4 ᠰᠠᠷ᠎ᠠ ᠶᠢᠨ 28 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠵᠥᠪᠳᠡᠭᠴᠢ ᠶᠢ ᠤᠷᠢᠨ ᠲᠤᠮᠢᠯᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠤᠷᠢᠨ ᠲᠣᠮᠢᠯᠠᠬᠤ ᠶᠣᠰᠣᠯᠠᠯ ᠳᠤ ᠣᠷᠣᠯᠴᠠᠭᠰᠠᠨ ᠪᠥᠭᠡᠳ ᠵᠠᠩ ᠯᠢ ᠫᠢᠩ᠂ | ᠰᠢᠶᠠᠩ ᠳ᠋ᠦᠩ᠂ ᠵᠠᠩ ᠢᠦᠶ᠂ ᠬᠠᠩ ᠱᠤᠸᠠᠨ ᠵᠦ᠂ ᠦᠨᠡᠨ᠂ ᠵᠦ ᠪᠢᠩ ᠸᠧᠨ᠂ ᠶᠢᠨ ᠷᠦᠢ᠂ ᠴᠢᠩ ᠾᠧ ᠵᠡᠷᠭᠡ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠨ᠎ᠡ ᠪᠠᠷ ᠤᠷᠢᠬᠰᠠᠨ 8 ᠵᠥᠪᠳᠡᠭᠴᠢ ᠳᠤ | ᠤᠷᠢᠯᠭ᠎ᠠ ᠶᠢᠨ ᠪᠢᠴᠢᠭ ᠭᠠᠷᠳᠠᠭᠤᠯᠪᠠ᠃ | | | | | ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠵᠥᠪᠳᠡᠭᠴᠢ ᠶᠢᠨ ᠠᠵᠢᠯ ᠤᠨ | ᠳᠦᠷᠢᠮ︾ ᠤᠨ ᠲᠣᠭᠲᠠᠭᠠᠯ ᠢᠶᠠᠷ᠂ ᠵᠥᠪᠳᠡᠭᠴᠢ ᠳᠤ ᠤᠷᠢᠨ ᠲᠣᠮᠢᠯᠠᠬᠤ ᠳᠦᠷᠢᠮ ᠢ ᠬᠡᠷᠡᠭᠵᠢᠭᠦᠯᠪᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠯ᠎ᠡ ᠵᠥᠪᠳᠡᠭᠴᠢ᠂ ᠵᠥᠪᠳᠡᠭᠴᠢ ᠶᠢᠨ ᠪᠠᠶᠢᠭ᠎ᠠ | ᠪᠠᠶᠢᠭᠤᠯᠭ᠎ᠠ ᠨᠢᠭᠡᠴᠢ ᠪᠣᠯᠤᠨ ᠵᠥᠪᠳᠡᠭᠴᠢ ᠶᠢᠨ ᠳᠠᠰᠤᠬ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ | ᠣᠨᠴᠠᠯᠢᠭᠳᠤ ᠥᠨᠳᠥᠷ ᠲᠦᠪᠰᠢᠨ ᠪᠥᠬᠦᠶ ᠵᠠᠰᠠᠭ ᠤᠨ ᠣᠷᠳᠣᠨ ᠤ ᠵᠥᠪᠯᠡᠯᠭᠡ ᠥᠭᠬᠦ ᠪᠠᠶᠢᠭᠤᠯᠤᠮᠵᠢ ᠶᠢ | ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠪᠠᠷ ᠨᠢᠭᠳᠠ ᠭᠤᠤᠯᠳᠠᠭᠤᠯᠤᠨ᠂ ᠵᠠᠰᠠᠭ ᠤᠨ ᠣᠷᠳᠣᠨ ᠤ ᠵᠥᠪᠳᠡᠭᠴᠢ ᠶᠢᠨ ᠳᠦᠷᠦ ᠶᠢᠨ ᠶᠠᠪᠤᠳᠠᠯ ᠳᠤ | ᠣᠷᠣᠯᠴᠠᠵᠥ ᠲᠥᠷᠥ ᠶᠢᠨ ᠶᠠᠪᠤᠳᠠᠯ ᠢ ᠵᠥᠪᠯᠡᠬᠦ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ᠂ | ᠲᠦᠷᠦ ᠶᠢᠨ ᠶᠠᠪᠤᠳᠠᠯ ᠤᠨ ᠵᠦᠪᠯᠡᠯᠭᠡ ᠦᠭᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠢᠭᠡᠳᠦᠮᠡᠯ ᠹᠷᠣᠨᠲ ᠤᠨ | ᠨᠦᠬᠦᠷᠯᠡᠯ ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠥᠲᠥᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ | ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠶ | ᠤᠷᠢᠨ ᠲᠣᠮᠢᠯᠠᠬᠤ ᠶᠣᠰᠣᠯᠠᠯ ᠢ ᠡᠷᠭᠢᠯᠡᠵᠦ᠂ ᠵᠠᠩ ᠯᠢ ᠫᠢᠩ ᠰᠢᠨ᠎ᠡ ᠪᠠᠷ ᠤᠷᠢᠭᠰᠠᠨ ᠵᠥᠪᠳᠡᠭᠴᠢ ᠶᠢᠨ ᠡᠮᠤᠨ᠎ᠡ ᠠᠴᠠ | ᠶᠠᠷᠢᠶ᠎ᠠ ᠲᠠᠯᠪᠢᠪᠠ᠃ ᠣᠲᠣ ᠳᠤᠰᠢᠶᠠᠯ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠵᠥᠪᠳᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠨᠢᠭᠡᠳᠦᠮᠡᠯ ᠹᠷᠣᠨᠲ ᠤᠨ ᠬᠡᠯᠲᠡᠰ ᠪᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠥᠪᠳᠡᠭᠴᠢ ᠶᠢᠨ ᠲᠠᠰᠤᠭ ᠤᠨ ᠬᠠᠷᠢᠭᠤᠴᠠᠯᠭᠠᠲᠠᠨ ᠤᠷᠢᠨ ᠲᠣᠮᠢᠯᠠᠬᠤ | ᠶᠣᠰᠣᠯᠠᠯ ᠳᠤ ᠣᠷᠣᠯᠴᠠᠪᠠ᠃ |