ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ | ᠥᠷᠭᠡᠳᠬᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠰᠢᠯᠢ ᠶᠢᠨ ᠭᠤᠤᠯ ᠠᠶᠢᠮᠠᠭ ᠤᠨ 2.24 ᠳ᠋ᠦᠩᠰᠢᠭᠤᠷ ᠮᠥ | ᠨᠤᠲᠤᠭ ᠪᠡᠯᠴᠢᠭᠡᠷ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠪᠡᠯᠴᠢᠭᠡᠷ ᠰᠡᠯᠭᠦᠬᠦ ᠬᠤᠭᠤᠴᠠᠭᠠᠨ ᠳᠤ ᠣᠷᠣᠵᠤ᠂ ᠬᠠᠪᠤᠷ | ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷ ᠰᠡᠯᠭᠦᠬᠦ ᠠᠵᠢᠯ ᠨᠢ 13 | ᠬᠤᠰᠢᠭᠤ ᠰᠢᠶᠠᠨ ᠬᠤᠲᠠ ︵ᠲᠣᠭᠤᠷᠢᠭ︶ ᠶᠢᠨ 70 ᠰᠤᠮᠤ ᠪᠠᠯᠭᠠᠰᠤᠨ ᠤ 634 ᠭᠠᠴᠠᠭ᠎ᠠ ᠶᠢᠨ 86519 | ᠮᠠᠯᠵᠢᠬᠤ ᠡᠷᠦᠬᠡ ᠳᠤ ᠬᠤᠯᠪᠣᠭᠳᠠᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠬᠦ ᠬᠤᠭᠤᠴᠠᠭ᠎ᠠ | ᠬᠢᠵᠠᠭᠠᠷ ᠢ ᠪᠥᠬᠦ ᠠᠶᠢᠮᠠᠭ ᠤᠨ ᠡᠪᠡᠰᠦᠲᠦ ᠭᠠᠵᠠᠷ ᠤᠨ ᠲᠥᠷᠥᠯ ᠬᠡᠯᠪᠡᠷᠢ᠂ ᠬᠤᠷ᠎ᠠ ᠲᠤᠨᠳᠠᠰᠤᠨ ᠤ ᠬᠡᠮᠵᠢᠶ᠎ᠡ᠂ | ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠬᠠᠪᠤᠷ ᠤᠨ | ᠤᠯᠠᠷᠢᠯ ᠤᠨ ᠪᠡᠯᠴᠢᠭᠡᠷ ᠰᠡᠯᠭᠦᠬᠦ ᠴᠠᠭ ᠨᠢ ᠵᠠᠷᠴᠢᠮ ᠳᠡᠭᠡᠷ᠎ᠡ ᠪᠠᠨ ᠪᠡᠯᠴᠢᠭᠡᠷ ᠡᠪᠡᠰᠦ ᠨᠣᠭᠤᠭᠠᠷᠠᠬᠤ ᠠᠴᠠ ᠡᠮᠦᠨᠡᠬᠢ | ᠨᠢᠭᠡ ᠭᠠᠷᠠᠭ ᠠᠴᠠ ᠡᠬᠢᠯᠡᠵᠦ᠂ ᠪᠡᠯᠴᠢᠭᠡᠷ ᠰᠡᠯᠭᠦᠬᠦ ᠴᠠᠭ ᠨᠢ 30 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ | ᠨᠥᠬᠦᠪᠥᠷᠢ ᠥᠭᠬᠦ ᠪᠠᠷᠢᠮᠵᠢᠶ᠎ᠠ ᠨᠢ ᠮᠥ ᠪᠦᠷᠢ 0.75 ᠲᠥᠭᠦᠷᠢᠭ ᠪᠣᠯᠤᠨ᠎ᠠ᠃ | ᠣᠳᠣᠬᠠᠨ ᠳᠤ ᠡᠯ᠎ᠡ ᠵᠦᠶᠯ ᠤᠨ ᠠᠵᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠵᠣᠬᠢᠶᠠᠨ | ᠪᠠᠶᠢᠭᠤᠯᠵᠤ ᠤᠳᠤᠷᠢᠳᠬᠤ ᠲᠠᠯ᠎ᠠ ᠪᠠᠷ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠨᠢ ᠴᠥᠮ ᠵᠠᠰᠠᠭ ᠤᠨ | ᠣᠷᠳᠣᠨ ᠤ ᠭᠤᠤᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠳᠤᠭᠤᠶᠢᠯᠠᠩ ᠤᠨ | ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠲᠠᠯᠠᠪᠠᠶ︶ ᠶᠢᠨ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠪᠡᠯᠴᠢᠭᠡᠷ ᠰᠡᠯᠭᠦᠬᠦ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠯᠪᠠᠨ ᠵᠠᠷ ᠨᠡᠶᠢᠲᠡᠯᠡᠪᠡ︔ ᠡᠯ᠎ᠡ ᠰᠤᠮᠤ ᠪᠠᠯᠭᠠᠰᠤᠨ ᠤ | ᠲᠠᠯᠠᠪᠠᠶ ᠳᠤ ᠪᠠᠰᠠ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠬᠠᠪᠤᠷ ᠤᠨ ᠤᠯᠠᠷᠢᠯ | ᠤᠨ ᠪᠡᠯᠴᠢᠭᠡᠷ ᠰᠡᠯᠭᠦᠬᠦ ᠠᠵᠢᠯ ᠤᠨ ᠤᠷᠤᠭᠰᠢᠲᠠᠶ ᠶᠠᠪᠤᠭᠳᠠᠬᠤ ᠳᠤ ᠰᠠᠭᠤᠷᠢ ᠲᠠᠯᠪᠢᠵᠤ ᠥᠭᠴᠡᠶ︔ ᠵᠡᠭᠦᠨ | ᠦᠵᠦᠮᠦᠴᠢᠨ ᠬᠤᠰᠢᠭᠤ᠂ ᠲᠠᠶᠢᠫᠤᠰᠧ ᠬᠤᠰᠢᠭᠤ ᠠᠴᠠ ᠤᠬᠠᠭᠤᠯᠭ᠎ᠠ᠂ ᠣᠶ ᠰᠢᠭᠤᠶ ᠡᠪᠡᠰᠦ ᠪᠡᠯᠴᠢᠭᠡᠷ᠂ | ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠲᠣᠲᠤᠷᠬᠠᠶᠢᠯᠠᠵᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠤᠳᠤᠷᠢᠳᠤᠯᠭ᠎ᠠ ᠠᠩᠭᠢ ᠳᠠᠭᠠᠭᠤᠯᠬᠤ ᠲᠦᠷᠢᠮ ᠪᠠ | ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠪᠠ︔ ᠤᠯᠠᠭᠠᠶ ᠬᠠᠮᠢᠶᠠᠷᠤᠯᠲᠠ ᠶᠢᠨ ᠣᠷᠣᠨ ᠳᠤ | 4 ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠬᠡᠰᠡᠭ ᠬᠤᠪᠢᠶᠠᠨ ᠬᠠᠷᠢᠭᠤᠴᠠᠵᠤ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠲᠣᠳᠣᠷᠬᠠᠶᠢᠯᠠᠪᠠ︔ ᠲᠤᠯᠤᠨ ᠨᠤᠤᠷ ᠰᠢᠶᠠᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ | ᠮᠠᠯᠵᠢᠬᠤ ᠶᠢ ᠴᠠᠭᠠᠵᠠᠯᠠᠬᠤ ᠠᠵᠢᠯ ᠢ ᠰᠤᠳᠤᠯᠵᠤ᠂ ᠪᠦᠬᠦ ᠰᠢᠶᠠᠨ ᠤ ᠬᠢᠯᠢ ᠳᠣᠲᠣᠷᠠᠬᠢ ᠠᠳᠤᠭᠤ᠂ ᠡᠯᠵᠢᠭᠡ᠂ | ᠯᠠᠭᠤᠰᠠ᠂ ᠪᠣᠷᠳᠣᠭᠠᠨ ᠤ ᠥᠭᠡᠷ᠂ ᠲᠡᠮᠡᠭᠡ᠂ ᠬᠤᠨᠢ ᠶᠢ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠰᠠᠭᠠᠯᠢ ᠶᠢᠨ ᠦᠨᠢᠶ᠎ᠡ᠂ ᠴᠢᠨᠠᠷ ᠰᠠᠶᠢᠲᠠᠢ ᠠᠯᠠᠰᠢᠨ ᠦᠬᠡᠷ ᠢ 3 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ | ᠰᠠᠷ᠎ᠠ ᠶᠢᠨ 1 ᠤ ᠡᠳᠦᠷ ᠪᠣᠯᠲᠠᠯ᠎ᠠ ᠮᠠᠯᠵᠢᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ | ᠬᠡᠷᠡᠭᠵᠢᠭᠦᠯᠬᠦ ᠪᠠᠷ ᠲᠣᠭᠲᠠᠪᠠ᠃ | ᠤᠬᠠᠭᠤᠯᠵᠤ ᠬᠥᠲᠥᠯᠦᠨ ᠵᠢᠯᠣᠭᠤᠳᠬᠤ ᠲᠠᠯ᠎ᠠ ᠪᠠᠷ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ | ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ ᠵᠡᠷᠭᠡ ᠣᠯᠠᠨ ᠵᠦᠶᠯ ᠤᠨ ᠵᠠᠭᠤᠴᠢᠯᠠᠭᠤᠷ ᠢᠶᠠᠷ | ᠳᠠᠮᠵᠢᠭᠤᠯᠤᠨ ᠤᠬᠠᠭᠤᠯᠬᠤ ᠠᠵᠢᠯ ᠢ ᠶᠡᠬᠡᠪᠡᠷ ᠥᠷᠨᠢᠭᠦᠯᠵᠦ᠂ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ | ᠡᠷᠦᠬᠡ ᠳᠤ ᠣᠷᠣᠵᠤ ᠤᠬᠠᠭᠤᠯᠬᠤ᠂ ᠲᠣᠳᠣᠷᠬᠠᠶ ᠺᠠᠷᠲ ᠲᠠᠷᠬᠠᠭᠠᠬᠤ᠂ ᠵᠠᠷ ᠮᠡᠳᠡᠭᠡᠨ ᠤ ᠤᠷᠢᠶ᠎ᠠ ᠨᠠᠭᠠᠬᠤ ᠵᠡᠷᠭᠡ | ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠬᠦ ᠶᠢᠨ ᠴᠢᠬᠤᠯᠠ | ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠪᠠ᠃ ᠥᠨᠥ ᠪᠣᠯᠲᠠᠯ᠎ᠠ᠂ ᠡᠯ᠎ᠡ ᠭᠠᠵᠠᠷ ᠤᠳ ᠷᠠᠳᠢᠣ᠋ ᠲᠧᠯᠸᠢᠰ ᠤᠨ | ᠵᠠᠭᠤᠴᠢᠯᠠᠭᠤᠷ ᠢᠶᠠᠷ 80 ᠭᠠᠷᠤᠢ ᠵᠤᠷᠪᠤᠰ ᠤᠳᠠᠭ᠎ᠠ ᠮᠡᠳᠡᠭᠡ ᠨᠠᠶᠢᠷᠠᠭᠤᠯᠤᠨ ᠲᠠᠷᠬᠠᠭᠠᠵᠤ᠂ 36000 ᠭᠠᠷᠤᠢ | ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | ᠰᠠᠭᠤᠷᠢ ᠪᠠᠲᠤᠯᠠᠭ᠎ᠠ ᠶᠢᠨ ᠲᠠᠯ᠎ᠠ ᠪᠠᠷ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠵᠠᠰᠠᠭ ᠤᠨ | ᠣᠷᠳᠣᠨ ᠨᠥᠬᠡᠴᠡᠯᠡᠬᠦ᠂ ᠮᠠᠯᠴᠢᠳ ᠥᠪᠡᠰᠦᠪᠡᠨ ᠪᠡᠯᠡᠳᠬᠡᠬᠦ᠂ ᠵᠣᠬᠢᠴᠠᠭᠤᠯᠤᠨ ᠰᠢᠯᠵᠢᠭᠦᠯᠵᠦ ᠲᠡᠭᠡᠭᠡᠪᠦᠷᠢᠯᠡᠬᠦ ᠵᠡᠷᠭᠡ | ᠠᠷᠭ᠎ᠠ ᠪᠠᠷᠢᠯ ᠠᠪᠴᠤ᠂ ᠡᠪᠡᠰᠦ ᠪᠣᠷᠳᠤᠭ᠎ᠠ ᠨᠥᠭᠡᠴᠡᠯᠡᠬᠦ ᠬᠡᠮᠵᠢᠶ᠎ᠡ ᠶᠢ ᠨᠡᠮᠡᠭᠳᠡᠭᠦᠯᠪᠡ᠃ ᠣᠳᠣᠬᠠᠨ ᠳᠤ᠂ ᠪᠦᠬᠦ | ᠠᠶᠢᠮᠠᠭ ᠨᠡᠶᠢᠲᠡ 9.84 ᠳ᠋ᠦᠩᠰᠢᠭᠤᠷ ᠺᠢᠯᠣᠭ᠍ᠷᠠᠮ ᠲᠡᠵᠢᠭᠡᠯ ᠡᠪᠡᠰᠦ ᠪᠣᠷᠳᠤᠭ᠎ᠠ ᠨᠥᠬᠡᠴᠡᠯᠡᠵᠦ ᠪᠤᠢ᠃ | ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠲᠠᠯ᠎ᠠ ᠪᠠᠷ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ | ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ᠂ ᠨᠤᠲᠤᠭ ᠪᠡᠯᠴᠢᠭᠡᠷ ᠤᠨ ᠠᠮᠢ ᠠᠬᠤᠶ | ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠣᠯᠢ | ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠵᠦ᠂ ᠠᠵᠢᠯᠲᠠᠨ ᠪᠠ ᠲᠡᠷᠭᠡ ᠬᠥᠰᠬᠡ ᠶᠢᠨ ᠣᠷᠣᠭᠤᠯᠤᠯᠲᠠ ᠶᠢ | ᠨᠡᠮᠡᠭᠳᠡᠭᠦᠯᠦᠨ᠂ ᠬᠠᠤᠯᠢ ᠬᠡᠷᠡᠭᠵᠢᠭᠦᠯᠬᠦ ᠳᠤᠭᠤᠶᠢᠯᠠᠩ ᠪᠠᠶᠢᠭᠤᠯᠵᠤ᠂ ᠬᠠᠷᠢᠭᠤᠴᠠᠯᠭ᠎ᠠ ᠶᠢᠨ ᠣᠷᠣᠨ ᠬᠤᠪᠢᠶᠠᠨ᠂ | ᠲᠣᠭᠤᠷᠢᠨ ᠪᠠᠶᠢᠴᠠᠭᠠᠵᠤ ᠢᠯᠡᠴᠢᠯᠡᠨ ᠮᠡᠳᠡᠭᠦᠯᠬᠦ ᠲᠦᠷᠢᠮ ᠢ ᠪᠠᠶᠢᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ | ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠶᠢ ᠨᠡᠶᠢᠳᠡᠮ ᠪᠥᠷᠬᠦᠭᠦᠯᠬᠦ᠂ ᠥᠴᠦᠬᠡᠨ ᠴᠦ ᠢᠯᠳᠠᠷ ᠬᠠᠶᠠᠬᠤ | ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠲᠤᠯᠤᠨ ᠨᠤᠤᠷ ᠰᠢᠶᠠᠨ ᠳᠤ ᠲᠣᠤᠷᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠠᠵᠢᠯ ᠤᠨ ᠢᠯᠡᠴᠢᠯᠡᠨ ᠮᠡᠳᠡᠭᠦᠯᠦᠯᠲᠡ ᠶᠢ ᠱᠠᠩᠨᠠᠬᠤ | ᠲᠣᠭᠲᠠᠴᠠ ᠶᠢ ᠪᠠᠶᠢᠭᠤᠯᠵᠤ᠂ ᠤᠢ ᠰᠢᠭᠤᠶ ᠶᠢᠨ ᠲᠤᠲᠤᠭᠠᠳᠤ ᠶᠢ ᠬᠠᠮᠠᠭᠠᠯᠠᠬᠤ ᠲᠣᠪᠴᠢᠶ᠎ᠠ ᠪᠠ ᠨᠤᠲᠤᠭ ᠪᠡᠯᠴᠢᠭᠡᠷ | ᠤᠨ ᠠᠮᠢ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠳᠤ ᠡᠷᠬᠡ ᠣᠯᠭᠤᠵᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠭᠤᠯᠪᠠ᠃ | |