| | | 4 ᠰᠠᠷ᠎ᠠ ᠶᠢᠨ 24 ᠤ ᠡᠳᠦᠷ᠂ ᠪᠦᠬᠦ ᠣᠷᠣᠨ ᠤ ᠮᠥᠩᠭᠦᠨ ᠭᠦᠢᠯᠭᠡᠭᠡᠨ ᠢᠶᠠᠷ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠳᠤ ᠤᠨᠤᠴᠠᠳᠠᠢ ᠦᠢᠯᠡᠴᠢᠯᠡᠬᠦ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ | ᠪᠢᠩ ᠷᠦᠩ᠂ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠰᠦ ᠶᠢᠨ ᠦᠢᠯᠡᠰ ᠤᠨ ᠠᠵᠤ | ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢᠳ ᠲᠠᠢ ᠬᠠᠮᠲᠤ ᠪᠠᠷ ᠮᠥᠩᠭᠦᠨ | ᠭᠦᠢᠯᠭᠡᠭᠡᠨ ᠢᠶᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠤᠨᠤᠴᠠᠳᠠᠢ ᠦᠢᠯᠡᠴᠢᠯᠡᠬᠦ ᠲᠤᠰᠬᠠᠶ | ᠠᠵᠢᠯᠯᠠᠭ᠎ᠠ ᠶᠢ ᠡᠬᠢᠯᠡᠭᠦᠯᠪᠡ᠃ | ᠬᠤᠸᠠᠩ ᡁᠢ ᠴᠢᠶᠠᠩ ᠪᠠᠶᠠᠷ ᠤᠨ ᠦᠭᠡ ᠳᠡᠭᠡᠨ᠂ ᠰᠦ ᠶᠢᠨ ᠦᠢᠯᠡᠰ ᠪᠣᠯ ᠥᠪᠡᠷᠲᠡᠭᠡᠨ ᠵᠠᠰᠠᠬᠤ ᠣᠷᠣᠨ ᠤ | ᠨᠡᠷ᠎ᠡ ᠶᠢᠨ ᠬᠠᠭᠤᠳᠠᠰᠤ ᠮᠥᠨ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠶᠢᠨ ᠣᠢᠢᠯᠠᠭᠠᠬᠳᠠᠬᠤᠨ ᠢ | ᠲᠤᠭᠤᠰᠢᠯᠠᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠂ ᠰᠦ ᠶᠢᠨ ᠦᠢᠯᠡᠰ ᠢ ᠡᠷᠬᠡᠪᠰᠢ ᠬᠦᠭᠵᠢᠭᠦᠯᠦᠨ ᠮᠠᠨᠳᠤᠭᠤᠯᠬᠤ ᠬᠡᠷᠡᠭᠲᠡᠶ᠂ ᠮᠥᠩᠭᠦᠨ ᠭᠦᠢᠯᠭᠡᠭᠡᠨ ᠡᠷᠬᠡᠪᠰᠢ | ᠰᠢᠨ᠎ᠡ ᠶᠢ ᠡᠭᠦᠳᠬᠦ ᠬᠡᠷᠡᠭᠲᠡᠶ᠂ ᠰᠦ ᠶᠢᠨ ᠠᠵᠤ ᠠᠬᠤᠶᠢᠯᠠᠯ ᠤᠨ ᠬᠢᠨ ᠡᠷᠬᠡᠪᠰᠢ ᠰᠡᠳᠬᠢᠯ ᠲᠠᠯᠪᠢᠬᠤ ᠬᠡᠷᠡᠭᠲᠡᠶ | ᠬᠡᠪᠡ᠃ | ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠶᠠ ᠴᠢᠩ ᠰᠦ ᠶᠢᠨ | ᠦᠢᠯᠡᠰ ᠤᠨ ᠲᠤᠰᠬᠠᠶ ᠰᠡᠳᠦᠪᠲᠦ ᠶᠠᠷᠢᠶ᠎ᠠ ᠢᠯᠡᠳᠬᠡᠯ ᠬᠢᠵᠦ᠂ ᠰᠦ ᠶᠢᠨ ᠦᠢᠯᠡᠰ ᠤᠨ ᠠᠵᠢᠯ ᠲᠥᠷᠥᠯ ᠤᠨ | ᠣᠳᠣᠬᠢ ᠪᠠᠶᠢᠳᠠᠯ ᠪᠤᠯᠤᠨ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠲᠠᠨᠢᠯᠴᠠᠭᠤᠯᠬᠤ ᠶᠢᠨ ᠬᠠᠮᠲᠤ᠂ ᠥᠪᠥᠷ | ᠮᠣᠩᠭᠤᠯ ᠤᠨ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠲᠤᠬᠠᠶ ᠰᠠᠨᠠᠭᠤᠯᠭ᠎ᠠ ᠳᠤᠷᠠᠳᠴᠠᠢ᠃ ᠪᠥᠲᠥᠭᠡᠨ | ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠷᠢᠭᠤᠴᠠᠯᠭᠠᠲᠠᠨ ᠠᠴᠠ | ᠮᠥᠩᠭᠦᠨ ᠭᠦᠢᠯᠭᠡᠭᠡᠨ ᠢᠶᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠤᠨᠤᠴᠠᠳᠠᠢ ᠦᠢᠯᠡᠴᠢᠯᠡᠬᠦ | ᠲᠤᠬᠠᠢ ᠬᠡᠷᠡᠭᠵᠢᠭᠦᠯᠬᠦ ᠲᠥᠰᠦᠯ ᠢ ᠲᠠᠨᠢᠯᠴᠠᠭᠤᠯᠵᠠᠢ᠃ | ᠤᠢᠢᠯᠠᠭᠠᠬᠰᠠᠨ ᠢᠶᠠᠷ᠂ ᠮᠥᠩᠭᠦᠨ ᠭᠦᠢᠯᠭᠡᠭᠡᠨ ᠢᠶᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ | ᠤᠨᠤᠴᠠᠳᠠᠢ ᠦᠢᠯᠡᠴᠢᠯᠡᠬᠦ ᠲᠤᠰᠬᠠᠶ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠬᠡᠷ᠂ ᠠᠷᠠᠳ ᠤᠨ ᠪᠠᠩᠬᠢ ᠶᠢᠨ | ᠬᠥᠬᠡᠬᠤᠲᠠ ᠳᠠᠬᠢ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠦᠨᠡᠳᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠬᠠᠮᠲᠤᠷᠠᠨ | ᠬᠡᠷᠡᠭᠵᠢᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠠ ᠬᠤᠯᠪᠣᠭᠠᠯᠠᠨ ᠬᠥᠳᠡᠯᠦᠯᠴᠡᠬᠦ᠂ ᠵᠠᠰᠠᠭ ᠮᠥᠩᠭᠦᠨ ᠭᠦᠢᠯᠭᠡᠭᠡᠨ | ᠠᠵᠤ ᠠᠬᠤᠶᠢᠯᠠᠯ ᠬᠠᠮᠵᠢᠯᠴᠠᠬᠤ᠂ ᠨᠠᠷᠢᠯᠢᠭ ᠤᠨᠤᠪᠴᠢᠳᠠᠢ ᠪᠠᠷ ᠠᠬᠢᠭᠤᠯᠬᠤ ᠪᠠᠷ ᠳᠠᠮᠵᠢᠨ ᠭᠤᠷᠪᠠᠨ ᠵᠢᠯ ᠤᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠳᠤ | ᠨᠠᠭᠠᠳᠦ ᠵᠠᠬ᠎ᠠ ᠳᠠᠭᠠᠨ 500 ᠳ᠋ᠦᠩᠰᠢᠭᠤᠷ ᠲᠥᠭᠦᠷᠢᠭ ᠤᠨ ᠪᠠᠯᠠ ᠮᠦᠩᠭᠦ ᠶᠢᠨ ᠳᠡᠮᠵᠢᠯᠭᠡ ᠬᠠᠩᠭᠠᠬᠤ ᠪᠠᠷ | ᠴᠢᠷᠮᠠᠶᠢᠵᠤ᠂ ᠰᠦ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ | ᠳᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠥ᠂ ᠰᠦ ᠶᠢᠨ ᠦᠢᠯᠡᠰ ᠢ ᠬᠦᠭᠵᠢᠬᠦᠯᠦᠨ | ᠮᠠᠨᠳᠤᠭᠤᠯᠬᠤ ᠶᠢ ᠠᠬᠢᠭᠤᠯᠬᠤ ᠪᠤᠯᠤᠨ᠎ᠠ᠃ | ᠬᠤᠷᠠᠯ ᠳᠡᠭᠡᠷ᠎ᠠ ᠪᠠᠰᠠ ᠭᠡᠷ᠎ᠠ ᠳᠤᠭᠳᠠᠬᠤ ᠶᠣᠰᠣᠯᠠᠯ ᠶᠠᠪᠤᠭᠳᠠᠵᠠᠢ᠃ ᠰᠦ ᠶᠢᠨ ᠦᠢᠯᠡᠰ ᠤᠨ ᠪᠠᠯᠠ | ᠬᠤᠷᠠᠮᠳᠤᠭᠤᠯᠬᠤ 56 ᠲᠥᠷᠥᠯ ᠵᠦᠢᠯ ᠳᠤ ᠭᠤᠤᠯ ᠬᠤᠷᠠᠯ ᠤᠨ ᠲᠠᠯᠠᠪᠠᠶ ᠪᠠ ᠡᠯ᠎ᠡ ᠠᠶᠢᠮᠠᠭ ᠬᠤᠳᠠ ᠶᠢᠨ | ᠬᠤᠪᠢᠶᠠᠷᠢ ᠬᠤᠷᠠᠯ ᠤᠨ ᠲᠠᠯᠠᠪᠠᠶ ᠳᠤ ᠵᠡᠷᠭᠡ ᠪᠠᠷ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠨᠢ 216 | ᠳ᠋ᠦᠩᠰᠢᠭᠤᠷ ᠲᠥᠭᠦᠷᠢᠭ ᠲᠤ ᠬᠦᠷᠴᠦ᠂ ᠭᠡᠷ᠎ᠡ ᠲᠣᠭᠲᠠᠭᠰᠠᠨ ᠲᠥᠷᠥᠯ ᠵᠦᠢᠯ ᠨᠢ ᠰᠦ ᠶᠢᠨ ᠦᠢᠯᠡᠰ ᠤᠨ ᠠᠵᠤ | ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢ ᠬᠠᠮᠤᠷᠪᠠ᠃ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠤ ᠠᠵᠢᠯ ᠤᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠬᠡᠷ | ᠪᠤᠯᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠳ᠋ᠠ ᠳ᠋ᠢ | ᠳᠠᠭᠠᠳᠬᠠᠯ᠂ ᠲᠠᠷᠢᠶᠠᠯᠠᠩ ᠤᠨ ᠢᠳᠡᠭᠡᠮᠵᠢᠳᠦ ᠵᠢᠭᠡᠯᠡᠯᠭᠡ ᠶᠢᠨ ᠪᠠᠳᠤᠯᠠᠭ᠎ᠠ ᠶᠢᠨ ᠺᠣᠮᠫᠠᠨᠢ᠂ ᠰᠲ᠋ᠣᠺ ᠤᠨ ᠡᠷᠬᠡ ᠶᠢᠨ | ᠲᠥᠪ ᠵᠢᠴᠢ ᠢᠯᠢ ᠪᠦᠯᠦᠭᠯᠡᠯ᠂ ᠮᠧᠩ ᠨᠢᠦ ᠪᠦᠯᠦᠭᠯᠡᠯ ᠵᠡᠷᠭᠡ ᠵᠠᠰᠠᠬ ᠮᠥᠩᠭᠦᠨ ᠭᠦᠢᠯᠭᠡᠭᠡᠨ ᠠᠵᠤ ᠠᠬᠤᠶᠢᠯᠠᠯ | ᠭᠤᠷᠪᠠᠨ ᠲᠠᠯ᠎ᠠ ᠶᠢᠨ ᠬᠢᠨ ᠬᠠᠮᠲᠤ ᠪᠠᠷ ︽ᠮᠥᠩᠭᠦᠨ ᠭᠦᠢᠯᠭᠡᠭᠡᠨ ᠢᠶᠠᠷ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠤᠨᠤᠴᠠᠳᠠᠢ ᠦᠢᠯᠡᠴᠢᠯᠡᠬᠦ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠥᠰᠥᠭ | ᠵᠢᠷᠤᠭᠰᠠᠨ ᠪᠠᠶᠢᠨ᠎ᠠ᠃ |