ᠪᠦᠬᠦ ᠤᠷᠤᠨ ᠤ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ ᠳᠤ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠲᠧᠯᠸᠢᠰ ᠤᠳᠠᠰᠤ ᠬᠤᠷᠠᠯ ᠬᠤᠷᠠᠯᠳᠤᠪᠠ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠤ ᠶᠠᠷᠢᠶ᠎ᠡ ᠲᠠᠯᠪᠢᠵᠠᠢ
ᠨᠡᠶᠢᠲᠡᠯᠡᠭᠰᠡᠨ ᠴᠠᠭ᠄
2020/4/24

     4 ᠰᠠᠷ᠎ᠡ ᠶᠢᠨ 21 ᠤ ᠡᠳᠦᠷ᠂ ᠪᠦᠬᠦ ᠤᠷᠤᠨ ᠤ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ ᠳᠤ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠲᠧᠯᠸᠢᠰ ᠤᠳᠠᠰᠤ ᠬᠤᠷᠠᠯ ᠬᠤᠷᠠᠯᠳᠤᠵᠤ᠂ ᠶᠡᠷᠤᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠷᠤᠨ ᠤ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ ᠳᠤ ᠤᠷᠤᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠠᠬᠢᠨ ᠲᠠᠶᠢᠴᠢᠯᠠᠵᠤ᠂ ᠲᠠᠬᠢᠨ ᠪᠠᠶᠢᠷᠢᠯᠠᠭᠤᠯᠪᠠ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠵᠤ ᠶᠠᠷᠢᠶ᠎ᠡ

ᠲᠠᠯᠪᠢᠵᠠᠢ᠃
     ᠮᠠ ᠰᠢᠤᠸᠠᠢ ᠵᠢᠶᠦ᠋ᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠲᠦᠪ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠶᠢᠨ ︽ᠡᠷᠬᠢᠨ ᠬᠠᠷᠠᠬᠤ︾ ᠪᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠶᠢᠨ ᠰᠢᠯᠭᠠᠨ ᠪᠠᠶᠢᠴᠠᠭᠠᠯᠳᠠ ᠶᠢᠨ ᠲᠤᠰᠬᠠᠬᠰᠡᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠪᠠᠶᠢᠷᠢᠯᠠᠭᠤᠯᠬᠤ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠷᠠᠯᠳᠠ᠂ ᠴᠠᠭ ᠤᠨ ᠬᠢᠵᠠᠭᠠᠷ᠂ ᠠᠷᠭ᠎ᠠ ᠬᠡᠮᠵᠢᠶ᠎ᠡ᠂ ᠱᠠᠭᠠᠷᠳᠠᠯᠭ᠎ᠠ᠂ ᠬᠠᠷᠢᠭᠤᠴᠠᠯᠭ᠎ᠠ ᠪᠠᠨ ᠤᠯᠠᠮ ᠴᠢᠨᠠᠬᠰᠢᠳᠠ ᠲᠤᠳᠤᠷᠬᠠᠢ ᠪᠤᠯᠭᠠᠵᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠩᠬᠠᠷᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠵᠠᠭᠤᠨ ᠡᠳᠦᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠶᠢ ᠨᠡᠩ ᠦᠨᠳᠤᠷ ᠪᠠᠷᠢᠮᠵᠢᠶ᠎ᠡ᠂ ᠨᠡᠩ ᠴᠢᠩᠭ᠎ᠠ ᠱᠠᠭᠠᠷᠳᠠᠯᠭ᠎ᠠ᠂ ᠨᠡᠩ ᠴᠢᠩᠭ᠎ᠠ ᠡᠷᠴᠢᠮ ᠢᠶᠠᠷ ᠠᠬᠢᠭᠤᠯᠵᠤ᠂ ᠤᠨᠳᠤᠤ ᠭᠠᠵᠠᠷ ᠲᠤ ᠨᠡᠬᠦᠯᠭᠡᠨ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠠᠰᠠᠭᠤᠳᠠᠯ ᠢ 6 ᠰᠠᠷ᠎ᠠ ᠶᠢᠨ ᠰᠡᠬᠦᠯᠴᠢ ᠠᠴᠠ ᠡᠮᠤᠨ᠎ᠡ ᠴᠡᠭᠴᠡᠯᠡᠨ ᠰᠠᠶᠢᠵᠢᠷᠠᠭᠤᠯᠵᠤ ᠲᠠᠭᠤᠰᠬᠠᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
     ᠮᠠ ᠰᠢᠤᠸᠠᠢ ᠵᠢᠶᠦ᠋ᠨ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠤ᠂ ᠲᠦᠪᠬᠢᠨᠡᠬᠦᠯᠬᠦ ᠴᠡᠭ ᠲᠤ ᠲᠠᠬᠢᠨ ᠨᠢᠭᠡ ᠤᠳᠠᠭ᠎ᠠ ᠪᠠᠶᠢᠳᠠᠯ ᠢ ᠤᠢᠢᠯᠠᠭᠠᠬᠤ ᠶᠡᠭᠡ ᠵᠢᠬᠰᠠᠭᠠᠨ ᠪᠠᠶᠢᠴᠠᠭᠠᠯᠳᠠ ᠬᠢᠵᠤ᠂ ᠠᠰᠠᠭᠤᠳᠠᠯ ᠢ ᠦᠨᠳᠤᠰᠤᠨ ᠠᠴᠠ ᠨᠢ ᠰᠢᠢᠳᠪᠤᠷᠢᠯᠡᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠤᠬᠳᠠᠭᠠᠵᠤ᠂ ᠲᠦᠷᠦᠯ ᠲᠦᠷᠦᠯ ᠢᠶᠠᠷ ᠴᠡᠭᠴᠡᠯᠡᠨ ᠰᠠᠶᠢᠵᠢᠷᠠᠭᠤᠯᠬᠤ ᠡᠭᠡ ᠲᠠᠩᠰᠠ ᠪᠠᠶᠢᠭᠤᠯᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠭᠡᠷᠡᠭᠳᠠᠢ᠃ ︽ᠨᠡᠬᠦᠨ ᠭᠠᠷᠴᠤ ᠲᠠᠶᠢᠯᠬᠦ᠂ ᠲᠤᠬᠳᠠᠪᠤᠷᠢᠵᠢᠵᠤ ᠲᠠᠶᠢᠯᠬᠦ᠂ ᠠᠯᠬᠤᠮ ᠠᠯᠬᠤᠮ ᠢᠶᠠᠷ ᠴᠢᠨᠡᠭᠡᠯᠢᠭᠵᠢᠵᠤ ᠲᠠᠶᠢᠯᠬᠦ︾ ᠲᠠᠯ᠎ᠠ ᠪᠠᠷ ᠲᠠᠬᠢᠨ ᠠᠩᠬᠠᠷᠤᠯ ᠢᠶᠠᠨ ᠲᠦᠪᠯᠡᠷᠡᠬᠦᠯᠤᠨ ᠲᠠᠬᠢᠨ ᠬᠦᠴᠤᠯᠠᠵᠤ᠂ ︽ᠲᠦᠷᠪᠡᠨ ᠦᠯᠤ ᠬᠤᠪᠢᠷᠠᠬᠤ︾᠂ ︽ᠬᠤᠶᠠᠷ ᠠᠳᠠᠯᠢ︾᠂ ︽ᠨᠢᠭᠡ ᠶᠢ ᠬᠠᠰᠤᠵᠤ ᠬᠡᠯᠳᠦᠷᠢᠬᠦᠯᠬᠦ︾ ᠵᠡᠷᠭᠡ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠰ ᠢ ᠰᠠᠶᠢᠳᠤᠷ ᠠᠳᠬᠤᠵᠤ᠂ ᠠᠵᠢᠯ ᠤᠯᠭᠤᠯᠳᠠ ᠶᠢ ᠠᠬᠢᠭᠤᠯᠵᠤ᠂ ᠨᠢᠬᠳᠠ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠪᠠᠶᠢᠭᠤᠯᠤᠨ ᠲᠤᠬᠳᠠᠪᠤᠷᠢᠵᠢᠭᠤᠯᠵᠤ᠂ ᠨᠡᠬᠦᠭᠰᠡᠨ ᠤᠯᠠᠨ ᠲᠦᠮᠡᠨ ᠤ ᠲᠤᠬᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠵᠤ ᠴᠢᠨᠡᠭᠡᠯᠢᠭᠵᠢᠬᠦ ᠶᠢ ᠨᠢ ᠬᠠᠪᠰᠤᠷᠬᠤ ᠭᠡᠷᠡᠭᠳᠠᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠤᠷᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠱᠠᠯᠠᠪᠳᠠᠭᠤᠯᠤᠨ ᠵᠢᠯᠤᠭᠤᠳᠬᠤ ᠬᠠᠷᠢᠭᠤᠴᠠᠯᠭ᠎ᠠ ᠪᠤᠯᠤᠨ ᠠᠶᠢᠮᠠᠭ ᠬᠤᠳᠠ᠂ ᠬᠤᠰᠢᠭᠤ ᠰᠢᠶᠠᠨ ᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ ᠡᠬᠦᠷᠭᠡ ᠶᠢ ᠲᠤᠬᠳᠠᠬᠰᠡᠨ ᠬᠤᠭᠤᠴᠠᠭᠠᠨ ᠳᠤ ᠪᠦᠬᠦᠨ ᠢ ᠪᠠᠶᠠᠯᠡᠬᠦᠯᠬᠦ ᠶᠢ ᠬᠠᠮᠳᠤ ᠪᠠᠷ ᠠᠬᠢᠭᠤᠯᠵᠤ᠂ ᠨᠠᠮ ᠤᠨ ᠲᠦᠪ ᠬᠤᠷᠢᠶ᠎ᠡ᠂ ᠲᠦᠷᠤ ᠶᠢᠨ ᠶᠠᠪᠤᠳᠠᠯ ᠤᠨ ᠬᠤᠷᠢᠶᠠᠨ ᠳᠤ ᠬᠠᠨᠤᠮᠵᠢᠳᠠᠢ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠬᠤ ᠭᠡᠷᠡᠭᠳᠠᠢ ᠭᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ