ᠪᠣᠭᠤᠲᠤ ᠬᠤᠲᠠ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠢᠭᠡ ᠪᠦᠯᠦᠭ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2020/4/9
     ᠣᠶᠢᠷ᠎ᠠ ᠳᠤ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠪᠤᠭᠤᠲᠤ ᠬᠤᠲᠠ ᠨᠢᠭᠡ ᠪᠦᠯᠦᠭ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠭᠰᠠᠳ ᠪᠠ ᠭᠠᠳᠠᠭᠰᠢ ᠭᠠᠷᠴᠤ ᠬᠦᠴᠦ ᠶᠠᠪᠤᠬᠤ ᠶᠢᠨ ᠠᠷᠭ᠎ᠠ ᠥᠬᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠠᠪᠰᠤᠷᠤᠨ ᠲᠡᠳᠬᠦᠵᠦ ᠪᠠᠶᠢᠭᠠᠳ ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠲᠦᠷᠭᠡᠬᠡᠨ ᠠᠵᠢᠯ ᠣᠯᠭᠤᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠪᠣᠯᠣᠨ᠎ᠠ᠃      ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠦᠨᠳᠦᠰᠦᠯᠡᠨ᠂ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠵᠢᠭᠰᠠᠭᠠᠨ ᠪᠠᠶᠢᠴᠠᠭᠠᠵᠤ ᠡᠵᠡᠮᠳᠡᠬᠦ᠂ ᠠᠷᠢᠭᠤᠳᠬᠠᠨ ᠴᠡᠪᠡᠷᠯᠡᠵᠦ ᠬᠢᠵᠢᠭ ᠰᠡᠷᠭᠡᠶᠢᠯᠡᠬᠦ᠂ ᠠᠵᠢᠯ ᠣᠯᠭᠤᠬᠤ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠂ ᠡᠮᠬᠢ ᠳᠢᠭᠯᠢᠮ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠪᠠᠲᠤᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠢ ᠬᠢᠯᠭᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ︾ ᠦᠢᠯᠡᠳᠦᠯ ᠢ ᠪᠠᠳᠠᠷᠠᠭᠤᠯᠤᠨ᠎ᠠ᠃      ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠪᠬᠢᠨᠡᠭᠦᠯᠬᠦ ᠡᠲᠡᠭᠡᠳ ᠲᠤ᠄ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠠᠵᠢᠯ ᠠᠯᠳᠠᠭᠰᠠᠳ ᠤᠨ ᠳᠠᠩᠰᠠᠯᠠᠯ ᠬᠢᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠠᠯᠳᠠᠭᠰᠠᠳ ᠪᠣᠯᠤᠨ ᠭᠠᠳᠠᠭᠰᠢ ᠭᠠᠷᠴᠤ ᠬᠦᠴᠦ ᠶᠠᠪᠤᠬᠤ ᠶᠢᠨ ᠠᠷᠭ᠎ᠠ ᠥᠬᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠡᠩ ᠲᠡᠷᠢᠭᠦᠨ ᠳᠤ ᠲᠥᠪᠬᠢᠨᠡᠭᠦᠯᠦᠨ ᠪᠠᠲᠤᠯᠠᠬᠤ ᠴᠢᠬᠤᠯᠠ ᠲᠠᠢ ᠠᠵᠢᠯ ᠣᠯᠬᠤ ᠳᠤ ᠬᠦᠴᠢᠷᠲᠡᠶ ᠬᠥᠮᠦᠰ ᠪᠣᠯᠤᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦ ᠪᠣᠯᠣᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ ᠨᠡᠭᠡᠭᠡᠨ ᠬᠥᠭᠵᠢᠭᠦᠯᠦᠭᠰᠡᠨ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠤᠨ ᠶᠣᠰᠣᠭᠠᠷ ᠢᠯᠡ ᠪᠠᠷ ᠤᠷᠢᠨ ᠬᠡᠷᠡᠭᠯᠡᠨ᠎ᠡ᠃ ᠲᠣᠰ ᠬᠥᠮᠦᠨ ᠨᠢ ᠭᠤᠶᠤᠴᠢᠯᠠᠯ ᠭᠠᠷᠭᠠᠬᠤ ᠪᠠ ᠦᠨᠡᠨᠴᠢ ᠢᠲᠡᠭᠡᠮᠵᠢ ᠶᠢᠨ ᠠᠮᠠᠯᠠᠯᠲᠠ ᠬᠢᠵᠦ᠂ ︽ᠪᠤᠭᠤᠲᠤ ᠬᠤᠲᠠ ᠶᠢᠨ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠭᠤᠶᠤᠴᠢᠯᠠᠯ ᠤᠨ ᠬᠦᠰᠦᠨᠦᠭ︾᠎ ᠢ ᠲᠠᠭᠯᠠᠨ᠂ ᠬᠠᠷᠢᠶ᠎ᠠ ᠣᠷᠣᠨ ᠤ ᠵᠡᠭᠡᠯᠢ ᠭᠤᠳᠤᠮᠵᠢ ︵ᠰᠢᠶᠠᠩ ᠪᠠᠯᠭᠠᠰᠤ᠂ ᠰᠤᠮᠤ︶᠎ ᠶᠢᠨ ᠠᠩᠬ᠎ᠠ ᠬᠢᠨᠠᠯᠲᠠ ᠪᠠᠷ ᠳᠠᠮᠵᠢᠨ᠂ ᠬᠤᠰᠢᠭᠤ ᠰᠢᠶᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠣᠪᠴᠢᠶ᠎ᠠ ᠠᠴᠠ ᠬᠢᠨᠠᠨ ᠬᠠᠷᠭᠤᠭᠤᠯᠤᠨ ᠲᠣᠭᠲᠠᠭᠠᠵᠤ᠂ ᠲᠥᠪᠬᠢᠨᠡᠭᠦᠯᠬᠦ ᠪᠠᠷ ᠪᠠᠶᠢᠭ᠎ᠠ ᠬᠥᠮᠦᠰ ᠤᠨ ᠨᠡᠷᠡᠰ ᠢ ᠳᠡᠭᠡᠭᠰᠢ ᠮᠡᠳᠡᠭᠦᠯᠵᠦ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠣᠪᠴᠢᠶ᠎ᠠ ᠳᠤ ᠳᠠᠩᠰᠠᠯᠠᠭᠤᠯᠵᠤ᠂ ᠢᠯᠡ ᠨᠡᠶᠢᠲᠡᠯᠡᠭᠰᠡᠨ ᠤ ᠳᠠᠷᠠᠭ᠎ᠠ ᠠᠰᠠᠭᠤᠳᠠᠯ ᠦᠭᠡᠢ ᠪᠣᠯ ᠬᠤᠰᠢᠭᠤ ᠰᠢᠶᠠᠨ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠭᠠᠨ᠎ᠠ᠃      ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠤᠨ ᠦᠢᠯᠡᠴᠢᠯᠡᠭᠡᠨ ᠤ ᠬᠤᠭᠤᠴᠠᠭᠠᠨ ᠳᠤ᠂ ᠠᠵᠢᠯ ᠤᠨ ᠡᠭᠦᠷᠭᠡ ᠪᠣᠯᠤᠨ ᠠᠵᠢᠯᠯᠠᠬᠤ ᠴᠠᠭ ᠢ ᠨᠢ ᠦᠨᠳᠦᠰᠦᠯᠡᠨ᠂ ᠵᠣᠬᠢᠬᠤ ᠠᠵᠢᠯ ᠤᠨ ᠪᠠᠶᠢᠷᠢ ᠶᠢᠨ ᠨᠥᠬᠦᠪᠥᠷᠢ ᠪᠣᠯᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠴᠦ᠂ ᠠᠵᠢᠯ ᠤᠨ ᠪᠠᠶᠢᠷᠢ ᠶᠢᠨ ᠨᠥᠬᠦᠪᠥᠷᠢ ᠶᠢ ᠲᠤᠬᠠᠶ ᠶᠢᠨ ᠭᠠᠵᠠᠷ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠠᠴᠠ ᠥᠨᠳᠥᠷ ᠪᠠᠶᠢᠯᠭᠠᠵᠤ ᠪᠣᠯᠬᠤ ᠦᠭᠡᠢ᠂ ᠠᠵᠢᠯ ᠤᠨ ᠪᠠᠶᠢᠷᠢ ᠶᠢᠨ ᠨᠥᠬᠦᠪᠥᠷᠢ ᠶᠢ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ ᠵᠡᠷᠭᠡ ᠬᠠᠷᠠᠭᠠᠯᠵᠠᠯ ᠲᠠᠢ ᠬᠠᠮᠲᠤ ᠳᠤ ᠨᠢ ᠬᠦᠷᠲᠡᠭᠡᠵᠦ ᠪᠣᠯᠬᠤ ᠦᠭᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠦᠭᠡᠢ ᠪᠣᠯ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠦᠷᠲᠡᠬᠦ ᠦᠭᠡᠢ᠃ ᠨᠥᠬᠦᠴᠡᠯ ᠲᠠᠢ ᠬᠥᠮᠦᠨ ᠬᠡᠷᠡᠭᠯᠡᠬᠦ ᠨᠢᠭᠡᠴᠢ ᠨᠢ ᠪᠣᠳᠠᠲᠠᠶ ᠠᠵᠢᠯ ᠤᠨ ᠡᠷᠴᠢᠮ᠂ ᠠᠶᠤᠯ ᠲᠦᠭᠰᠢᠭᠦᠷᠢ ᠶᠢᠨ ᠴᠢᠨᠠᠷ ᠢ ᠦᠨᠳᠦᠰᠦᠯᠡᠨ ᠵᠣᠬᠢᠴᠠᠩᠭᠤᠶ ᠠᠰᠠᠷᠠᠮᠵᠢ ᠶᠢᠨ ᠲᠤᠰᠠᠯᠠᠮᠵᠢ ᠣᠯᠭᠤᠵᠤ ᠪᠣᠯᠤᠨ᠎ᠠ᠃ ᠲᠦᠷ ᠴᠠᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠬᠤᠭᠤᠴᠠᠭ᠎ᠠ ᠨᠢ 6 ᠰᠠᠷ᠎ᠠ ᠪᠠᠶᠢᠵᠤ᠂ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠮᠥᠨ ᠬᠦ ᠠᠵᠢᠯ ᠣᠯᠬᠤ ᠶᠢᠨ ᠠᠷᠭ᠎ᠠ ᠦᠭᠡᠢ ᠪᠣᠯ ᠦᠢᠯᠡᠴᠢᠯᠡᠭᠡᠨ ᠤ ᠬᠤᠭᠤᠴᠠᠭ᠎ᠠ ᠶᠢ ᠨᠢ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠬᠠᠮᠤᠭ ᠤᠨ ᠤᠷᠲᠤ ᠳᠤ ᠪᠠᠨ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号