ᠬᠥᠯᠥᠨ ᠪᠣᠶᠢᠷ ᠬᠤᠲᠠ ᠪᠥᠬᠦ ᠬᠤᠲᠠ ᠶᠢᠨ ᠮᠥᠩᠭᠦᠨ ᠭᠦᠶᠯᠭᠡᠭᠡᠨ ᠤ ᠰᠢᠰᠲ᠋ᠧᠮ ᠢ ᠨᠢᠭᠡᠳᠦᠯᠲᠡᠶ ᠲᠥᠯᠥᠪᠯᠡᠵᠦ ᠮᠥᠩᠬᠦᠨ ᠭᠦᠶᠯᠭᠡᠭᠡᠨ ᠤ ᠦᠶᠯᠡᠴᠢᠯᠡᠭᠡ ᠶᠢ ᠲᠥᠪᠯᠡᠷᠡᠭᠦᠯᠦᠨ ᠬᠡᠷᠡᠭᠵᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2020/4/8
     ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠳᠡᠮᠵᠢᠬᠦ ᠶᠢᠨ ᠲᠥᠯᠥᠭᠡ᠂ ᠬᠥᠯᠥᠨ ᠪᠣᠶᠢᠷ ᠬᠤᠲᠠ ᠶᠢᠨ ᠮᠥᠩᠭᠦᠨ ᠭᠦᠶᠯᠭᠡᠭᠡᠨ ᠤ ᠠᠯᠪᠠᠨ ᠬᠡᠷ ᠪᠥᠬᠦ ᠬᠤᠲᠠ ᠶᠢᠨ ᠮᠥᠩᠭᠦᠨ ᠭᠦᠶᠯᠭᠡᠭᠡᠨ ᠤ ᠰᠢᠰᠲ᠋ᠧᠮ ᠢ ᠵᠣᠬᠢᠶᠠᠨ ᠪᠠᠶᠢᠭᠤᠯᠤᠨ ᠮᠥᠩᠭᠦᠨ ᠭᠦᠶᠯᠭᠡᠭᠡᠨ ᠤ ᠦᠢᠯᠡᠴᠢᠯᠡᠭᠡ ᠶᠢ ᠲᠥᠪᠯᠡᠷᠡᠭᠦᠯᠦᠨ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠣᠷᠳᠣᠨ ᠮᠥᠩᠭᠦᠨ ᠭᠦᠶᠯᠭᠡᠭᠡ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠠᠷᠭ᠎ᠠ ᠬᠡᠯᠪᠡᠷᠢ ᠶᠢ ᠥᠷᠭᠡᠳᠬᠡᠬᠦ᠂ ᠪᠠᠯᠠ ᠲᠣᠬᠢᠷᠠᠭᠤᠯᠭ᠎ᠠ ᠎ ᠶᠢᠨ ᠲᠥᠷᠥᠯ ᠵᠦᠶᠯ ᠢ ᠴᠤᠭᠯᠠᠭᠤᠯᠬᠤ᠂ ᠪᠠᠯᠠ ᠲᠣᠬᠢᠷᠠᠭᠤᠯᠭ᠎ᠠ ᠶᠢ ᠰᠦᠯᠵᠢᠶᠡᠨ ᠳᠡᠭᠡᠷ᠎ᠡ ᠵᠣᠯᠭᠠᠭᠤᠯᠬᠤ᠂ ᠦᠶᠯᠡᠴᠢᠯᠡᠭᠡ ᠵᠣᠬᠢᠴᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠭᠤᠤᠯᠳᠠᠯᠭ᠎ᠠ ᠲᠠᠢ ᠲᠥᠷᠥᠯ ᠵᠦᠶᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠮᠥᠩᠭᠦᠨ ᠭᠦᠶᠯᠭᠡᠭᠡᠨ ᠤ ᠬᠦᠴᠦᠨ ᠴᠢᠳᠠᠯ ᠢᠶᠠᠨ ᠨᠡᠮᠡᠷᠢᠯᠡᠪᠡ᠃      4 ᠳ᠋ᠦ᠋ᠭᠡᠷ ᠰᠠᠷ᠎ᠠ ᠶᠢᠨ 1᠎ ᠤ ᠡᠳᠦᠷ ᠲᠤ ᠪᠥᠬᠦ ᠬᠤᠲᠠ ᠶᠢᠨ ᠡᠯ᠎ᠡ ᠪᠠᠩᠬᠢ ᠶᠢᠨ ᠦᠶᠯᠡᠰ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠡᠶᠢᠲᠡ 744 ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ᠂ ᠮᠠᠯᠵᠢᠬᠤ ᠲᠠᠷᠢᠶᠠᠯᠠᠬᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠳᠤ᠂ ᠪᠠᠷᠤᠭ 9916.05 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠠᠢ᠂ ᠡᠭᠦᠨ ᠳᠤ 92 ᠡᠷᠦᠬᠡ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠢ 4160.4 ᠲᠦᠮᠡᠨ ᠲᠥᠭᠦᠷᠢᠭ ᠳᠡᠮᠵᠢᠵᠦ᠂ 408 ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ︵ᠲᠥᠯ ᠲᠣᠰᠴᠤ ᠪᠣᠶᠢᠵᠢᠭᠤᠯᠬᠤ︶᠎ ᠳᠤ ᠎ ᠨᠢ 2652.41 ᠲᠦᠮᠡᠨ ᠲᠦᠬᠦᠷᠢᠭ ᠳᠡᠮᠵᠢᠵᠦ᠂ 12 ᠡᠷᠦᠬᠡ ᠶᠢᠨ ᠡᠬᠡ ᠮᠥᠩᠭᠦ ᠶᠢ ᠪᠤᠴᠠᠭᠠᠯ ᠦᠭᠡᠢ ᠪᠠᠷ ᠦᠷᠭᠦᠯᠵᠢᠯᠡᠨ1046 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠦ᠂ ᠬᠦᠦ ᠮᠥᠩᠭᠦ ᠵᠢᠴᠢ ᠭᠠᠷ ᠭᠦᠶᠴᠡᠳᠬᠡᠯ ᠎ ᠤᠨ ᠰᠦᠶᠳᠬᠡᠯ ᠢ ᠨᠢ 1.28 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号