ᠬᠢᠩᠭᠠᠨ ᠠᠶᠢᠮᠠᠭ ᠤᠨ ᠡᠳ᠋ ᠤᠨ ᠵᠠᠰᠠᠭ ᠡᠴᠡ 2020 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠥᠲᠡᠭᠦᠰ ᠤᠨ ᠨᠡᠮᠡᠭᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2020/5/11
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠲᠡᠭᠦᠰ ᠤᠨ ᠨᠡᠮᠡᠭᠦᠷᠢ ᠣᠯᠭᠤᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽2020 ᠣᠨ ᠤ ᠥᠲᠡᠭᠦᠰ ᠤᠨ ᠨᠡᠮᠡᠭᠦᠷᠢ ︵ᠬᠤᠶᠠᠳᠣᠭᠠᠷ ᠪᠦᠯᠦᠭ︶ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾᠎ ᠤᠨ  ᠵᠣᠷᠢᠭ ᠰᠠᠨᠠᠭ᠎ᠠ ᠶᠢ ᠦᠨᠳᠦᠰᠦᠯᠡᠨ᠂ ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠠᠴᠠ 2020 ᠣᠨ ᠤ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠨᠡᠮᠡᠭᠦᠷᠢ ︵ᠬᠤᠶᠠᠳᠤᠭᠠᠷ ᠪᠦᠯᠦᠭ︶᠎ ᠶᠢ 675 ᠲᠦᠮᠡᠨ ᠲᠥᠭᠦᠷᠢᠭ ᠪᠠᠭᠤᠯᠭᠠᠪᠠ᠃      ᠥᠨᠳᠥᠷ ᠨᠠᠰᠤᠨ ᠤ ᠨᠡᠮᠡᠭᠦᠷᠢ ᠣᠯᠭᠤᠬᠤ ᠠᠵᠢᠯ ᠨᠢ ᠨᠠᠮ ᠪᠠ ᠵᠠᠰᠠᠭ ᠤᠨ ᠣᠷᠳᠣᠨ ᠠᠴᠠ ᠨᠠᠰᠤᠲᠠᠶᠢᠴᠤᠳ ᠢ  ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠥᠲᠡᠭᠦᠰ ᠤᠨ ᠨᠡᠮᠡᠭᠦᠷᠢ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠤ᠂ ᠨᠡᠶᠢᠭᠡᠮ ᠳᠠᠶᠠᠭᠠᠷ ᠲᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号