᠲᠤᠯᠠᠵᠤ᠂ ᠵᠢᠷᠦᠮ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠤ ᠵᠥᠪᠰᠢᠶᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ