2020 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠪᠠᠭᠤᠯᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/5/11
               ᠦᠪᠦᠷ ᠵᠠᠰᠠᠭ ᠲᠠᠷᠬᠠᠭᠠᠭᠰᠠᠨ ﹇2020﹈ 1 ᠳ᠋ᠦ᠋ᠭᠡᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ︾ ᠶᠢ ᠨᠢᠭᠡᠨᠲᠡ ᠦᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠪᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                2020 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ        2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ          ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠵᠤ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ︽ᠳᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠬᠢᠬᠦ ᠪᠠᠷ ᠬᠦᠳᠡᠯᠭᠡᠭᠴᠢ ᠬᠦᠴᠦᠨ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠤ ᠢᠯᠠᠯᠲᠡ ᠶᠢ ᠡᠷᠡᠰ ᠲᠡᠮᠡᠴᠡᠨ ᠣᠯᠵᠤ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠶᠢ ᠵᠦᠢ ᠵᠣᠬᠢᠰᠲᠠᠢ ᠬᠡᠪᠴᠢᠶᠡᠨ ᠳᠤ ᠠᠵᠢᠯᠯᠠᠭᠤᠯᠬᠤ ᠶᠢ ᠪᠠᠲᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ ᠮᠡᠳᠡᠷᠡᠭᠳᠡᠨ ᠲᠠᠭᠠᠰᠢᠶᠠᠭᠳᠠᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠭᠰᠠᠨ ᠪᠠᠶᠢᠬᠤ ᠬᠡᠷᠡᠭᠲᠡᠢ᠃      2020 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠠᠵᠢᠯ ᠣᠯᠣᠭᠰᠠᠳ ᠢ 22 ᠲᠦᠮᠡ ᠭᠠᠷᠤᠢ ᠰᠢᠨ᠎ᠡ ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 5.5% ᠣᠷᠴᠢᠮ ᠳᠤ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠠᠯᠬᠤᠮ ᠳᠤ ᠪᠠᠶᠢᠯᠭᠠᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠤᠳᠤᠬᠠᠨ ᠤ ᠪᠠᠶᠢᠳᠠᠯ ᠳᠤ ᠪᠠᠨ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠵᠤ᠂ ᠦᠪᠦᠷ ᠮᠣᠩᠭᠤᠯ ᠤᠨ ᠠᠵᠢᠯ ᠤᠨ ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠪᠠᠶᠢᠯᠭᠠᠬᠤ︾ ᠴᠢᠭᠯᠡᠯᠲᠡ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠪᠠ ᠦᠭᠡᠷᠡᠴᠢᠯᠡᠯᠲᠡ ᠨᠡᠭᠡᠭᠡᠯᠲᠡ ᠪᠠᠷ ᠬᠦᠳᠡᠯᠭᠡᠭᠴᠢ ᠬᠦᠴᠦᠨ ᠪᠣᠯᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ  ᠶᠢᠨ ᠠᠮᠦᠷ ᠲᠥᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠣᠯᠭᠠᠨ᠎ᠠ᠃      ᠨᠢᠭᠡ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ      ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠲᠤ ᠠᠷᠠᠯᠵᠢᠶ᠎ᠠ᠂ ᠭᠠᠳᠠᠭᠠᠲᠣ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠦᠰᠦᠭᠡᠯᠡᠯ ᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠷᠠᠭᠤᠯᠵᠤ᠂ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢᠨ ᠬᠡᠪᠴᠢᠶᠡᠵᠢᠯ ᠢ ᠢᠳᠡᠪᠬᠢᠲᠡᠢ ᠪᠠᠷ ᠥᠷᠭᠡᠳᠭᠡᠨ᠂ ᠠᠵᠤ ᠠᠬᠤᠢ ᠶᠢ ᠵᠦᠢ ᠵᠣᠬᠢᠰᠲᠠᠢ ᠬᠡᠪᠴᠢᠶᠡᠨ ᠳᠤ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠣᠷᠤᠭᠰᠢᠯᠠᠭᠤᠯᠬᠤ ᠶᠢ ᠠᠬᠢᠭᠤᠯᠤᠨ᠎ᠠ᠃       ︵ᠨᠢᠭᠡ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠨᠡᠩ ᠢᠳᠡᠪᠬᠢᠲᠡᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠬᠤ ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯᠳᠠᠯᠭ᠎ᠠ ᠪᠣᠯᠭᠠᠭᠰᠠᠨ ᠵᠠᠯᠠᠭᠤᠴᠤᠳ᠂ ᠠᠵᠢᠯ ᠠᠯᠳᠠᠭᠰᠠᠳ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠠᠵᠢᠯ ᠣᠯᠬᠤ ᠳᠤ ᠬᠦᠴᠢᠷᠲᠡᠢ ᠬᠦᠮᠦᠰ ᠢ ᠦᠨᠳᠦᠰᠦᠨ ᠠᠴᠠ ᠨᠢ ᠬᠠᠪᠰᠤᠷᠤᠨ ᠲᠡᠳᠭᠦᠬᠦ᠂ ᠨᠢᠭᠡ ᠨᠢ ᠴᠦ ᠠᠵᠢᠯ ᠣᠯᠣᠭᠠᠳᠤᠢ ᠭᠡᠷ ᠪᠦᠯᠢ ᠳᠤ ᠬᠦᠳᠡᠯᠦᠩᠭᠦᠢ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯᠲᠠᠨ ᠬᠡᠷᠡᠭᠯᠡᠬᠦ᠂ ᠠᠵᠢᠯ ᠡᠷᠢᠬᠦ ᠶᠢᠨ ᠬᠡᠷᠡᠭᠴᠡᠭᠡ ᠱᠠᠭᠠᠷᠳᠠᠯᠭ᠎ᠠ ᠶᠢ ᠪᠣᠯᠪᠠᠰᠤᠷᠠᠭᠤᠯᠤᠯ ᠤᠨ ᠮᠡᠳᠡᠭᠡ ᠵᠠᠩᠭᠢ ᠯᠤᠭ᠎ᠠ ᠶᠢᠨ ᠵᠠᠯᠭᠠᠯᠳᠤᠭᠤᠯᠤᠭᠰᠠᠨ ᠲᠣᠭᠲᠠᠴᠠ ᠶᠢ ᠪᠠᠶᠢᠭᠤᠯᠤᠨ᠎ᠠ᠃ ᠦᠢᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠨ᠎ᠠ᠃ ᠤᠷ᠎ᠠ ᠮᠡᠷᠭᠡᠰᠢᠯ ᠤᠨ ᠴᠢᠳᠠᠪᠤᠷᠢᠲᠠᠨ ᠲᠤᠳᠠᠭᠳᠠᠵᠤ ᠪᠠᠶᠢᠭ᠎ᠠ ᠠᠰᠠᠭᠤᠳᠠᠯ ᠢ ᠲᠦᠷᠭᠡᠬᠡᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠪᠠ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠬᠦ ᠰᠤᠷᠤᠭᠴᠢ ᠪᠠᠨ ᠨᠡᠮᠡᠭᠳᠡᠭᠦᠯᠵᠦ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠦᠷᠢᠴᠡᠯ ᠢ ᠠᠷᠢᠯᠭᠠᠨ᠎ᠠ᠃       ︵ᠬᠤᠶᠠᠷ︶ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠮᠦᠩᠭᠦᠨ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠳᠠᠭᠠᠯᠠᠮᠵᠢ ᠶᠢᠨ ᠪᠡᠯᠡᠳᠭᠡᠯ ᠮᠦᠩᠭᠦᠨ ᠤ ᠨᠤᠷᠮ᠎ᠠ ᠶᠢ ᠬᠠᠨᠳᠤᠯᠭ᠎ᠠ ᠲᠠᠢ ᠪᠠᠷ ᠪᠠᠭᠤᠷᠠᠭᠤᠯᠬᠤ ᠵᠡᠷᠭᠡ ᠤᠯᠤᠰ ᠤᠨ ᠵᠤᠭᠤᠰᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠪᠡᠯᠡ ᠲᠣᠬᠢᠷᠠᠭᠤᠯᠭ᠎ᠠ ᠶᠢᠨ ᠪᠦᠲᠦᠴᠡ ᠪᠠ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ  ᠠᠨᠠᠢ ᠭᠤᠭᠴᠤᠭᠠᠨ ᠳᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦ ᠦᠢᠯᠡᠰ ᠤᠨ ᠤᠷᠲᠤᠪᠲᠣᠷ ᠪᠠ ᠤᠷᠲᠤ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢ ᠴᠢᠩᠭᠠᠳᠬᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠡᠩ ᠰᠠᠶᠢᠲᠤᠷ ᠨᠠᠮᠳᠠᠭᠠᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠦᠴᠦᠯᠡᠨ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢᠨ ᠰᠠᠭᠠᠳ ᠬᠠᠷᠰᠢ ᠶᠢ ᠨᠢ ᠠᠷᠢᠯᠭᠠᠵᠤ᠂ ᠰᠢᠭᠤᠳ ᠪᠡᠯᠡ ᠲᠣᠬᠢᠷᠠᠭᠤᠯᠬᠤ ᠬᠡᠪᠴᠢᠶᠡᠵᠢᠯ ᠢ ᠥᠷᠭᠡᠳᠭᠡᠨ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠦᠪᠡᠷ ᠤᠨ ᠥᠷᠲᠡᠭ ᠤᠨ ᠪᠠᠭᠤᠷᠠᠯᠲᠠ ᠶᠢ ᠠᠬᠢᠭᠤᠯᠤᠨ᠎ᠠ᠃ ᠲᠦᠷᠦᠯ ᠵᠦᠢᠯ ᠤᠨ ᠪᠡᠯᠡ ᠮᠦᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠡᠯ᠎ᠡ ᠲᠦᠷᠦᠯ ᠤᠨ ᠪᠡᠯᠡ ᠮᠦᠩᠭᠦᠨ ᠤ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠲᠡᠭᠲᠦ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠭᠤᠷᠪᠠ ᠶᠢᠨ ᠪᠡᠯᠡ ᠲᠣᠬᠢᠷᠠᠭᠤᠯᠬᠤ ᠶᠢ ᠵᠠᠯᠭᠠᠯᠳᠤᠭᠤᠯᠬᠤ ᠠᠵᠢᠯ ᠢᠶᠠᠨ ᠦᠷᠭᠦᠯᠵᠢᠯᠡᠨ ᠦᠷᠨᠢᠭᠦᠯᠵᠦ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ ᠵᠢᠷᠤᠮᠵᠢᠭᠤᠯᠤᠨ ᠬᠥᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢ ᠴᠢᠩᠭᠠᠷᠠᠭᠤᠯᠵᠤ᠂ ᠨᠡᠩ ᠣᠯᠠᠨ ᠪᠡᠯᠡ ᠮᠦᠩᠭᠦ ᠪᠠ ᠠᠵᠤ ᠦᠢᠯᠡᠰ ᠢ ᠮᠠᠨ ᠤ ᠣᠷᠣᠨ ᠳᠤ ᠪᠠᠨ ᠲᠠᠲᠠᠵᠤ ᠠᠪᠴᠢᠷᠠᠨ᠎ᠠ᠃       ︵ᠭᠤᠷᠪᠡ︶ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠶᠢᠨ ᠳᠠᠭᠠᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠰᠢᠯᠢᠳᠡᠭᠵᠢᠭᠦᠯᠵᠦ ᠳᠡᠰ ᠳᠡᠪᠰᠢᠭᠦᠯᠬᠦ ᠶᠢ ᠲᠦᠷᠭᠡᠳᠭᠡᠵᠦ᠂ ᠠᠵᠤ ᠠᠬᠤᠶᠢᠯᠠᠯ ᠤᠨ ᠬᠢᠨ ᠤ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠶᠢ ᠨᠢ ᠵᠣᠷᠢᠭᠵᠢᠭᠤᠯᠤᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ ᠨᠡᠩ ᠣᠯᠠᠨ ︽ᠮᠧᠩ ︵ᠬᠢᠲᠠᠳ ᠦᠰᠦᠭ︶ ᠦᠰᠦᠭᠲᠦ ᠲᠡᠮᠲᠡᠭ︾   ᠲᠠᠢ ᠴᠢᠨᠠᠷ ᠰᠠᠶᠢᠲᠠᠢ ᠪᠦᠲᠦᠭᠡᠭᠳᠡᠭᠦᠨ ᠢ ᠭᠠᠳᠠᠭᠰᠢ ᠭᠠᠷᠭᠠᠬᠤ ᠶᠢ ᠨᠢ ᠠᠬᠢᠭᠤᠯᠤᠨ᠎ᠠ᠃ ᠬᠢᠯᠢ ᠶᠢᠨ ᠠᠷᠠᠯᠵᠢᠶ᠎ᠠ ᠶᠢᠨ  ᠪᠣᠯᠪᠠᠰᠤᠷᠠᠭᠤᠯᠬᠤ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠪᠣᠢ ᠪᠣᠯᠭᠠᠵᠤ᠂ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠮᠠᠨ ᠤ ᠣᠷᠣᠨ ᠠᠴᠠ ᠠᠶᠠᠯᠠᠯ ᠢᠶᠠᠨ ᠡᠬᠢᠯᠡᠭᠦᠯᠵᠦ ᠪᠠᠶᠢᠭ᠎ᠠ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠴᠢᠨᠠᠷ ᠢ ᠰᠠᠶᠢᠵᠢᠷᠠᠭᠤᠯᠤᠨ ᠪᠠᠭᠲᠠᠭᠠᠮᠵᠢ ᠶᠢ ᠨᠡᠮᠡᠭᠳᠡᠭᠦᠯᠬᠦ ᠶᠢ ᠨᠢ ᠳᠡᠮᠵᠢᠵᠦ᠂ ᠭᠠᠳᠠᠭᠠᠳᠤ ᠠᠴᠠ ᠣᠷᠤᠭᠤᠯᠤᠨ ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠶᠢ ᠠᠬᠢᠭᠤᠯᠵᠤ᠂ ᠪᠦᠬᠦ ᠵᠢᠯ ᠳᠠᠬᠢ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ ᠶᠢ 260 ᠠᠶᠠᠯᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠬᠤ ᠪᠠ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠪᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠪᠤᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠣᠷᠣᠨ ᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠠᠬᠢᠭᠤᠯᠤᠨ ᠳᠡᠭᠡᠭᠰᠢᠯᠡᠭᠦᠯᠦᠨ᠎ᠡ᠃ ︽ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2019﹈ 23 ᠳ᠋ᠤᠭᠠᠷ ᠲᠣᠭᠠᠲᠤ︶᠂ ︽ᠬᠢᠯᠢ ᠠᠯᠤᠰᠯᠠᠭᠰᠠᠨ ᠠᠷᠠᠯᠵᠢᠶ᠎ᠠ ᠪᠡᠯᠡ ᠣᠷᠤᠭᠤᠯᠤᠯᠲᠠ ᠳᠤ ᠳᠦᠭᠦᠮ ᠦᠵᠡᠭᠦᠯᠬᠦ ᠶᠢ ᠠᠬᠢᠭᠤᠯᠬᠤ ᠲᠣᠬᠠᠢ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠮᠡᠳᠡᠭᠳᠡᠯ︾ ︵ᠭᠤᠪᠢᠭᠤᠯᠭ᠎ᠠ ᠲᠠᠷᠬᠠᠭᠠᠭᠰᠠᠨ ﹇2019﹈ 28 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃       ︵ᠳᠥᠷᠪᠡ︶ ᠪᠦᠲᠦᠮᠵᠢᠲᠡᠢ ᠪᠡᠯᠡ ᠣᠷᠤᠭᠤᠯᠤᠯᠲᠠ ᠶᠢ ᠦᠨᠡᠨ ᠬᠦ ᠨᠡᠮᠡᠭᠳᠡᠭᠦᠯᠦᠨ᠎ᠡ᠃ ᠬᠠᠩᠭᠠᠯᠭ᠎ᠠ ᠶᠢᠨ  ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ ᠣᠷᠤᠭᠤᠯᠤᠯᠲᠠ ᠶᠢᠨ ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠪᠡᠯᠡᠳᠭᠡᠮᠵᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ᠂ ᠠᠮᠢ ᠠᠬᠤᠢ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠨᠦᠬᠡᠴᠡᠯᠡᠬᠦ ᠠᠵᠢᠯ ᠢ ᠠᠬᠢᠭᠤᠯᠤᠨ ᠬᠡᠷᠡᠭᠵᠢᠭᠦᠯᠵᠦ᠂ ᠪᠡᠯᠡ ᠣᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠦᠬᠦ ᠵᠢᠯ ᠤᠨ ᠪᠡᠯᠡ ᠣᠷᠤᠭᠤᠯᠤᠯᠲᠠ ᠶᠢ 5% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠪᠡᠯᠡ ᠣᠷᠤᠭᠤᠯᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠵᠠᠷ ᠬᠡᠷᠡᠭᠯᠡᠬᠦ ᠪᠠ ᠲᠦᠯᠦᠪᠵᠢᠭᠦᠯᠬᠦ ᠳᠤ ︽ᠣᠯᠠᠨ ᠬᠢᠨᠠᠨ ᠬᠠᠷᠭᠤᠭᠤᠯᠤᠯᠲᠠ ᠶᠢ ᠨᠡᠶᠢᠯᠡᠭᠦᠯᠵᠦ ᠨᠢᠭᠡ ᠪᠣᠯᠭᠠᠬᠤ᠂ ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠶᠢ ᠠᠬᠢᠭᠤᠯᠵᠤ᠂ ᠪᠡᠯᠡ ᠣᠷᠤᠭᠤᠯᠤᠯᠲᠠ ᠶᠢᠨ ᠲᠦᠪᠡᠭᠲᠡᠢ ᠠᠰᠠᠭᠤᠳᠠᠯ ᠢ ᠬᠤᠪᠢᠶᠠᠷᠢᠯᠠᠨ ᠰᠢᠢᠳᠪᠦᠷᠢᠯᠡᠵᠦ ᠵᠠᠰᠠᠬᠤ ᠲᠤᠰᠬᠠᠢ ᠠᠵᠢᠯᠯᠠᠭᠠᠨ ᠢ ᠦᠷᠨᠢᠭᠦᠯᠵᠦ᠂ ᠠᠷᠠᠳ ᠤᠨ ᠳᠤᠮᠳᠠᠬᠢ ᠬᠦᠷᠦᠩᠭᠡ ᠮᠦᠩᠭᠦ ᠳᠤ ᠲᠠᠨᠢᠯᠴᠠᠭᠤᠯᠬᠤ ᠲᠦᠷᠦᠯ ᠵᠦᠢᠯ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠬᠤᠯᠠ ᠶᠡᠭᠡ ᠲᠦᠷᠦᠯ ᠵᠦᠢᠯ ᠢᠶᠠᠨ ᠨᠦᠬᠡᠴᠡᠯᠡᠬᠦ ᠶᠢ ᠦᠨᠡᠨ ᠬᠦ ᠰᠠᠶᠢᠲᠤᠷ ᠬᠢᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠮᠤ ᠠᠵᠢᠯ ᠶᠠᠪᠤᠳᠠᠯ ᠬᠦᠴᠢᠷᠲᠡᠢ ᠠᠵᠢᠯ ᠶᠠᠪᠤᠳᠠᠯ ᠪᠠᠴᠢᠮ ᠠᠵᠢᠯ ᠶᠠᠪᠤᠳᠠᠯ ᠤᠨ ᠲᠤᠭᠤᠷᠢᠨ ᠳᠤ᠂ ᠲᠦᠷᠦᠯ ᠵᠦᠢᠯ ᠤᠨ ᠨᠦᠬᠡᠴᠡᠯᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠦᠷᠦᠯ ᠵᠦᠢᠯ ᠢ ᠬᠦᠮᠦᠷᠭᠡ ᠳᠤ ᠣᠷᠤᠭᠤᠯᠬᠤ ᠨᠦᠬᠦᠴᠡᠯ ᠢ ᠴᠢᠩᠳᠠᠯᠠᠵᠤ᠂ ᠨᠠᠷᠢᠯᠢᠭᠵᠢᠭᠤᠯᠤᠨ ᠬᠠᠮᠢᠶᠠᠷᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠲᠦᠷᠦᠯ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠦᠷᠦᠯ ᠵᠦᠢᠯ ᠤᠨ ᠪᠡᠯᠡ ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ︽ᠪᠡᠯᠡ ᠮᠦᠩᠭᠦ ᠪᠠ ᠬᠦᠴᠦᠨ ᠵᠦᠢᠯ ᠨᠢ ᠲᠦᠷᠦᠯ ᠵᠦᠢᠯ ᠢᠶᠠᠨ ᠳᠠᠭᠠᠬᠤ︾ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠲᠦᠷᠦᠯ ᠵᠦᠢᠯ ᠤᠨ ᠪᠣᠲᠠᠲᠠᠶᠢᠵᠢᠭᠳᠠᠨ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠤᠨ᠎ᠠ᠃        ︵ᠲᠠᠪᠤ︶ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠲᠣᠣᠷ ᠰᠦᠯᠵᠢᠶᠡᠵᠢᠭᠰᠡᠨ ᠬᠡᠯᠪᠡᠷᠢᠲᠦ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠠᠮ ᠬᠠᠷᠢᠯᠴᠠᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠦᠲᠦᠯᠪᠦᠷᠢ︾ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ᠂ ᠡᠨᠧᠷᠬᠢ ᠶᠢᠨ ᠲᠣᠣᠷ ᠰᠦᠯᠵᠢᠶ᠎ᠡ᠂ ᠬᠤᠲᠠ ᠬᠦᠳᠡᠭᠡ ᠶᠢᠨ ᠰᠠᠭᠤᠷᠢ ᠪᠡᠯᠡᠳᠭᠡᠮᠵᠢ᠂ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠴᠢᠮᠡᠭᠡ ᠬᠤᠯᠪᠣᠭ᠎ᠠ ᠶᠢᠨ ᠰᠦᠯᠵᠢᠶ᠎ᠡ ᠶᠢ ᠪᠦᠲᠦᠭᠡᠨ ᠪᠠᠶᠢᠭᠤᠯᠬᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠪᠤᠭᠤᠳᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠬᠦᠬᠡᠬᠤᠲᠠ ᠶᠢᠨ ᠬᠤᠶᠠᠳᠤᠭᠠᠷ ᠱᠤᠭᠤᠮ ᠤᠨ ᠭᠠᠵᠠᠷ ᠳᠤᠤᠷᠠᠬᠢ ᠲᠡᠮᠦᠷ ᠵᠠᠮ᠂ ᠬᠠᠶᠢᠯᠠᠷ ᠠᠴᠠ ᠮᠠᠨᠵᠤᠤᠷ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠪᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠨᠡᠶᠢᠳᠡᠮ ᠬᠡᠷᠡᠭᠯᠡᠭᠡᠨ ᠤ ᠨᠢᠰᠭᠡᠯ ᠤᠨ  ᠪᠠᠭᠤᠳᠠᠯ ᠤᠨ ᠪᠦᠭᠡᠮᠨᠡᠷᠡᠯ᠂ ᠡᠨᠧᠷᠬᠢ ᠶᠢᠨ ᠲᠡᠭᠡᠭᠡᠪᠦᠷᠢ ᠶᠢᠨ ᠨᠡᠪᠲᠡᠷᠡᠯ ᠵᠠᠮ ᠵᠡᠷᠭᠡ ᠬᠦᠷᠢᠶ᠎ᠡ ᠴᠠᠷᠠᠭᠠᠨ ᠤ ᠲᠦᠷᠦᠯ ᠵᠦᠢᠯ ᠢ ᠪᠦᠲᠦᠭᠡᠨ ᠪᠠᠶᠢᠭᠤᠯᠬᠤ ᠪᠠᠨ ᠲᠦᠷᠭᠡᠳᠭᠡᠵᠦ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠬᠤᠯᠪᠣᠭᠠᠰᠤ ᠱᠤᠭᠤᠮ ᠢ ᠨᠡᠪᠲᠡᠷᠡᠭᠦᠯᠦᠨ ᠠᠵᠢᠯᠯᠠᠭᠤᠯᠬᠤ ᠶᠢ ᠠᠬᠢᠭᠤᠯᠤᠨ᠂ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠥᠷᠭᠡᠨ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠦᠭᠡᠷᠡᠴᠢᠯᠡᠯᠲᠡ᠂ ᠤᠯᠠᠭᠠᠨᠬᠤᠲᠠ ᠠᠴᠠ ᠷᠠᠰᠢᠶᠠᠨ ᠬᠦᠷᠬᠦ ᠲᠡᠮᠦᠷ ᠵᠠᠮ ᠢ ᠦᠭᠡᠷᠡᠴᠢᠯᠡᠨ ᠵᠠᠰᠠᠬᠤ᠂ ᠡᠷᠢᠶᠡᠨ ᠬᠤᠲᠠ ᠠᠴᠠ ᠭᠤᠸᠠᠩᠵᠧᠦ ᠬᠦᠷᠬᠦ ᠲᠡᠭᠡᠳᠦ ᠬᠤᠷᠳᠤ ᠶᠢᠨ ᠲᠡᠮᠦᠷ ᠵᠠᠮ ᠤᠨ ᠡᠷᠢᠶᠡᠨ ᠠᠴᠠ ᠰᠠᠶᠢᠬᠠᠨᠲᠠᠯ᠎ᠠ ᠬᠦᠷᠬᠦ ᠬᠡᠰᠡᠭ᠂ ᠳᠠᠭ᠎ᠠ ᠶᠢᠨ ᠨᠠᠭᠤᠷ ᠤᠨ ᠠᠮᠢ ᠠᠬᠤᠢ ᠳᠤ ᠪᠠᠴᠢᠮ ᠪᠠᠶᠢᠳᠠᠯ ᠢ  ᠠᠷᠭᠠᠴᠠᠭᠠᠵᠤ ᠤᠰᠤ ᠨᠦᠬᠦᠪᠦᠷᠢᠯᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠠᠬᠢᠭᠤᠯᠵᠤ᠂ ᠬᠤᠲᠠ ᠶᠢᠨ ᠶᠠᠪᠤᠳᠠᠯ ᠤᠨ ᠬᠤᠭᠤᠯᠠᠢ ᠭᠤᠣᠷᠰᠤ ᠶᠢᠨ ᠲᠣᠣᠷ᠂ ᠲᠡᠷᠭᠡᠨ ᠤ ᠵᠣᠭᠰᠤᠭᠠᠯ᠂ ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠬᠤᠲᠠ ᠬᠦᠳᠡᠭᠡ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠡᠯᠡᠳᠭᠡᠮᠵᠢ ᠵᠡᠷᠭᠡ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ ᠰᠦᠯᠵᠢᠶᠡᠨ ᠤ  ᠭᠤᠣᠯᠯᠠᠭᠴᠢ ᠪᠣᠯᠬᠤ ᠰᠢᠭᠤᠳ ᠬᠤᠯᠪᠣᠭᠳᠠᠬᠤ ᠴᠡᠭ ᠢ ᠪᠦᠲᠦᠭᠡᠨ ᠪᠠᠶᠢᠭᠤᠯᠤᠨ᠎ᠠ᠃       ︵ᠵᠢᠷᠭᠤᠭ᠎ᠠ︶ ᠬᠡᠷᠡᠭᠯᠡᠭᠡ ᠶᠢᠨ ᠬᠡᠪᠴᠢᠶᠡᠵᠢᠯ ᠢ ᠴᠢᠷᠮᠠᠶᠢᠨ ᠥᠷᠭᠡᠳᠭᠡᠨ᠎ᠡ᠃ ᠵᠠᠬ᠎ᠠ ᠳᠡᠯᠭᠡᠭᠦᠷ ᠤᠨ ᠬᠠᠩᠭᠠᠯᠭ᠎ᠠ ᠬᠢᠭᠡᠳ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠯᠠᠨ ᠬᠥᠭᠵᠢᠭᠡᠵᠦ᠂ ᠣᠨᠴᠠᠯᠢᠭ ᠲᠠᠢ ᠬᠡᠷᠡᠭᠯᠡᠭᠡ ᠶᠢᠨ ᠬᠠᠩᠭᠠᠯᠭ᠎ᠠ ᠶᠢ ᠢᠳᠡᠪᠬᠢᠲᠡᠢ ᠪᠠᠷ ᠥᠷᠭᠡᠳᠭᠡᠨ᠂ ᠨᠡᠷᠡᠲᠦ ᠲᠡᠮᠲᠡᠭ ᠢ ᠪᠣᠢ ᠪᠣᠯᠭᠠᠨ ᠳᠡᠯᠭᠡᠷᠡᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ᠨᠡᠩ ᠣᠯᠠᠨ ᠦᠪᠦᠷ ᠮᠣᠩᠭᠤᠯ ᠤᠨ ᠨᠡᠷᠡᠲᠦ ᠲᠡᠮᠲᠡᠭ ᠢ ᠪᠣᠢ ᠪᠣᠯᠭᠠᠨ᠂ ᠬᠡᠷᠡᠭᠴᠡᠭᠡ ᠪᠠᠷ ᠬᠠᠩᠭᠠᠯᠭ᠎ᠠ ᠶᠢ ᠰᠢᠯᠢᠳᠡᠭᠵᠢᠭᠦᠯᠦᠨ᠂ ᠬᠠᠩᠭᠠᠯᠭ᠎ᠠ ᠪᠠᠷ ᠬᠡᠷᠡᠭᠴᠡᠭᠡ ᠶᠢ ᠠᠬᠢᠭᠤᠯᠤᠨ᠎ᠠ᠃ ᠬᠤᠳᠠᠯᠳᠤᠭᠠᠨ ᠤ ᠬᠤᠪᠢᠰᠤᠯᠲᠠ ᠪᠠ ᠬᠡᠷᠡᠭᠯᠡᠭᠡ ᠶᠢᠨ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠪᠣᠲᠠᠲᠠᠢ ᠲᠠᠢ ᠪᠠᠨ ᠤᠶᠠᠯᠳᠤᠭᠤᠯᠤᠨ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠳᠡᠰᠢ ᠣᠷᠣᠢ ᠶᠢᠨ ᠬᠡᠷᠡᠭᠯᠡᠭᠡ ᠶᠢᠨ ᠠᠵᠤ ᠠᠬᠤᠢ᠂ ᠬᠡᠷᠡᠭᠴᠡᠭᠡ ᠪᠠᠷ ᠦᠢᠯᠡᠳᠬᠦ ᠬᠡᠷᠡᠭᠯᠡᠭᠡ᠂ ᠤᠶᠤᠨᠴᠢ ᠬᠡᠷᠡᠭᠯᠡᠭᠡ ᠵᠡᠷᠭᠡ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠬᠥᠭᠵᠢᠭᠦᠯᠦᠨ᠎ᠡ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠨᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠰᠤᠷᠭᠠᠨ ᠬᠦᠮᠦᠵᠢᠯ ᠰᠤᠶᠤᠯ᠂ ᠡᠷᠡᠭᠦᠯ ᠮᠡᠨᠳᠦ ᠡᠮᠴᠢᠯᠡᠭᠡ᠂ ᠵᠢᠭᠤᠯᠴᠢᠯᠠᠯ ᠰᠡᠯᠡᠭᠦᠴᠡᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠴᠢᠨᠠᠷ ᠰᠠᠶᠢᠲᠠᠢ ᠪᠠ ᠣᠯᠠᠨ ᠶᠠᠩᠵᠤᠴᠢᠯᠠᠭᠰᠠᠨ ᠲᠡᠶᠢᠰᠢ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠡᠮᠴᠢᠯᠡᠭᠡ᠂ ᠨᠠᠰᠤᠵᠢᠯ ᠤᠨ ᠠᠰᠠᠷᠠᠮᠵᠢ᠂ ᠭᠡᠷ ᠠᠬᠤᠢ ᠵᠡᠷᠭᠡ ᠰᠠᠭᠤᠭᠠᠯᠢ ᠲᠣᠭᠤᠷᠢᠭ ᠤᠨ ᠳᠦᠬᠦᠷ ᠪᠡᠯᠡᠳᠭᠡᠮᠵᠢ ᠶᠢ ᠲᠡᠭᠦᠯᠳᠡᠷᠵᠢᠭᠦᠯᠵᠦ᠂ ᠠᠷᠠᠳ ᠲᠤ ᠳᠦᠭᠦᠮ ᠦᠵᠡᠭᠦᠯᠬᠦ ᠬᠡᠷᠡᠭᠯᠡᠭᠡ ᠶᠢᠨ ᠬᠦᠷᠢᠶ᠎ᠡ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠢ ᠪᠦᠲᠦᠮᠵᠢᠲᠡᠢ ᠡᠬᠢᠯᠡᠭᠦᠯᠵᠦ᠂ ᠡᠯᠧᠺᠲᠷᠣᠨ ᠬᠤᠳᠠᠯᠳᠤᠭᠠᠨ ᠤ ᠲᠡᠪᠴᠡᠩ ᠤᠨ ᠪᠠᠶᠢᠭᠤᠯᠤᠯᠲᠠ ᠶᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠰᠤᠶᠤᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠵᠡᠷᠭᠡ ᠠᠵᠢᠯᠯᠠᠭ᠎ᠠ ᠡᠷᠬᠢᠯᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠨᠤᠭᠤᠳ ᠢ ᠳᠠᠭᠠᠭᠠᠨ ᠡᠷᠬᠢᠯᠡᠨ᠎ᠡ᠃ ᠣᠷᠣᠨ ᠪᠦᠰᠡ ᠶᠢᠨ ᠣᠨᠴᠠᠯᠢᠭᠲᠤ ᠵᠢᠭᠤᠯᠴᠢᠯᠠᠯ ᠤᠨ ᠨᠡᠷᠡᠲᠦ ᠲᠡᠮᠲᠡᠭ ᠢ ᠪᠣᠢ ᠪᠣᠯᠭᠠᠵᠤ᠂ ︽ᠦᠪᠦᠷ ᠮᠣᠩᠭᠤᠯ ᠤᠨ ᠦᠨᠦᠷ ᠠᠮᠲᠠ︾ ︽ᠦᠪᠦᠷ ᠮᠣᠩᠭᠤᠯ ᠤᠨ ᠳᠠᠭᠤᠤ ᠬᠥᠭᠵᠢᠮ︾ ︽ᠦᠪᠦᠷ ᠮᠣᠩᠭᠤᠯ ᠤᠨ ᠺᠢᠨᠣ᠋ ᠲᠧᠯᠸᠢᠰ︾ ᠬᠢᠭᠡᠳ ︽ᠦᠪᠦᠷ ᠮᠣᠩᠭᠤᠯ ᠤᠨ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠠ ᠳᠣᠬᠢᠶᠠᠯ ᠢ ᠠᠳᠬᠤᠨ ᠮᠦᠰᠦ ᠴᠠᠰᠤᠨ ᠤ ᠵᠢᠭᠤᠯᠴᠢᠯᠠᠯ ᠢ ᠬᠥᠭᠵᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ ᠭᠦᠨᠵᠡᠭᠡᠶᠢᠷᠡᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠎ᠠ᠃      ᠬᠤᠶᠠᠷ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ  ᠪᠣᠭᠤᠮᠲᠠ ᠶᠢ ᠳᠠᠪᠠᠨ᠎ᠠ       ᠬᠠᠷᠠᠯᠲᠠᠲᠤ ᠡᠭᠦᠷᠭᠡ ᠲᠠᠢ ᠪᠠᠨ ᠬᠠᠷᠢᠴᠠᠭᠤᠯᠤᠨ᠂ ᠦᠷᠭᠦᠯᠵᠢᠯᠡᠨ ᠲᠦᠢᠯ ᠤᠨ ᠣᠨᠣᠪᠴᠢᠲᠠᠢ ᠪᠠᠷ ᠬᠦᠴᠦᠯᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠬᠤᠭᠤᠴᠠᠭ᠎ᠠ ᠶᠤᠰᠤᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠱᠠᠲᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠵᠤ᠂ ᠰᠢᠰᠲ᠋ᠧᠮ ᠤᠨ ᠴᠢᠨᠠᠷᠲᠠᠢ ᠮᠦᠩᠭᠦᠨ ᠭᠦᠢᠯᠭᠡᠭᠡᠨ ᠤ ᠲᠥᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃       ︵ᠨᠢᠭᠡ︶ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠨᠡᠩ ᠴᠢᠨᠠᠷᠵᠢᠭᠤᠨ ᠢᠶᠠᠷ ᠲᠡᠮᠡᠴᠡᠨ ᠣᠯᠣᠨ᠎ᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠭᠦᠯ ᠮᠡᠨᠳᠦ᠂ ᠬᠡᠷᠡᠭᠯᠡᠭᠡ᠂ ᠨᠡᠶᠢᠭᠡᠮ ᠤᠨ ᠪᠠᠲᠤᠯᠠᠭ᠎ᠠ᠂ ᠬᠠᠪᠰᠤᠷᠤᠨ ᠲᠡᠳᠭᠦᠬᠦ ᠬᠠᠮᠵᠢᠯᠴᠠᠭ᠎ᠠ ᠵᠡᠷᠭᠡ ᠲᠠᠯ᠎ᠠ ᠶᠢᠨ ᠶᠠᠳᠠᠭᠤ ᠠᠴᠠ ᠠᠩᠬᠢᠵᠢᠷᠠᠭᠤᠯᠬᠤ ᠡᠯ᠎ᠡ ᠵᠦᠢᠯ ᠤᠨ ᠠᠷᠭ᠎ᠠ ᠠᠪᠴᠠᠯ ᠢ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠬᠤ ᠪᠠᠷᠢᠮᠵᠢᠶ᠎ᠠ ᠪᠠ ᠬᠠᠰᠤᠵᠤ ᠭᠠᠷᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠣᠳᠤ ᠪᠠᠶᠢᠭ᠎ᠠ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠬᠦᠳᠡᠭᠡ ᠲᠤᠰᠬᠤᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠢ ᠵᠤᠯᠠᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠭᠰᠠᠨ ᠬᠦᠮᠦᠨ ᠠᠮᠠ ᠪᠠ ᠶᠠᠳᠠᠭᠤᠷᠠᠭᠰᠠᠨ ᠬᠦᠮᠦᠨ ᠠᠮᠠ ᠶᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠠᠵᠢᠯ ᠢ ᠴᠠᠭ ᠲᠣᠬᠠᠢ ᠳᠤ ᠨᠢ ᠰᠠᠶᠢᠲᠤᠷ ᠬᠢᠨ᠎ᠡ᠃ ᠶᠠᠳᠠᠭᠤ ᠶᠢ ᠲᠡᠳᠭᠦᠭᠰᠡᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠭᠦᠭᠰᠡᠨ ᠡᠳ᠋ ᠬᠦᠷᠦᠩᠭᠡ ᠶᠢ ᠬᠡᠷᠡᠭᠯᠡᠬᠦ ᠦᠷ᠎ᠡ ᠠᠰᠢᠭ ᠢᠶᠠᠨ ᠳᠡᠭᠡᠭᠰᠢᠯᠡᠭᠦᠯᠦᠨ᠎ᠡ᠃       ︵ᠬᠤᠶᠠᠷ︶ ᠬᠥᠬᠡ ᠣᠭᠲᠠᠷᠭᠤᠢ ᠬᠦᠬᠡᠮᠳᠦᠭ ᠤᠰᠤ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ ᠮᠠᠨᠳᠡᠯ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠠᠵᠢᠯ ᠲᠦᠷᠦᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠣᠯᠠᠨ ᠲᠠᠯ᠎ᠠ ᠠᠴᠠ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠠᠭᠠᠷ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠤᠣᠯᠳᠠᠯᠭ᠎ᠠ ᠲᠠᠢ ᠪᠣᠬᠢᠷᠳᠤᠯ ᠤᠨ ᠡᠬᠢ ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠴᠢᠩᠭᠠᠷᠠᠭᠤᠯᠤᠨ᠂ ᠬᠡᠮᠬᠡᠳᠡᠭ ᠨᠡᠭᠦᠷᠡᠰᠦ ᠶᠢᠨ ᠰᠢᠲᠠᠭᠠᠯᠭ᠎ᠠ᠂ ᠠᠵᠤ ᠦᠢᠯᠡᠳᠪᠦᠷᠢ ᠶᠢᠨ ᠪᠣᠬᠢᠷᠳᠤᠯ᠂ ᠠᠭᠤᠷᠬᠠᠢ ᠨᠡᠭᠡᠭᠡᠨ ᠮᠠᠯᠲᠠᠬᠤ᠂ ᠬᠤᠲᠠ ᠶᠢᠨ ᠲᠤᠭᠤᠰᠤᠨ ᠤ ᠪᠣᠬᠢᠷᠳᠤᠯ᠂ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠮᠠᠰᠢᠨ ᠲᠡᠷᠭᠡ ᠶᠢᠨ ᠪᠣᠬᠢᠷᠳᠤᠯ ᠵᠡᠷᠭᠡ ᠳᠤ ᠵᠠᠰᠠᠯᠲᠠ ᠬᠢᠬᠦ ᠶᠢ ᠲᠣᠬᠠᠢ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠰᠠᠶᠢᠲᠤᠷ ᠠᠳᠬᠤᠵᠤ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠬᠤᠲᠠ ᠪᠠᠯᠭᠠᠰᠤᠨ ᠤ  ᠴᠡᠪᠡᠷ ᠳᠤᠯᠠᠭᠠᠯᠠᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠵᠦ ᠬᠤᠯᠪᠣᠭᠠᠯᠠᠨ ᠵᠠᠰᠠᠬᠤ ᠶᠢ ᠴᠢᠩᠭᠠᠷᠠᠭᠤᠯᠤᠨ᠂ ᠲᠤᠰᠬᠠᠢ ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠪᠠᠶᠢᠬᠤ ᠡᠳᠦᠷ ᠤᠨ ᠲᠣᠭᠠᠨ ᠤ ᠬᠠᠷᠢᠴᠠᠯ ᠢ 83.8% ᠳᠤ ᠬᠦᠷᠦᠭᠦᠯᠬᠦ ᠪᠠᠷ ᠦᠨᠡᠨ ᠬᠦ ᠪᠠᠲᠤᠯᠠᠵᠤ᠂ ᠨᠠᠷᠢᠨ ᠮᠦᠬᠦᠯᠢᠭᠲᠦ ᠪᠤᠳᠠᠰ ︵PM2.5︶ ᠤᠨ ᠪᠠᠷᠢᠮᠵᠢᠶ᠎ᠠ ᠳᠤ ᠬᠦᠷᠦᠭᠡᠳᠦᠢ ᠲᠤᠰᠬᠠᠢ ᠣᠷᠣᠨ ᠤ ᠳᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠮᠦᠬᠦᠯᠢᠭᠲᠦ ᠪᠤᠳᠠᠰ ᠤᠨ ᠥᠳᠭᠡᠴᠡ ᠶᠢ 2015 ᠣᠨ ᠤ ᠬᠢ ᠠᠴᠠ 12% ᠪᠠᠭᠤᠷᠠᠭᠤᠯᠤᠨ᠎ᠠ᠃ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠨᠡᠨ ᠬᠦ ᠰᠠᠶᠢᠵᠢᠷᠠᠭᠤᠯᠵᠤ᠂ ᠪᠤᠬᠢᠷᠳᠤᠯ ᠤᠨ ᠡᠬᠢ ᠢᠷᠡᠯᠲᠡ ᠪᠠ ᠤᠰᠤᠨ ᠤ ᠠᠮᠢ ᠠᠬᠤᠢ ᠶᠢᠨ ᠰᠢᠰᠲ᠋ᠧᠮ ᠢ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠪᠤᠬᠢᠷᠳᠤᠯ ᠭᠠᠳᠠᠭᠰᠢᠯᠠᠭᠤᠯᠬᠤ ᠶᠢᠨ ᠵᠥᠪᠰᠢᠶᠡᠷᠡᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠴᠡᠪᠡᠷᠰᠢᠭᠦᠯᠦᠨ ᠦᠭᠡᠷᠡᠴᠢᠯᠡᠵᠦ ᠵᠠᠰᠠᠬᠤ ᠶᠢ ᠲᠦᠷᠭᠡᠳᠭᠡᠨ᠂ ᠤᠤᠭᠤᠬᠤ ᠤᠰᠤᠨ ᠤ ᠤᠰᠤᠨ ᠰᠤᠷᠪᠣᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠨᠠᠭᠤᠷ ᠴᠦᠬᠦᠷᠦᠮ ᠳᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠠᠬᠢᠭᠤᠯᠤᠨ᠂ ︽ᠭᠤᠷᠪᠠᠨ ᠨᠠᠭᠤᠷ︾ ᠲᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠭᠦᠨᠵᠡᠭᠡᠶᠢᠷᠡᠭᠦᠯᠵᠦ᠂ ᠬᠦᠯᠦᠨ ᠨᠠᠭᠤᠷ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠢ ᠦᠨᠡᠨ ᠬᠦ ᠪᠠᠲᠤᠯᠠᠨ ᠪᠡᠶᠡᠯᠡᠭᠦᠯᠦᠨ᠎ᠡ᠃ ᠬᠦᠷᠦᠰᠦ ᠰᠢᠷᠣᠢ ᠶᠢᠨ ᠣᠷᠴᠢᠨ ᠨᠦᠬᠦᠴᠡᠯ ᠤᠨ ᠲᠥᠭᠰᠢᠭᠦᠷᠢ ᠶᠢ ᠬᠦᠴᠦᠯᠡᠨ ᠬᠠᠮᠢᠶᠠᠷᠴᠤ ᠡᠵᠡᠮᠰᠢᠨ᠂ ᠮᠠᠯ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠵᠤ᠂ ᠠᠵᠤ ᠦᠢᠯᠡᠳᠪᠦᠷᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠴᠢᠨ ᠨᠦᠬᠦᠴᠡᠯ ᠤᠨ ᠵᠥᠪᠰᠢᠶᠡᠷᠡᠨ ᠣᠷᠤᠭᠤᠯᠬᠤ ᠪᠠ ᠬᠢᠨᠠᠨ ᠬᠠᠮᠢᠶᠠᠷᠬᠤ ᠶᠢ ᠴᠢᠩᠳᠠᠯᠠᠨ᠂ ᠬᠦᠨᠳᠦ ᠲᠡᠮᠦᠷᠯᠢᠭ ᠤᠨ ᠠᠵᠢᠯ ᠲᠦᠷᠦᠯ ᠤᠨ ᠪᠣᠬᠢᠷᠳᠤᠯ ᠢ ᠰᠡᠷᠭᠡᠶᠢᠯᠡᠨ ᠡᠵᠡᠮᠰᠢᠬᠦ ᠪᠠᠨ ᠴᠢᠩᠭᠠᠳᠬᠠᠵᠤ᠂ ᠠᠶᠤᠯᠲᠠᠢ ᠬᠠᠶᠠᠭᠳᠠᠮᠠᠯ ᠡᠳ᠋ ᠢ ᠬᠢᠨᠠᠨ ᠬᠠᠮᠢᠶᠠᠷᠬᠤ ᠪᠠ ᠠᠰᠢᠭᠯᠠᠵᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠦᠷᠦᠰᠦ ᠰᠢᠷᠤᠢ ᠶᠢᠨ ᠣᠷᠴᠢᠨ ᠨᠦᠬᠦᠴᠡᠯ ᠤᠨ ᠠᠮᠦᠷ ᠲᠥᠪᠰᠢᠨ ᠢ ᠦᠨᠡᠨ ᠬᠦ ᠪᠦᠲᠦᠮᠵᠢᠲᠡᠢ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠵᠤ ᠰᠢᠢᠳᠪᠦᠷᠢᠯᠡᠬᠦ ᠲᠣᠷᠰᠢᠯᠲᠠ ᠶᠢᠨ ᠴᠡᠭ ᠢ ᠠᠬᠢᠭᠤᠯᠵᠤ᠂ ᠬᠤᠭ ᠨᠣᠪᠰᠢ ᠶᠢ ᠲᠦᠷᠦᠯ ᠵᠦᠢᠯ ᠬᠤᠪᠢᠶᠠᠨ ᠰᠢᠢᠳᠪᠦᠷᠢᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠶᠢᠭᠤᠯᠤᠮᠵᠢ ᠪᠦᠬᠦᠨ ᠤ ᠠᠮᠢᠳᠤᠷᠠᠯ ᠤᠨ ᠬᠤᠭ ᠨᠣᠪᠰᠢ ᠪᠠᠨ ᠲᠦᠷᠦᠯ ᠬᠤᠪᠢᠶᠠᠵᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃       ︵ᠭᠤᠷᠪᠠ︶ ᠬᠦᠨᠳᠦ ᠶᠡᠭᠡ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠳᠠᠯᠳᠠ ᠥᠷᠢ  ᠥᠭᠴᠡᠭᠡ ᠶᠢᠨ ᠬᠠᠳᠠᠭᠠᠯᠠᠭᠳᠠᠴᠠ ᠶᠢ ᠯᠠᠪᠳᠠᠭᠤᠨ ᠢᠶᠠᠷ ᠠᠷᠢᠯᠭᠠᠵᠤ᠂ ᠣᠷᠣᠨ ᠨᠤᠲᠤᠭ ᠤᠨ ᠵᠢᠭᠡᠯᠡᠯᠭᠡ ᠶᠢᠨ ᠲᠡᠮᠲᠡᠭᠲᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠲᠦᠵᠦ ᠪᠠᠶᠢᠭ᠎ᠠ ᠳᠠᠩᠰᠠᠨ ᠳᠠᠬᠢ ᠵᠤᠭᠤᠰ ᠢ ᠨᠢ ᠢᠯᠭᠠᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠥᠷᠢ ᠥᠭᠴᠡᠭᠡ ᠶᠢᠨ ᠲᠥᠭᠰᠢᠭᠦᠷᠢ ᠶᠢᠨ ᠵᠡᠷᠭᠡ ᠳᠡᠰ ᠢ ᠲᠦᠷᠭᠡᠬᠡᠨ ᠪᠠᠭᠤᠷᠠᠭᠤᠯᠤᠨ᠎ᠠ᠃ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠲᠠᠬᠢ ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠭᠰᠢᠭᠦᠷᠢ ᠶᠢ ᠬᠢᠨᠠᠨ ᠡᠵᠡᠮᠰᠢᠵᠦ ᠰᠡᠷᠭᠡᠶᠢᠯᠡᠬᠦ ᠪᠠ ᠰᠢᠢᠳᠪᠦᠷᠢᠯᠡᠬᠦ ᠶᠢ ᠴᠢᠩᠭᠠᠷᠠᠭᠤᠯᠤᠨ᠂ ᠪᠤᠭᠤᠳᠤ ᠶᠢᠨ ᠬᠤᠳᠠᠯᠳᠤᠭᠠᠨ ᠤ ᠪᠠᠩᠭᠢ ᠶᠢᠨ ᠰᠲ᠋ᠣᠺ ᠤᠨ ᠡᠷᠬᠡ ᠪᠠᠷ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠵᠦᠢ ᠪᠤᠰᠤ ᠵᠢᠭᠡᠯᠡᠯᠭᠡ ᠶᠢ ᠠᠷᠢᠯᠭᠠᠬᠤ ᠪᠠᠨ ᠠᠬᠢᠭᠤᠯᠵᠤ᠂ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠰᠢᠰᠲ᠋ᠧᠮ ᠤᠨ ᠴᠢᠨᠠᠷᠲᠠᠢ ᠮᠦᠩᠭᠦᠨ ᠭᠦᠢᠯᠭᠡᠭᠡᠨ ᠤ ᠲᠥᠭᠰᠢᠭᠦᠷᠢ ᠭᠠᠷᠭᠠᠬᠤ ᠦᠭᠡᠢ ᠪᠠᠲᠤᠯᠠᠬᠤ ᠱᠤᠭᠤᠮ ᠢ ᠪᠠᠲᠤ ᠰᠠᠬᠢᠨ᠎ᠠ᠃ ᠭᠠᠳᠠᠷ ᠲᠠᠯ᠎ᠠ ᠠᠴᠠ ᠢᠷᠡᠬᠦ ᠳᠠᠭᠠᠷᠢᠯᠲᠠ ᠶᠢᠨ ᠲᠥᠭᠰᠢᠭᠦᠷᠢ ᠶᠢ ᠮᠦᠷᠳᠡᠨ ᠰᠡᠷᠭᠡᠶᠢᠯᠡᠵᠦ᠂ ᠣᠨᠣᠪᠴᠢᠲᠠᠢ ᠪᠠᠷ ᠦᠨᠡᠯᠡᠨ ᠵᠢᠱᠢᠵᠦ᠂ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠭᠰᠢᠭᠦᠷᠢ ᠶᠢ ᠳᠣᠬᠢᠶᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠨ ᠠᠵᠢᠯᠯᠠᠵᠤ᠂  ᠬᠤᠪᠢᠳᠠᠭᠰᠠᠨ ᠠᠵᠢᠯ ᠢᠶᠠᠨ ᠰᠠᠶᠢᠲᠤᠷ ᠭᠦᠢᠴᠡᠳᠭᠡᠨ᠎ᠡ᠃      ᠭᠤᠷᠪᠠ᠂ ᠪᠤᠳᠠᠳᠤ ᠴᠤᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ      ᠪᠢᠴᠢᠯ ᠪᠡᠶᠡᠲᠦ ᠴᠤᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠴᠢᠩᠭᠠᠷᠠᠭᠤᠯᠤᠨ᠂ ᠠᠵᠤ ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠡ ᠶᠢᠨ ᠤᠳᠤᠬᠢᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠎ᠡ᠃       ︵ᠨᠢᠭᠡ︶ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ︽ᠳᠥᠷᠪᠡᠨ ᠣᠯᠠᠨ ᠳᠥᠷᠪᠡᠨ ᠴᠦᠬᠡᠨ︾ ︵ᠤᠯᠠᠮᠵᠢᠯᠠᠯᠲᠤ ᠠᠵᠤ ᠦᠢᠯᠡᠰ ᠣᠯᠠᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠴᠦᠬᠡᠨ᠂ ᠳᠣᠣᠷ᠎ᠠ ᠵᠡᠷᠭᠡ ᠶᠢᠨ ᠠᠵᠤ ᠦᠢᠯᠡᠰ ᠣᠯᠠᠨ᠂ ᠳᠡᠭᠡᠳᠦ ᠵᠡᠷᠭᠡ ᠶᠢᠨ ᠠᠵᠤ ᠦᠢᠯᠡᠰ ᠴᠦᠬᠡᠨ᠂ ᠡᠬᠢ ᠪᠠᠶᠠᠯᠢᠭ ᠤᠨ ᠬᠡᠯᠪᠡᠷᠢᠲᠦ ᠠᠵᠤ ᠦᠢᠯᠡᠰ ᠣᠯᠠᠨ᠂ ᠦᠨᠳᠦᠷ ᠨᠡᠮᠡᠯᠲᠡ ᠥᠷᠲᠡᠭ ᠲᠠᠢ ᠠᠵᠤ ᠦᠢᠯᠡᠰ ᠴᠦᠬᠡᠨ᠂ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠣᠯᠠᠨ᠂ ᠬᠦᠷᠦᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠴᠦᠬᠡᠨ︶ ᠪᠠᠶᠢᠬᠤ ᠪᠠᠶᠢᠳᠠᠯ ᠢ ᠴᠢᠷᠮᠠᠶᠢᠨ ᠦᠭᠡᠷᠡᠴᠢᠯᠡᠵᠦ᠂ ᠠᠵᠤ ᠦᠢᠯᠡᠰ ᠢ ᠤᠷᠲᠤᠳᠬᠠᠬᠤ᠂ ᠠᠵᠤ ᠦᠢᠯᠡᠰ ᠤᠨ ᠣᠯᠠᠨ ᠡᠰᠢᠵᠢᠬᠦ᠂ ᠠᠵᠤ ᠦᠢᠯᠡᠰ ᠤᠨ ᠳᠡᠰ  ᠳᠡᠪᠰᠢᠬᠦ ᠶᠢ ᠬᠦᠴᠦᠯᠡᠨ ᠰᠠᠶᠢᠲᠤᠷ ᠠᠳᠬᠤᠨ᠎ᠠ᠃ ᠤᠯᠠᠮᠵᠢᠯᠠᠯᠲᠤ ᠠᠵᠤ ᠦᠢᠯᠡᠰ ᠤᠨ  ᠰᠢᠯᠢᠳᠡᠭᠵᠢᠵᠦ ᠳᠡᠰ ᠳᠡᠪᠰᠢᠬᠦ ᠶᠢ ᠠᠬᠢᠭᠤᠯᠵᠤ᠂ ᠲᠥᠭᠦᠭᠡᠷᠦᠮᠵᠢ ᠶᠢ ᠰᠢᠨᠡᠳᠭᠡᠬᠦ ᠪᠠ ᠮᠡᠷᠭᠡᠵᠢᠯ ᠤᠨ ᠦᠭᠡᠷᠡᠴᠢᠯᠡᠯᠲᠡ ᠳᠠᠬᠢ ᠣᠷᠤᠭᠤᠯᠤᠯᠲᠠ ᠶᠢ ᠳᠡᠮᠵᠢᠨ ᠨᠡᠮᠡᠭᠳᠡᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠭᠦᠢᠴᠡᠳ ᠠᠰᠢᠭᠯᠠᠵᠤ ᠪᠠᠶᠢᠭᠠᠳ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠣᠯᠣᠨ ᠨᠠᠷᠢᠯᠢᠭ  ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠳᠡᠭᠡᠳᠦ ᠬᠡᠯᠬᠢᠶ᠎ᠡ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠳᠣᠣᠷᠠᠳᠤ ᠬᠡᠯᠬᠢᠶᠡᠨ ᠤ ᠭᠦᠨ ᠪᠣᠯᠪᠠᠰᠤᠷᠠᠭᠤᠯᠬᠤ ᠠᠵᠤ ᠦᠢᠯᠡᠰ ᠢ ᠬᠥᠭᠵᠢᠭᠦᠯᠵᠦ᠂ ᠪᠣᠯᠪᠠᠰᠤᠷᠠᠭᠤᠯᠵᠤ ᠤᠯᠠᠷᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠷᠢᠭᠦᠨ ᠤ ᠦᠢᠯᠡᠳᠬᠦ ᠦᠢᠯᠡᠰ ᠤᠨ ᠪᠦᠭᠡᠮᠨᠡᠷᠡᠯ ᠢ ᠬᠥᠭᠵᠢᠭᠦᠯᠵᠦ᠂ ᠬᠢᠮᠢ ᠶᠢᠨ ᠠᠵᠤ ᠦᠢᠯᠡᠳᠪᠦᠷᠢ᠂ ᠲᠤᠨᠤᠭ ᠲᠥᠭᠦᠭᠡᠷᠦᠮᠵᠢ ᠦᠢᠯᠡᠳᠬᠦ᠂ ᠪᠤᠯᠣᠳ ᠲᠡᠮᠦᠷ ᠭᠦᠨ ᠪᠣᠯᠪᠠᠰᠤᠷᠠᠭᠤᠯᠬᠤ᠂ ᠬᠦᠩᠭᠡᠨᠴᠠᠭᠠᠨ ᠵᠢᠴᠢ ᠲᠡᠭᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠬᠤᠪᠣᠷ ᠰᠢᠷᠤᠢ᠂ ᠰᠦ ᠮᠢᠬ᠎ᠠ ᠨᠤᠤᠯᠤᠭᠤᠷ ᠢ ᠪᠣᠯᠪᠠᠰᠤᠷᠠᠭᠤᠯᠬᠤ ᠵᠡᠷᠭᠡ ᠳᠠᠪᠠᠭᠤᠯᠢᠭ ᠲᠠᠢ ᠣᠨᠴᠠᠯᠢᠭᠲᠤ ᠬᠦᠷᠢᠶᠡᠨ ᠳᠤ ᠨᠢᠭᠡ ᠪᠦᠯᠦᠭ ᠠᠵᠤ ᠦᠢᠯᠡᠰ ᠤᠨ ᠪᠦᠭᠡᠮᠨᠡᠷᠡᠯ ᠢ ᠴᠤᠭᠴᠠᠯᠠᠨ᠎ᠠ᠃ ᠤᠯᠤᠰ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠡᠨᠧᠷᠬᠢ ᠶᠢᠨ ᠬᠠᠩᠭᠠᠯᠭ᠎ᠠ ᠶᠢ ᠪᠠᠲᠤᠯᠠᠨ᠂ ᠨᠡᠭᠦᠷᠡᠰᠦ ᠶᠢ ᠠᠶᠤᠯ ᠦᠭᠡᠢ ᠪᠦᠭᠡᠳ ᠪᠣᠬᠢᠷᠳᠤᠯ ᠦᠭᠡᠢ ᠨᠡᠭᠡᠭᠡᠨ ᠮᠠᠯᠲᠠᠬᠤ ᠪᠠ ᠴᠡᠪᠡᠷ ᠦᠨᠳᠦᠷ ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠵᠤ᠂ ᠨᠡᠭᠦᠷᠡᠰᠦ ᠪᠠᠷ ᠬᠡᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 25.3 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ ᠨᠡᠭᠦᠷᠡᠰᠦ ᠪᠠᠷ ᠠᠯᠺᠧᠨ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 150 ᠲᠦᠮᠡᠨ ᠲᠤᠨ ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨᠴᠠᠪ᠂ ᠰᠢᠯᠢ ᠶᠢᠨ ᠭᠤᠣᠯ ᠵᠡᠷᠭᠡ ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠶᠤᠨᠴᠢ ᠴᠠᠬᠢᠯᠭᠠᠨ ᠬᠦᠴᠦᠨ ᠤ ᠲᠣᠣᠷ ᠤᠨ ᠪᠠᠶᠢᠭᠤᠯᠤᠯᠲᠠ ᠶᠢ ᠲᠦᠷᠭᠡᠳᠭᠡᠨ᠂ ᠤᠰᠤᠳᠦ᠋ᠷᠦᠭᠴᠢᠲᠦ ᠡᠨᠧᠷᠬᠢ ᠵᠡᠷᠭᠡ ᠰᠢᠨ᠎ᠡ ᠪᠠᠷ ᠪᠣᠢ ᠪᠣᠯᠣᠭᠰᠠᠨ ᠡᠨᠧᠷᠬᠢ ᠶᠢᠨ ᠠᠵᠤ ᠦᠢᠯᠡᠰ ᠢ ᠬᠥᠭᠵᠢᠭᠦᠯᠵᠦ᠂ ᠡᠨᠧᠷᠬᠢ ᠶᠢᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠪᠣᠢ ᠪᠣᠯᠭᠠᠬᠤ ᠪᠠ ᠪᠣᠵᠠᠭᠠᠶᠢᠷᠠᠭᠤᠯᠵᠤ᠂ ᠲᠣᠭᠠᠵᠢᠯᠠᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ᠂ ᠳᠡᠭᠡᠳᠦ ᠵᠡᠷᠭᠡ ᠶᠢᠨ ᠲᠤᠨᠤᠭ ᠲᠥᠭᠦᠭᠡᠷᠦᠮᠵᠢ ᠵᠡᠷᠭᠡ ᠠᠵᠤ ᠦᠢᠯᠡᠰ ᠢ ᠲᠥᠷᠭᠡᠳᠭᠡᠨ ᠬᠥᠭᠵᠢᠭᠦᠯᠵᠦ᠂ ᠵᠣᠬᠢᠶᠠᠮᠠᠯ ᠤᠶᠤᠨ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠡᠶᠢᠲ᠋ᠠ᠂ ᠬᠡᠰᠡᠭ ᠤᠳ ᠤᠨ ᠬᠡᠯᠬᠢᠶ᠎ᠡ ᠵᠡᠷᠭᠡ ᠮᠡᠷᠭᠡᠵᠢᠯ ᠤᠨ ᠬᠡᠷᠡᠭᠯᠡᠭᠡᠨ ᠢ ᠠᠬᠢᠭᠤᠯᠵᠤ᠂ 5G ᠴᠢᠮᠡᠭᠡ ᠬᠤᠯᠪᠣᠭᠠᠨ ᠤ ᠰᠦᠯᠵᠢᠶ᠎ᠡ ᠶᠢ ᠪᠦᠲᠦᠭᠡᠨ ᠪᠠᠶᠢᠭᠤᠯᠬᠤ ᠪᠠ ᠬᠡᠷᠡᠭᠯᠡᠵᠦ ᠳᠡᠯᠭᠡᠷᠡᠭᠦᠯᠬᠦ ᠶᠢ ᠠᠬᠢᠭᠤᠯᠤᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠪᠤᠬᠢᠷᠳᠤᠯ ᠦᠭᠡᠢ ᠪᠠᠷᠢᠯᠭ᠎ᠠ᠂ ᠤᠶᠤᠨᠴᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠲᠦᠪᠯᠡᠷᠡᠭᠰᠡᠨ ᠣᠷᠣᠨ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠢᠯᠡᠳᠬᠦ ᠦᠢᠯᠡᠰ ᠬᠢᠭᠡᠳ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠡᠳᠡᠭᠡ ᠵᠠᠩᠭᠢ ᠶᠢᠨ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠠᠵᠤ ᠦᠢᠯᠡᠳᠪᠦᠷᠢ ᠶᠢᠨ ᠵᠢᠷᠤᠭ ᠲᠦᠯᠦᠪᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠳᠠᠭᠤᠳᠠᠯ ᠢ ᠨᠦᠬᠦᠪᠦᠷᠢᠯᠡᠵᠦ᠂ ᠣᠳᠣ ᠥᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠭᠡᠵᠦ᠂ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠭᠠᠷᠠᠮ ᠤᠨ ᠬᠡᠯᠪᠡᠷᠢ ᠪᠦᠬᠦᠢ ᠤᠯᠤᠰ ᠤᠨ  ᠪᠠᠷᠠᠭᠠᠨ ᠤ ᠭᠦᠢᠯᠭᠡᠭᠡᠨ ᠤ ᠭᠦᠢᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃         ︵ᠬᠤᠶᠠᠷ︶ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠭᠡᠷᠡᠴᠢ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠭᠦᠨ ᠦᠢᠯᠡᠳᠪᠦᠷᠢᠯᠡᠬᠦ ᠵᠥᠪᠰᠢᠶᠡᠷᠡᠯ ᠠᠴᠠ ᠪᠤᠰᠤᠳ ᠵᠥᠪᠰᠢᠶᠡᠷᠡᠨ ᠣᠷᠤᠭᠤᠯᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠶᠡᠭᠡ ᠬᠡᠮᠵᠢᠶ᠎ᠡ ᠪᠠᠷ ᠴᠤᠮᠬᠠᠳᠬᠠᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠲᠦᠷᠦᠯ ᠢᠯᠭᠠᠯ ᠪᠠ ᠵᠡᠷᠭᠡ ᠳᠡᠰ ᠢ ᠪᠠᠭᠠᠰᠬᠠᠨ᠎ᠠ᠃ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ᠂ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠴᠠᠭ ᠢ ᠤᠯᠠᠮ ᠨᠢᠭᠡ ᠠᠯᠬᠤᠮ ᠪᠤᠭᠤᠨᠢᠰᠬᠠᠨ᠎ᠠ᠃ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠭᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ ᠰᠦᠢᠳᠭᠡᠯ ᠢ ᠤᠯᠠᠮ ᠨᠢᠭᠡ ᠠᠯᠬᠤᠮ ᠢᠯᠭᠠᠷᠠᠭᠤᠯᠵᠤ᠂ ᠪᠠᠷᠠᠭᠠᠨ ᠤ ᠭᠦᠢᠯᠭᠡᠭᠡ ᠶᠢᠨ ᠬᠦᠷᠢᠶᠡᠨ ᠳᠠᠬᠢ ᠵᠦᠢ ᠵᠣᠬᠢᠰ ᠦᠭᠡᠢ ᠬᠤᠷᠢᠶᠠᠬᠤ ᠰᠦᠢᠳᠭᠡᠯ  ᠢ ᠴᠡᠭᠴᠡᠯᠡᠨ ᠵᠠᠰᠠᠵᠤ᠂ ᠦᠢᠯᠡᠳᠬᠦ ᠦᠢᠯᠡᠰ ᠤᠨ ᠦᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ ᠡᠷᠬᠡ ᠲᠡᠭᠰᠢ ᠦᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠪᠠ ᠢᠯᠡ ᠲᠤᠳᠣ ᠶᠢᠨ ᠬᠡᠮᠵᠢᠶ᠎ᠡ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠧᠺᠲᠷᠣᠨ ᠵᠠᠰᠠᠭ ᠤᠨ ᠶᠠᠪᠤᠳᠠᠯ ᠢ ᠲᠦᠷᠭᠡᠳᠭᠡᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠰᠠᠶᠢᠨ ᠬᠥᠭᠵᠢᠯᠲᠡ ᠶᠢᠨ ᠣᠷᠴᠢᠨ ᠨᠦᠬᠦᠴᠡᠯ ᠢ ᠪᠣᠢ ᠪᠣᠯᠭᠠᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠣᠬᠠᠢ ᠦᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃       ︵ᠭᠤᠷᠪᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ ᠬᠦᠲᠦᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠤᠯᠤᠰ ᠤᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠢᠳᠡᠪᠬᠢᠲᠡᠢ ᠪᠠᠷ ᠣᠯᠵᠤ᠂ ᠬᠥᠭᠵᠢᠭᠰᠡᠨ ᠭᠠᠵᠠᠷ ᠣᠷᠣᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠠᠬᠢ ᠠᠵᠤ ᠠᠬᠤᠶᠢᠯᠠᠯ ᠤᠨ ᠭᠤᠣᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠳᠡᠰ ᠤᠨ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡ ᠪᠦᠯᠦᠭ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ ᠢᠨᠵᠧᠨᠧᠷᠢᠩ ︵ᠰᠤᠳᠤᠯᠭᠠᠨ ᠤ ᠲᠥᠪ︶ ᠤᠨ ᠲᠣᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠡᠭᠦᠳᠦᠨ ᠪᠠᠶᠢᠭᠤᠯᠵᠤ᠂ ᠵᠠᠩᠬᠢᠯᠠᠭ᠎ᠠ ᠶᠢᠨ ᠬᠦᠷᠢᠶᠡᠨ ᠤ ᠮᠡᠷᠭᠡᠵᠢᠯ ᠳᠤ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠶᠠᠮᠦᠨ ᠪᠠ ᠦᠪᠡᠷᠲᠡᠭᠡᠨ ᠵᠠᠰᠠᠬᠤ ᠣᠷᠣᠨ ᠤ ᠠᠵᠢᠯ ᠤᠨ ᠬᠠᠮᠲᠤᠷᠠᠨ ᠵᠦᠪᠳᠡᠯᠴᠡᠭᠰᠡᠨ ᠬᠤᠷᠠᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠬᠦᠬᠡᠬᠤᠲᠠ ᠪᠤᠭᠤᠳᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠲᠠᠢ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠶᠡᠭᠡ ᠪᠠᠷ ᠪᠣᠢ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1000 ᠠᠴᠠ ᠳᠠᠪᠠᠭᠤᠯᠬᠤ ᠪᠠᠷ ᠴᠢᠷᠮᠠᠶᠢᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠡᠭᠦᠳᠦᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠢᠶᠠᠷ ᠢᠶᠠᠨ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠢ ᠦᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠨ ᠬᠡᠷᠡᠭᠯᠡᠭᠳᠡᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠢᠯᠡᠷᠡᠭᠦᠯᠬᠦ᠂ ᠬᠦᠮᠦᠵᠢᠭᠦᠯᠬᠦ᠂ ᠣᠷᠤᠭᠤᠯᠬᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃       ᠳᠥᠷᠪᠡ᠂ ᠦᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠭᠦᠯᠬᠦ ᠬᠦᠳᠡᠯᠭᠡᠭᠴᠢ ᠬᠦᠴᠦᠨ ᠢ ᠬᠥᠭᠵᠢᠭᠡᠨ᠎ᠡ       ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠷ ᠲᠥᠪᠰᠢᠨ ᠪᠦᠬᠦᠢ ᠨᠡᠭᠡᠭᠡᠯᠲᠡ ᠶᠢ ᠦᠷᠭᠡᠳᠭᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠦᠨᠳᠦᠷ ᠪᠠᠷᠢᠮᠵᠢᠶᠠᠲᠦ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠤᠯᠤᠰ ᠤᠨ ᠲᠤᠳᠤᠭᠠᠲᠤ ᠪᠠ ᠣᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ ᠠᠭᠤᠰᠤᠯᠴᠠᠨ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃       ︵ᠨᠢᠭᠡ︶ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠵᠦ ᠲᠣᠬᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠠᠷᠭ᠎ᠠ ᠮᠠᠶ᠋ᠢᠭ ᠤᠨ ᠲᠠᠯ᠎ᠠ ᠳᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠦᠨ᠂ ᠡᠬᠢ ᠪᠠᠶᠠᠯᠢᠭ ᠤᠨ ᠠᠰᠢᠭ ᠣᠷᠤᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠮᠵᠢ ᠶᠢ ᠦᠭᠡᠶᠢᠰᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠭᠦᠷᠡᠰᠦ ᠦᠢᠯᠡᠳᠪᠦᠷᠢᠯᠡᠬᠦ  ᠴᠢᠳᠠᠮᠵᠢ ᠶᠢ ᠪᠦᠲᠦᠴᠡ ᠶᠢᠨ ᠴᠢᠨᠠᠷᠲᠠᠢ ᠪᠠᠷ ᠰᠢᠯᠢᠳᠡᠭᠵᠢᠭᠦᠯᠬᠦ ᠶᠢ ᠲᠦᠷᠭᠡᠳᠭᠡᠵᠦ ᠂ ᠪᠤᠯᠣᠳ ᠲᠡᠮᠦᠷ ᠪᠠ ᠴᠠᠬᠢᠯᠭᠠᠨ ᠢᠶᠠᠷ ᠵᠠᠳᠠᠯᠤᠭᠰᠠᠨ ᠬᠦᠩᠭᠡᠨᠴᠠᠭᠠᠨ ᠵᠡᠷᠭᠡ ᠦᠢᠯᠡᠳᠪᠦᠷᠢᠯᠡᠬᠦ ᠴᠢᠳᠠᠮᠵᠢ ᠪᠠᠨ ᠬᠠᠯᠠᠬᠤ ᠶᠢ ᠠᠬᠢᠭᠤᠯᠤᠨ᠎ᠠ᠃ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠦᠷᠢᠰᠦᠯᠳᠦᠭᠡᠨ ᠤ ᠴᠢᠨᠠᠷᠲᠠᠢ ᠬᠤᠳᠠᠯᠳᠤᠨ ᠰᠢᠯᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠳᠡᠰ ᠲᠦᠷᠦᠯ ᠬᠤᠪᠢᠶᠠᠨ ᠬᠤᠳᠠᠯᠳᠤᠨ ᠰᠢᠯᠵᠢᠭᠦᠯᠬᠦ ᠳᠦᠷᠢᠮ ᠢ ᠪᠦᠷᠢᠨᠰᠢᠭᠦᠯᠦᠨ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠦᠨ᠎ᠡ ᠲᠦᠯᠦᠪᠦᠷᠢᠲᠡᠢ ᠪᠠᠷ ᠡᠵᠡᠯᠡᠨ ᠬᠡᠷᠡᠭᠯᠡᠬᠦ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠶᠢᠯᠢ ᠰᠦᠢᠳᠭᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠲᠦᠯᠡᠰᠢᠨ ᠨᠡᠭᠦᠷᠡᠰᠦ ᠪᠠᠷ ᠭᠠᠷᠭᠠᠭᠰᠠᠨ ᠴᠠᠬᠢᠯᠭᠠᠨ ᠤ ᠦᠨ᠎ᠡ ᠬᠠᠩᠰᠢ ᠶᠢᠨ ᠪᠣᠢ ᠪᠣᠯᠬᠤ ᠲᠣᠭᠲᠠᠴᠠ ᠳᠤ ᠦᠭᠡᠷᠡᠴᠢᠯᠡᠯᠲᠡ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠬᠠᠩᠰᠢ ᠶᠢᠨ ᠦᠭᠡᠷᠡᠴᠢᠯᠡᠯᠲᠡ ᠶᠢ ᠠᠬᠢᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ᠃ ᠭᠠᠵᠠᠷ ᠰᠢᠷᠤᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠭ ᠤᠨ ᠪᠠᠶᠢᠭᠰᠠᠨ ᠬᠡᠰᠡᠭ ᠢ ᠴᠢᠯᠦᠭᠡᠲᠡᠢ ᠪᠣᠯᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ  ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃       ︵ᠬᠤᠶᠠᠷ︶ ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠤᠯᠤᠰ ᠤᠨ ᠦᠮᠴᠢᠯᠡᠯᠲᠦ ᠮᠦᠩᠭᠦᠨ ᠭᠦᠢᠯᠭᠡᠭᠡᠨ ᠤ ᠬᠦᠷᠦᠩᠭᠡ ᠮᠦᠩᠭᠦ ᠶᠢᠨ ᠲᠦᠪᠯᠡᠷᠡᠩᠭᠦᠢ ᠪᠦᠭᠡᠳ ᠨᠢᠭᠡᠲᠦᠯᠲᠡᠢ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠲᠡ ᠶᠢ ᠲᠦᠷᠭᠡᠳᠭᠡᠵᠦ᠂ ᠮᠦᠩᠭᠦᠨ ᠭᠦᠢᠯᠭᠡᠭᠡᠨ ᠤ ᠰᠢᠰᠲ᠋ᠧᠮᠵᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠣᠯᠠᠨ ᠳᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠵᠦ᠂ ᠬᠤᠲᠠ ᠶᠢᠨ ᠬᠤᠳᠠᠯᠳᠤᠭᠠᠨ ᠤ ᠪᠠᠩᠭᠢ ᠪᠠ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠵᠤ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠬᠦᠷᠦᠩᠭᠡ ᠮᠦᠩᠭᠦ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠤᠯᠤᠰ ᠤᠨ ᠦᠮᠴᠢᠯᠡᠯᠲᠦ  ᠬᠦᠷᠦᠩᠭᠡ ᠮᠦᠩᠭᠦ ᠪᠠᠷ ᠪᠡᠯᠡ ᠣᠷᠤᠭᠤᠯᠵᠤ᠂ ᠡᠵᠡᠩᠨᠡᠨ ᠠᠵᠢᠯᠯᠠᠬᠤ ᠺᠤᠮᠫᠠᠨᠢ ᠶᠢᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠂ ᠬᠤᠯᠢᠮᠠᠭ ᠦᠮᠴᠢᠯᠡᠯᠲᠦ ᠶᠢᠨ ᠦᠭᠡᠷᠡᠴᠢᠯᠡᠯᠲᠡ ᠪᠠ ᠰᠲ᠋ᠣᠺ ᠤᠨ ᠡᠷᠬᠡ ᠶᠢᠨ ᠣᠯᠠᠨ ᠡᠰᠢᠵᠢᠯᠲᠡ ᠳᠤ ᠪᠤᠳᠠᠳᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠦᠷᠭᠡᠳᠭᠡᠨ ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠦᠮᠦᠨ ᠳᠤᠮᠳᠠᠴᠢ ᠳᠤ ᠣᠯᠭᠤᠬᠤ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃       ︵ᠭᠤᠷᠪᠠ︶ ᠪᠦᠬᠦ ᠲᠠᠯ᠎ᠠ ᠪᠠᠷ ᠭᠠᠳᠠᠭᠠᠳᠤ ᠨᠡᠭᠡᠭᠡᠯᠲᠡ ᠬᠢᠬᠦ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠶᠢᠨ ᠲᠣᠭᠤᠷᠢᠨ ᠳᠤ ᠡᠯ᠎ᠡ ᠲᠦᠷᠦᠯ ᠤᠨ ᠬᠠᠮᠲᠤᠷᠠᠯᠴᠠᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠳᠤᠭᠠᠲᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠤ ᠬᠢᠨ ᠢ ᠰᠠᠴᠤᠷᠠᠭᠠᠨ ᠳᠠᠶᠢᠴᠢᠯᠠᠭᠰᠠᠨ᠂ ᠡᠬᠢ ᠪᠠᠶᠠᠯᠢᠭ ᠢ ᠬᠤᠷᠠᠭᠤᠯᠤᠨ ᠪᠦᠭᠡᠮᠨᠡᠷᠡᠭᠦᠯᠦᠭᠰᠡᠨ ᠪᠠ ᠲᠦᠪᠯᠡᠷᠡᠭᠦᠯᠵᠦ ᠬᠤᠪᠢᠶᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠷᠢᠯᠳᠦᠭᠦᠯᠦᠨ᠎ᠡ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠦᠢᠯᠡᠴᠢᠯᠡᠬᠦ ᠪᠠ ᠠᠭᠤᠰᠤᠯᠴᠠᠵᠤ᠂ ᠰᠠᠭᠤᠷᠢ ᠪᠡᠯᠡᠳᠭᠡᠮᠵᠢ ᠶᠢᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠡᠷᠢᠶᠡᠨ ᠬᠤᠲᠠ — ᠤᠯᠠᠭᠠᠨᠪᠭᠠᠲᠣᠷ —  ᠤᠯᠠᠭᠠᠨ ᠦᠳᠡ ᠬᠦᠷᠬᠦ ᠲᠡᠮᠦᠷ ᠵᠠᠮ ᠤᠨ ᠳᠤᠮᠳᠠ ᠱᠤᠭᠤᠮ ᠤᠨ ᠬᠡᠰᠡᠭ ᠤᠨ ᠳᠡᠰ ᠳᠡᠪᠰᠢᠵᠦ ᠦᠭᠡᠷᠡᠴᠢᠯᠡᠬᠦ᠂ ᠳᠠᠯᠠᠢ ᠳᠠᠭᠠᠤ ᠶᠢᠨ 2 ᠳ᠋ᠤᠭᠠᠷ ᠨᠣᠮᠧᠷᠲᠤ ᠣᠯᠠᠨ ᠤᠯᠤᠰ ᠤᠨ ᠬᠤᠩᠭᠢᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠪᠤᠭᠤᠮᠲᠠ ᠶᠢᠨ ᠰᠠᠭᠤᠷᠢ ᠪᠡᠯᠡᠳᠭᠡᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠨᠵᠣᠣᠷ᠂ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠣᠷᠣᠨ᠂ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠭᠠᠭᠴᠠᠮᠤᠳᠤ᠂ ᠡᠵᠡᠨ᠎ᠡ ᠵᠡᠷᠭᠡ ᠦᠪᠡᠷᠲᠡᠭᠡᠨ ᠵᠠᠰᠠᠬᠤ ᠣᠷᠣᠨ ᠤ ᠬᠢᠯᠢ ᠳᠠᠭᠠᠤ ᠶᠢᠨ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠣᠷᠣᠨ᠂ ᠬᠦᠯᠦᠨ ᠪᠣᠶᠢᠷ ᠤᠨ ᠳᠤᠮᠳᠠᠳᠤ ᠣᠷᠣᠰ ᠮᠤᠩᠭᠤᠯ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠵᠡᠷᠭᠡ ᠭᠠᠳᠠᠭᠠᠲᠣ ᠨᠡᠭᠡᠭᠡᠯᠲᠡ ᠬᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠣᠯᠠᠨ ᠤᠯᠤᠰ ᠤᠨ ᠰᠤᠯᠢᠯᠴᠠᠭ᠎ᠠ ᠬᠠᠮᠲᠤᠷᠠᠯᠴᠠᠭᠠᠨ ᠤ ᠰᠢᠨ᠎ᠡ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠥᠷᠭᠡᠳᠭᠡᠵᠦ᠂ ᠡᠸᠦ᠋ᠷᠦᠫᠡ ᠠᠮᠧᠷᠢᠺᠠ᠂ ᠵᠡᠭᠦᠨ ᠡᠮᠦᠨᠡᠲᠦ ᠠᠽᠢᠶ᠎ᠠ᠂ ᠵᠡᠭᠦᠨ ᠬᠤᠶᠢᠲᠤ ᠠᠽᠢᠶ᠎ᠠ᠂ ᠳᠤᠮᠳᠠᠳᠤ ᠠᠽᠢᠶ᠎ᠠ ᠵᠡᠷᠭᠡ ᠣᠷᠣᠨ ᠪᠦᠰᠡ ᠵᠢᠴᠢ ᠮᠠᠨ ᠤ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠭᠰᠠᠨ ᠤᠯᠤᠰ ︵ᠭᠠᠵᠠᠷ ᠣᠷᠣᠨ︶ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠶᠢ ᠴᠢᠩᠭᠠᠳᠬᠠᠨ᠎ᠠ᠃ ᠭᠠᠳᠠᠭᠠᠳᠤ ᠳᠤ ᠪᠡᠯᠡ ᠣᠷᠤᠭᠤᠯᠬᠤ ᠶᠢᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠬᠦᠲᠦᠯᠦᠨ ᠵᠢᠯᠤᠭᠤᠳᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ᠂ ᠪᠥᠸᠧᠬᠠᠢ ᠲᠠᠩᠬᠢᠰ ᠳᠠᠭᠠᠤ᠂ ᠵᠢᠶᠠᠩᠰᠤ ᠵᠧᠵᠢᠶᠠᠩ ᠱᠠᠩᠬᠠᠢ ᠭᠤᠸᠠᠩᠳᠦ᠋ᠩ᠂ ᠵᠡᠭᠦᠨ ᠬᠤᠶᠢᠲᠣ ᠶᠢᠨ ᠭᠤᠷᠪᠠᠨ ᠮᠤᠵᠢ ᠵᠡᠷᠭᠡ ᠣᠷᠣᠨ ᠪᠦᠰᠡ ᠯᠦᠭᠡ ᠶᠢᠨ ᠰᠢᠯᠢᠳᠡᠭ ᠬᠠᠮᠲᠤᠷᠠᠯᠴᠠᠭᠠᠨ ᠤ ᠬᠠᠷᠢᠴᠠᠭ᠎ᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠦᠬᠡᠮᠦ᠋ᠷᠡᠨ ᠤ ᠠᠵᠤ ᠠᠬᠤᠢ ᠶᠢᠨ ᠪᠦᠰᠡ᠂ ᠨᠠᠷᠮᠠᠢ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ  ᠯᠦᠭᠡ ᠶᠢᠨ ᠰᠢᠨ᠎ᠡ ᠬᠠᠮᠲᠤᠷᠠᠯᠴᠠᠭᠠᠨ ᠤ ᠬᠠᠷᠢᠴᠠᠭ᠎ᠠ ᠶᠢ ᠥᠷᠭᠡᠳᠭᠡᠬᠦ ᠪᠠᠨ ᠢᠳᠡᠪᠬᠢᠲᠡᠢ ᠰᠦᠪᠡᠭᠴᠢᠯᠡᠵᠦ᠂ ᠤᠯᠤᠰ ᠤᠨ ᠲᠤᠳᠤᠭᠠᠳᠤ ᠶᠢᠨ ᠠᠵᠤ ᠦᠢᠯᠡᠰ ᠤᠨ ᠬᠡᠯᠬᠢᠶ᠎ᠡ ᠂ ᠥᠷᠲᠡᠭ ᠤᠨ ᠬᠡᠯᠬᠢᠶ᠎ᠡ ᠳᠤ ᠭᠦᠨᠵᠡᠭᠡᠢ ᠠᠭᠤᠰᠤᠯᠴᠠᠨ᠎ᠠ᠃      ᠲᠠᠪᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠭᠡᠨ ᠬᠡᠷᠡᠭᠵᠢᠭᠦᠯᠵᠦ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠳᠡᠭᠡ ᠲᠤᠰᠬᠤᠨ ᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠵᠦ ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃       ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠲᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ ᠬᠦᠴᠦᠲᠡᠢ ᠠᠳᠬᠤᠵᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ︽ᠠᠮᠤ ᠪᠤᠳᠠᠭ᠎ᠠ︾ ᠶᠢᠨ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠪᠠ ︽ᠬᠤᠯᠢᠰᠢᠨ ᠢᠳᠡᠭᠡ︾ ᠶᠢᠨ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠢ ᠪᠦᠲᠦᠭᠡᠨ ᠪᠠᠶᠢᠭᠤᠯᠤᠨ᠎ᠠ᠃ ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠴᠢᠨᠠᠷᠵᠢᠭᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠦᠨᠳᠦᠷ ᠪᠦᠲᠦᠮᠵᠢᠲᠦ ᠤᠰᠤ ᠠᠷᠪᠢᠯᠠᠬᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠪᠠ ᠬᠤᠵᠢᠷᠯᠢᠭ ᠭᠠᠵᠠᠷ ᠢ ᠦᠭᠡᠷᠡᠴᠢᠯᠡᠵᠦ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 300 ᠲᠦᠮᠡᠨ ᠮᠦ᠂ ᠦᠨᠳᠦᠷ ᠪᠦᠲᠦᠮᠵᠢᠲᠦ ᠤᠰᠤ ᠠᠷᠪᠢᠯᠠᠬᠤ ᠲᠠᠷᠢᠶᠠᠨ ᠭᠠᠵᠠᠷ ᠤᠨ ᠲᠠᠯᠠᠪᠠᠢ ᠶᠢ 135 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠦᠮᠦᠰᠦ ᠪᠠᠷ ᠭᠤᠣᠯᠯᠠᠬᠤ ᠠᠮᠤ ᠪᠤᠳᠠᠭ᠎ᠠ ᠪᠣᠯᠭᠠᠭᠰᠠᠨ ᠪᠦᠲᠦᠭᠡᠭᠳᠡᠭᠦᠨ ᠪᠠ ᠠᠵᠤ ᠦᠢᠯᠡᠰ ᠢ ᠨᠡᠭᠡᠭᠡᠨ ᠬᠥᠭᠵᠢᠭᠦᠯᠬᠦ ᠪᠠᠨ ᠲᠦᠷᠭᠡᠳᠭᠡᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠤᠨ ᠠᠵᠤ ᠦᠢᠯᠡᠰ ᠢ ᠬᠥᠭᠵᠢᠭᠦᠯᠦᠨ ᠪᠣᠵᠠᠭᠠᠶᠢᠷᠠᠭᠤᠯᠵᠤ᠂ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠰᠡᠷᠭᠦᠭᠡᠬᠦ ᠪᠠᠨ ᠰᠠᠶᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠶᠢᠨ  ᠪᠠᠷᠢᠮᠵᠢᠶᠠᠵᠢᠭᠤᠯᠤᠭᠰᠠᠨ᠂ ᠵᠡᠷᠭᠡ ᠳᠡᠰᠴᠢᠯᠡᠭᠰᠡᠨ᠂ ᠳᠡᠭᠡᠳᠦ ᠮᠡᠷᠭᠡᠵᠢᠭᠦᠯᠦᠭᠰᠡᠨ᠂ ᠮᠡᠳᠡᠭᠡ  ᠵᠠᠩᠬᠢᠴᠢᠯᠠᠭᠰᠠᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠣᠳᠣ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠦᠨ᠂ ᠭᠠᠷᠤᠯᠲᠠ ᠶᠢᠨ ᠣᠷᠣᠨ ᠳᠤ ᠨᠢ ᠴᠡᠪᠡᠷᠰᠢᠭᠦᠯᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠳᠠᠷᠤᠬᠤ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠣᠳᠣ ᠦᠶ᠎ᠡ ᠶᠢᠨ ᠬᠦᠲᠦᠴᠢ ᠠᠵᠤ ᠠᠬᠤᠶᠢᠯᠠᠯ ᠢ ᠪᠣᠢ ᠪᠣᠯᠭᠠᠵᠤ᠂ ᠨᠡᠷᠡᠲᠦ ᠲᠡᠮᠲᠡᠭ ᠢᠶᠠᠷ ᠬᠦᠲᠦᠯᠦᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠤᠨ᠂ ᠨᠢᠭᠡ ᠪᠦᠯᠦᠭ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠴᠤᠭᠴᠠᠯᠠᠨ ᠪᠠᠶᠢᠭᠤᠯᠤᠨ᠎ᠠ᠃       ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠯᠦᠪᠵᠢᠭᠦᠯᠭᠡ ᠶᠢ ᠨᠢᠭᠡᠳᠭᠡᠭᠰᠡᠨ ᠬᠡᠷᠡᠭᠯᠡᠭᠡᠨ ᠤ ᠬᠡᠯᠪᠡᠷᠢ ᠪᠦᠬᠦᠢ ᠠᠶᠢᠯ ᠲᠤᠰᠬᠤᠨ ᠤ ᠲᠦᠯᠦᠪᠵᠢᠭᠦᠯᠭᠡ ᠶᠢ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠲᠠᠯ᠎ᠠ ᠪᠠᠷ ᠬᠢ ᠲᠤᠳᠠᠭᠤᠳᠠᠯ ᠢ ᠲᠦᠷᠭᠡᠳᠭᠡᠨ ᠨᠦᠬᠦᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠠᠮ ᠱᠤᠭᠤᠮ᠂ ᠮᠡᠳᠡᠭᠡ ᠵᠠᠩᠭᠢ᠂ ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠰᠠᠭᠤᠷᠢ ᠪᠡᠯᠡᠳᠭᠡᠮᠵᠢ ᠶᠢᠨ ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠤᠬᠢᠷ ᠤᠰᠤ ᠬᠤᠭ ᠨᠣᠪᠰᠢ ᠶᠢ ᠰᠢᠢᠳᠪᠦᠷᠢᠯᠡᠬᠦ᠂ ᠵᠣᠷᠯᠣᠩ ᠤᠨ ᠬᠤᠪᠢᠰᠤᠯᠲᠠ᠂ ᠲᠠᠷᠢᠮᠠᠯ ᠤᠨ ᠡᠰᠢ ᠰᠦᠷᠡᠯ ᠵᠢᠴᠢ ᠮᠠᠯ ᠵᠢᠭᠦᠷᠲᠡᠨ ᠲᠡᠵᠢᠭᠡᠪᠦᠷᠢ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠶᠢᠯ ᠲᠤᠰᠬᠤᠨ ᠤ ᠳᠥᠷᠰᠦ ᠪᠠᠶᠢᠳᠠᠯ ᠢ  ᠰᠠᠶᠢᠵᠢᠷᠠᠭᠤᠯᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠦᠷᠨᠢᠭᠦᠯᠵᠦ᠂ ᠬᠦᠳᠡᠭᠡ ᠲᠤᠰᠬᠤᠨ ᠢ ᠨᠤᠭᠤᠭᠠᠷᠠᠭᠤᠯᠵᠤ ᠭᠤᠶᠤᠵᠢᠭᠤᠯᠬᠤ ᠶᠢᠨ ᠵᠢᠱᠢᠶ᠎ᠡ ᠦᠵᠡᠭᠦᠯᠬᠦ ᠲᠤᠰᠬᠤᠨ ᠢ 1000 ᠪᠠᠶᠢᠭᠤᠯᠵᠤ᠂ ᠤᠯᠤᠰ ᠤᠨ ᠳᠡᠰ ᠤᠨ ᠣᠢ ᠰᠢᠭᠤᠢ ᠲᠠᠢ ᠬᠦᠳᠡᠭᠡ ᠲᠤᠰᠬᠤᠨ ᠢ 300 ᠠᠴᠠ ᠳᠡᠭᠡᠭᠰᠢ ᠡᠭᠦᠳᠦᠨ ᠪᠠᠶᠢᠭᠤᠯᠤᠨ᠎ᠠ᠃       ︵ᠭᠤᠷᠪᠠ︶ ᠮᠠᠯᠵᠢᠬᠤ ᠲᠠᠷᠢᠶᠠᠯᠠᠬᠤ ᠣᠷᠣᠨ ᠳᠤ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠤᠨ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠣᠯᠠᠨ ᠵᠦᠢᠯ ᠤᠨ ᠬᠡᠯᠪᠡᠷᠢ ᠲᠠᠢ ᠵᠣᠬᠢᠬᠤ ᠬᠡᠪᠴᠢᠶᠡᠵᠢᠯᠲᠦ ᠡᠵᠡᠩᠨᠡᠯᠲᠡ ᠶᠢ ᠲᠣᠭᠲᠠᠭᠤᠨ ᠢᠶᠠᠷ ᠬᠥᠭᠵᠢᠭᠦᠯᠦᠨ᠎ᠡ᠃ ᠬᠦᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠪᠡᠯᠡ ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠳ ᠢ ᠬᠤᠪᠢ ᠣᠷᠤᠭᠤᠯᠤᠭᠴᠢ ᠪᠣᠯᠭᠠᠨ ᠬᠤᠪᠢᠷᠠᠭᠤᠯᠬᠤ ᠵᠡᠷᠭᠡ ᠦᠭᠡᠷᠡᠴᠢᠯᠡᠯᠲᠡ ᠶᠢᠨ ᠲᠣᠷᠰᠢᠯᠭ᠎ᠠ ᠶᠢ ᠳᠡᠯᠭᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠤᠭᠤᠯᠬᠤ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠳᠦᠷᠢᠮ ᠤᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠪᠣᠯᠤᠨ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠠᠵᠢᠯ ᠢ ᠲᠣᠭᠲᠠᠭᠤᠨ ᠢᠶᠠᠷ ᠠᠬᠢᠭᠤᠯᠤᠨ᠎ᠠ᠃ ᠬᠦᠳᠡᠭᠡ ᠲᠤᠰᠬᠤᠨ ᠤ ᠵᠠᠰᠠᠯᠲᠠ ᠶᠢ ᠪᠦᠲᠦᠮᠵᠢᠲᠡᠢ ᠪᠡᠶᠡᠯᠡᠭᠦᠯᠬᠦ ᠠᠷᠭ᠎ᠠ ᠬᠡᠯᠪᠡᠷᠢ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠦᠪᠡᠭᠴᠢᠯᠡᠵᠦ᠂ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢᠨ ᠲᠣᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠨᠢᠭᠦᠯᠦᠨ᠎ᠡ᠃      ᠵᠢᠷᠭᠤᠭ᠎ᠠ᠂ ᠬᠤᠲᠠ ᠬᠦᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ       ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠭᠰᠡᠨ ᠵᠦᠷᠢᠶᠡᠴᠢᠯᠡᠨ ᠵᠣᠬᠢᠴᠠᠭᠤᠯᠵᠤ ᠬᠥᠭᠵᠢᠬᠦ ᠣᠷᠣᠨ ᠪᠦᠰᠡ ᠶᠢᠨ ᠪᠠᠶᠢᠷᠢᠰᠢᠭᠤᠯᠤᠯᠲᠠ ᠪᠦᠷᠢᠯᠳᠦᠬᠦ ᠶᠢ ᠠᠬᠢᠭᠤᠯᠤᠨ᠂ ᠣᠷᠣᠨ ᠪᠦᠰᠡ ᠶᠢᠨ ᠬᠤᠯᠪᠣᠭᠠᠯᠠᠯ᠂ ᠬᠤᠲᠠ ᠬᠦᠳᠡᠭᠡ ᠶᠢᠨ ᠠᠭᠤᠰᠤᠯᠴᠠᠯ᠂ ᠲᠤᠳᠤᠭᠠᠲᠤ ᠭᠠᠳᠠᠭᠠᠳᠤ ᠶᠢᠨ ᠰᠠᠭᠠᠳ ᠦᠭᠡᠢ ᠨᠡᠪᠲᠡᠷᠡᠯ ᠢ ᠪᠦᠲᠦᠮᠵᠢᠲᠡᠢ ᠠᠬᠢᠭᠤᠯᠤᠨ᠎ᠠ᠃       ︵ᠨᠢᠭᠡ︶ ᠲᠦᠪᠯᠡᠷᠡᠭᠦᠯᠦᠨ ᠪᠦᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢ ᠬᠦᠷᠢᠶᠡᠯᠡᠩ ᠲᠣᠭᠤᠷᠢᠭ ᠲᠡᠶᠢᠰᠢ ᠲᠦᠪᠯᠡᠷᠡᠭᠦᠯᠬᠦ᠂ ᠮᠠᠯ ᠲᠠᠷᠢᠶᠠᠯᠠᠩ ᠢ ᠦᠢᠯᠡᠳᠪᠦᠷᠢᠯᠡᠯ ᠤᠨ ᠨᠦᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠲᠡᠶᠢᠰᠢ ᠲᠥᠪᠯᠡᠷᠡᠭᠦᠯᠬᠦ ᠪᠠᠷ ᠬᠦᠲᠦᠯᠦᠨ ᠵᠢᠯᠤᠭᠤᠳᠤᠨ᠎ᠠ᠃ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠦᠪᠦᠷ ᠵᠠᠰᠠᠭ ᠲᠠᠷᠬᠠᠭᠠᠭᠰᠠᠨ ﹇2019﹈ 21 ᠳ᠋ᠦ᠋ᠭᠡᠷ ᠲᠣᠭᠠᠲᠤ︶ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠡᠮᠬᠢᠯᠡᠨ ᠨᠡᠶᠢᠯᠡᠭᠦᠯᠬᠦ ᠪᠠ ᠠᠵᠤ ᠦᠢᠯᠡᠰ ᠤᠨ ᠨᠢᠭᠡᠲᠦᠯᠲᠡᠢ ᠲᠦᠯᠦᠪᠯᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠬᠦᠨᠳᠡᠶᠢᠷᠡᠨ ᠬᠤᠭᠤᠰᠤᠷᠠᠭᠰᠠᠨ᠂ ᠠᠵᠤ ᠦᠢᠯᠡᠰ ᠤᠨ ᠢᠵᠢᠯᠢᠰᠢᠭᠰᠡᠨ᠂ ᠡᠬᠢ ᠪᠠᠶᠠᠯᠢᠭ ᠤᠨ ᠰᠣᠯᠠ ᠲᠠᠯᠪᠢᠭᠳᠠᠭᠰᠠᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠪᠠᠶᠢᠷᠢ ᠰᠤᠯᠢᠪᠢᠴᠠᠨ ᠬᠥᠭᠵᠢᠭᠰᠡᠨ᠂ ᠴᠢᠳᠠᠮᠵᠢ ᠨᠢ ᠵᠣᠬᠢᠴᠠᠩᠭᠤᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠣᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠭᠤᠯᠤᠯᠲᠠ ᠬᠢᠬᠦ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠲᠦᠷᠭᠡᠳᠭᠡᠵᠦ᠂ ᠦᠷ᠎ᠡ ᠠᠰᠢᠭ ᠤᠨ ᠭᠦᠢᠴᠡᠳᠭᠡᠯ ᠲᠤᠭ᠎ᠠ ᠪᠠᠷ ᠭᠤᠣᠯ ᠪᠣᠯᠭᠠᠭᠰᠠᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠨᠢᠭᠡᠴᠢ ᠲᠠᠯᠠᠪᠠᠢ ᠶᠢᠨ ᠣᠷᠤᠭᠤᠯᠤᠯᠲᠠ ᠶᠢᠨ ᠡᠷᠴᠢᠮ ᠪᠠ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃       ︵ᠬᠤᠶᠠᠷ︶ ᠣᠷᠣᠨ ᠪᠦᠰᠡ ᠶᠢᠨ ᠨᠡᠮᠡᠭᠳᠡᠯ ᠢ ᠳᠠᠶᠢᠴᠢᠯᠠᠬᠤ ᠲᠦᠢᠯ ᠢ ᠪᠣᠢ ᠪᠣᠯᠭᠠᠨ᠎ᠠ᠃ ︽ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠬᠥᠭᠵᠢᠭᠦᠯᠵᠦ ᠰᠢᠨ᠎ᠡ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠬᠡᠷᠡᠭᠵᠢᠭᠦᠯᠬᠦ ᠰᠠᠨᠠᠯ︾ ︵ᠦᠪᠦᠷ ᠨᠠᠮ ᠲᠠᠷᠬᠠᠭᠠᠭᠰᠠᠨ ﹇2019︶ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠢ ᠠᠬᠢᠭᠤᠯᠤᠨ᠎ᠠ ᠃ ᠬᠦᠬᠡᠬᠤᠲᠠ ᠪᠤᠭᠤᠳᠤ ᠣᠷᠳᠤᠰ ᠵᠢᠴᠢ ᠤᠯᠠᠭᠠᠨᠴᠠᠪ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠯ᠎ᠡ ᠭᠠᠵᠠᠷ ᠣᠷᠣᠨ ᠤ ᠳᠠᠪᠠᠭᠤᠯᠢᠭ ᠲᠤ ᠪᠠᠨ ᠲᠦᠰᠢᠭᠯᠡᠨ ᠣᠨᠴᠠᠯᠢᠭ ᠢᠶᠠᠷ ᠢᠯᠡ ᠲᠣᠳᠣ᠂ ᠪᠠᠶᠢᠷᠢ ᠰᠤᠯᠪᠢᠴᠠᠵᠤ ᠬᠠᠷᠢᠯᠴᠠᠨ ᠨᠦᠬᠦᠪᠦᠷᠢᠯᠡᠭᠰᠡᠨ᠂ ᠵᠣᠬᠢᠴᠠᠩᠭᠤᠢ ᠬᠥᠭᠵᠢᠭᠰᠡᠨ ᠠᠵᠤ ᠦᠢᠯᠡᠰ ᠤᠨ ᠰᠢᠰᠲ᠋ᠧᠮᠵᠢ ᠪᠠᠶᠢᠭᠤᠯᠬᠤ ᠶᠢ ᠳᠡᠮᠵᠢᠵᠦ᠂ ᠣᠷᠣᠨ ᠪᠦᠰᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠦᠬᠡᠬᠤᠲᠠ ᠪᠤᠭᠤᠳᠤ ᠣᠷᠳᠣᠰ ᠲᠡᠮᠡᠭᠡᠲᠦ ᠬᠤᠲᠠ ᠶᠢᠨ ᠪᠦᠭᠡᠮᠨᠡᠷᠡᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠭᠠᠨᠬᠠᠳᠠ ᠪᠠ ᠲᠦᠩᠯᠢᠶᠣᠣ ᠵᠡᠷᠭᠡ ᠣᠷᠣᠨ ᠪᠦᠰᠡ ᠶᠢᠨ ᠴᠢᠨᠠᠷᠲᠠᠢ ᠭᠤᠣᠯ ᠲᠥᠪ ᠪᠣᠯᠬᠤ ᠬᠤᠲᠠ ᠪᠠᠷ ᠭᠤᠣᠯᠳᠠᠯᠭ᠎ᠠ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠢ ᠵᠠᠯᠭᠠᠨ ᠠᠪᠴᠤ ᠪᠠᠶᠢᠷᠢᠰᠢᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠦᠭᠡᠷᠡᠴᠢᠯᠡᠯᠲᠡ ᠪᠠᠨ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠶᠢ ᠠᠬᠢᠭᠤᠯᠤᠨ᠂ ᠪᠤᠬᠢᠷᠳᠤᠯ ᠦᠭᠡᠢ ᠬᠥᠭᠵᠢᠬᠦ ᠪᠠ ᠨᠡᠭᠡᠭᠡᠯᠲᠡ ᠲᠠᠢ  ᠬᠥᠭᠵᠢᠬᠦ ᠶᠢᠨ ᠳᠠᠪᠠᠭᠤᠯᠢᠭ ᠢ ᠳᠡᠭᠡᠭᠰᠢᠯᠡᠭᠦᠯᠦᠨ᠎ᠡ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠵᠤ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃       ︵ᠭᠤᠷᠪᠠ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠶᠡᠭᠡ ᠪᠠᠷ ᠬᠠᠮᠠᠭᠠᠯᠠᠬᠤ ᠶᠢ ᠬᠠᠮᠲᠤ ᠳᠤ ᠪᠠᠨ ᠰᠠᠶᠢᠲᠤᠷ ᠠᠳᠬᠤᠬᠤ ᠶᠢ ᠪᠠᠷᠢᠮᠲᠠᠯᠠᠵᠤ᠂ ᠶᠡᠭᠡ ᠪᠠᠷ ᠵᠠᠰᠠᠬᠤ ᠶᠢ ᠬᠠᠮᠵᠢᠯᠴᠠᠨ ᠠᠬᠢᠭᠤᠯᠵᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠦᠯᠦᠪᠵᠢᠭᠦᠯᠭᠡ︾ ᠪᠠ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠨᠤᠲᠤᠭ ᠳᠡᠪᠢᠭᠰᠡᠭᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠠᠲᠤᠨ ᠭᠤᠣᠯ ᠤᠨ ᠦᠪᠦᠷ ᠮᠣᠩᠭᠤᠯ ᠤᠨ ᠬᠡᠰᠡᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ ᠠᠵᠢᠯᠯᠠᠭᠠᠨ ᠤ ᠲᠦᠯᠦᠪᠯᠡᠭᠡ︾ ᠶᠢ ᠬᠡᠷᠡᠭᠵᠢᠭᠦᠯᠵᠦ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠭᠤᠣᠯ ᠤᠨ ᠵᠠᠮ ᠢ ᠴᠡᠭᠴᠡᠯᠡᠨ ᠵᠠᠰᠠᠬᠤ᠂ ᠰᠦᠩ ᠬᠠᠯᠢᠶ᠎ᠠ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠷᠤᠲᠤᠬᠤᠢ ᠶᠢᠨ ᠤᠳᠤᠬᠢᠴᠢᠯᠠᠭᠰᠠᠨ ᠤᠰᠤᠨ ᠠᠰᠢᠭᠯᠠᠯᠲᠠ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠰᠠᠪᠠ ᠭᠠᠵᠠᠷ ᠤᠨ ᠠᠵᠤ ᠦᠢᠯᠡᠰ ᠤᠨ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃       ︵ᠳᠥᠷᠪᠡ︶ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ ᠬᠦᠮᠦᠨ ᠠᠷᠠᠳ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠵᠤ᠂ ᠲᠥᠪ ᠬᠤᠲᠠ ᠪᠠ ᠬᠤᠲᠠ ᠶᠢᠨ ᠪᠦᠭᠡᠮᠨᠡᠷᠡᠯ ᠤᠨ  ᠶᠡᠷᠦᠩᠬᠡᠢ ᠳᠠᠭᠠᠭᠠᠴᠠ ᠶᠢ ᠨᠢ ᠳᠡᠭᠡᠭᠰᠢᠯᠡᠭᠦᠯᠦᠨ᠂ ᠲᠤᠮᠤ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ  ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠠᠬᠢᠭᠤᠯᠤᠨ᠂ ᠣᠨᠴᠠᠯᠢᠭᠲᠣ ᠵᠢᠵᠢᠭ ᠪᠠᠯᠭᠠᠰᠤᠨ ᠤ ᠴᠢᠨᠠᠷ ᠰᠠᠶᠢᠲᠠᠢ ᠭᠥᠭᠵᠢᠯᠲᠡ ᠶᠢ ᠠᠬᠢᠭᠤᠯᠤᠨ᠎ᠠ᠃ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠰᠠᠭᠤᠷᠢ ᠪᠡᠯᠡᠳᠭᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠥᠷᠭᠡᠳᠭᠡᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃      ᠳᠤᠯᠤᠭ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ      ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠢ ᠠᠮᠢ ᠠᠬᠤᠶᠢᠴᠢᠯᠠᠬᠤ᠂ ᠠᠮᠢ ᠠᠬᠤᠢ ᠶᠢ ᠠᠵᠤ ᠦᠢᠯᠡᠰᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠤ ᠦᠨᠳᠦᠷ ᠬᠢᠷᠢ ᠲᠥᠪᠰᠢᠨ ᠢᠶᠠᠷ ᠬᠠᠮᠠᠭᠠᠯᠠᠬᠤ ᠶᠢ ᠠᠬᠢᠭᠤᠯᠤᠨ᠂ ᠦᠨᠳᠦᠷ ᠬᠢᠷᠢ ᠲᠥᠪᠰᠢᠨ ᠢᠶᠠᠷ ᠬᠠᠮᠠᠭᠠᠯᠠᠬᠤ ᠶᠠᠪᠤᠴᠠ ᠳᠤ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠤᠨ᠎ᠠ᠃       ︵ᠨᠢᠭᠡ︶ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠲᠦᠯᠲᠡᠢ ᠲᠦᠯᠦᠪᠯᠡᠵᠦ᠂ ᠠᠮᠢ ᠠᠬᠤᠢ ᠶᠢ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠤᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠦᠩᠵᠢᠭᠦᠯᠦᠨ ᠰᠡᠷᠭᠦᠭᠡᠬᠦ ᠤᠯᠤᠰ ᠤᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂1450 ᠲᠦᠮᠡᠨ ᠮᠦ ᠡᠪᠡᠰᠦ ᠲᠠᠷᠢᠵᠤ᠂ 1290 ᠲᠦᠮᠡᠨ ᠮᠦ ᠣᠶᠢᠵᠢᠭᠤᠯᠵᠤ᠂ 924 ᠲᠦᠮᠡᠨ ᠮᠦ ᠬᠦᠷᠦᠰᠦ ᠰᠢᠷᠤᠢ ᠶᠢᠨ ᠢᠳᠡᠭᠳᠡᠯ ᠲᠠᠢ ᠭᠠᠵᠠᠷ ᠢ ᠶᠡᠷᠦᠩᠬᠡᠶᠢᠯᠡᠨ ᠵᠠᠰᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠦᠩᠵᠢᠭᠦᠯᠦᠨ ᠰᠡᠷᠭᠦᠭᠡᠬᠦ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠣᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠲᠣᠷᠰᠢᠯᠲᠠ ᠶᠢᠨ ᠣᠷᠣᠨ ︵ᠦᠪᠦᠷ ᠮᠣᠩᠭᠤᠯ︶ ᠤ ᠬᠡᠷᠡᠭᠵᠢᠭᠦᠯᠬᠦ ᠲᠦᠰᠦᠯ︾ ᠢ ᠨᠠᠶᠢᠷᠠᠭᠤᠯᠤᠨ ᠵᠣᠬᠢᠶᠠᠵᠤ ᠳᠡᠭᠡᠭᠰᠢ ᠮᠡᠳᠡᠭᠦᠯᠦᠨ᠎ᠡ᠃ ᠬᠦᠯᠦᠨ ᠪᠣᠶᠢᠷ ᠤᠨ ᠤᠯᠤᠰ ᠤᠨ ᠴᠡᠴᠡᠷᠯᠢᠭ ᠤᠨ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ ᠪᠡᠶᠡᠯᠡᠭᠦᠯᠦᠨ᠎ᠡ᠃       ︵ᠬᠤᠶᠠᠷ︶ ᠪᠤᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠡᠨᠧᠷᠬᠢ ᠶᠢᠨ ᠬᠤᠷᠣᠭᠳᠠᠵᠤ ᠪᠠᠶᠢᠭ᠎ᠠ ᠶᠡᠷᠦᠩᠬᠡᠢ ᠬᠡᠮᠵᠢᠶ᠎ᠡ ᠪᠠ ᠬᠤᠷᠤᠭᠳᠠᠵᠤ ᠪᠠᠶᠢᠭ᠎ᠠ ᠡᠷᠴᠢᠮ ᠢ ᠴᠢᠩᠭ᠎ᠠ ᠡᠵᠡᠮᠰᠢᠬᠦ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠡᠯᠡ ᠣᠷᠤᠭᠤᠯᠤᠭᠰᠠᠨ ᠲᠦᠷᠦᠯ ᠵᠦᠢᠯ ᠳᠤ ᠡᠨᠧᠷᠬᠢ ᠠᠷᠪᠢᠯᠠᠬᠤ ᠲᠠᠯ᠎ᠠ ᠶᠢᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠶᠢᠨ ᠬᠤᠷᠤᠭᠳᠠᠯ ᠤᠨ ᠬᠢᠵᠠᠭᠠᠷᠯᠠᠬᠤ ᠲᠤᠭ᠎ᠠ ᠶᠢ ᠪᠠᠷᠢᠮᠵᠢᠶ᠎ᠠ ᠪᠠᠷ ᠬᠠᠷᠢᠴᠠᠭᠤᠯᠤᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠦᠷᠨᠢᠭᠦᠯᠦᠨ᠂ ᠡᠨᠧᠷᠬᠢ ᠶᠢᠨ ᠬᠤᠷᠤᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠶᠢ ᠠᠬᠢᠭᠤᠯᠤᠨ᠎ᠠ᠃ ᠠᠵᠢᠯ ᠲᠦᠷᠦᠯ ᠤᠨ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠬᠢ ᠶᠢᠨ ᠬᠤᠷᠣᠭᠳᠠᠯ ᠶᠡᠬᠡᠲᠡᠢ ᠠᠵᠤ ᠦᠢᠯᠡᠰ ᠤᠨ ᠦᠢᠯᠡᠳᠪᠦᠷᠢᠯᠡᠬᠦ ᠴᠢᠳᠠᠮᠵᠢ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠬᠢᠷᠳᠤᠯ ᠦᠭᠡᠢ 128 ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠪᠦᠬᠦ ᠲᠠᠯ᠎ᠠ ᠪᠠᠷ ᠵᠤᠭᠰᠤᠭᠠᠨ᠎ᠠ᠃ ᠪᠤᠬᠢᠷᠳᠤᠯ ᠦᠭᠡᠢ ᠴᠠᠬᠢᠯᠭᠠᠨ ᠭᠠᠷᠭᠠᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠯᠡᠰᠢᠨ ᠨᠡᠭᠦᠷᠡᠰᠦ ᠰᠢᠲᠠᠭᠠᠬᠤ ᠴᠠᠬᠢᠯᠭᠠᠨ ᠥᠷᠲᠡᠭᠡ ᠶᠢᠨ ᠬᠡᠳᠦ ᠳᠣᠣᠷ᠎ᠠ ᠭᠠᠳᠠᠭᠰᠢᠯᠠᠭᠤᠯᠬᠤ ᠦᠭᠡᠷᠡᠴᠢᠯᠡᠯᠲᠡ ᠶᠢ 100 ᠲᠦᠮᠡᠨ ᠺᠢᠯᠤᠸᠠᠲ ᠠᠴᠠ ᠳᠡᠭᠡᠭᠰᠢ᠂ ᠡᠨᠧᠷᠬᠢ ᠠᠷᠪᠢᠯᠠᠬᠤ ᠦᠭᠡᠷᠡᠴᠢᠯᠡᠯᠲᠡ ᠶᠢ 400 ᠲᠦᠮᠡᠨ ᠺᠢᠯᠤᠸᠠᠲ ᠣᠷᠴᠢᠮ ᠪᠡᠶᠡᠯᠡᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠬᠤᠴᠤᠷᠤᠩᠭᠤᠢ ᠦᠢᠯᠡᠳᠪᠦᠷᠢᠯᠡᠬᠦ ᠴᠢᠳᠠᠮᠵᠢ ᠶᠢ 4.2 ᠲᠦᠮᠡᠨ ᠺᠢᠯᠣᠸᠠᠲ ᠰᠢᠭᠰᠢᠭᠳᠡᠭᠦᠯᠦᠨ᠎ᠡ᠃ ᠪᠤᠬᠢᠷᠳᠤᠯ ᠦᠭᠡᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠬᠢᠷᠳᠤᠯ ᠦᠭᠡᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠤᠬᠢᠷᠳᠤᠯ ᠦᠭᠡᠢ ᠪᠣᠯᠭᠠᠬᠤ ᠮᠡᠷᠭᠡᠵᠢᠯ ᠤᠨ ᠦᠭᠡᠷᠡᠴᠢᠯᠡᠨ ᠰᠢᠨᠡᠳᠭᠡᠬᠦ ᠶᠢ ᠳᠡᠮᠵᠢᠨ ᠦᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠦᠭᠡᠢ ᠦᠢᠯᠡᠳᠪᠦᠷᠢᠯᠡᠯ ᠪᠠ ᠬᠦᠷᠢᠶᠡᠯᠡᠩ ᠲᠣᠭᠤᠷᠢᠭ ᠤᠨ ᠡᠷᠬᠢᠯᠲᠡ ᠲᠠᠢ ᠦᠭᠡᠷᠡᠴᠢᠯᠡᠨ ᠰᠢᠨᠡᠳᠭᠡᠬᠦ ᠶᠢ ᠠᠬᠢᠭᠤᠯᠤᠨ᠂ ᠪᠤᠬᠢᠷᠳᠤᠯ ᠦᠭᠡᠢ ᠬᠥᠭᠵᠢᠯᠲᠡ ᠶᠢᠨ ᠵᠦᠷᠢᠶᠡᠴᠢᠯᠡᠭᠰᠡᠨ ᠰᠢᠯᠭᠠᠨ ᠬᠢᠨᠠᠬᠤ ᠪᠠ ᠱᠠᠩᠨᠠᠵᠤ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠤᠬᠢᠷᠳᠤᠯ ᠦᠭᠡᠢ ᠶᠢᠨ ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃       ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠭᠤᠷᠪᠠᠨ ᠱᠤᠭᠤᠮ ᠨᠢᠭᠡ ᠨᠠᠷᠢᠨ ᠳᠠᠩᠰᠠ︾ ︵ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ  ᠴᠢᠨᠠᠷ ᠴᠢᠨᠰᠠᠭ᠎ᠠ ᠶᠢᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠶᠢᠨ ᠳᠡᠭᠡᠳᠦ ᠬᠢᠵᠠᠭᠠᠷ ᠱᠤᠭᠤᠮ ᠪᠠ ᠣᠷᠴᠢᠨ ᠲᠣᠭᠤᠷᠢᠨ ᠤ ᠵᠥᠪᠰᠢᠶᠡᠷᠡᠨ ᠣᠷᠤᠭᠤᠯᠬᠤ ᠨᠠᠷᠢᠨ ᠳᠠᠩᠰᠠ︶ ᠶᠢᠨ ᠬᠠᠲᠠᠭᠤ ᠬᠢᠵᠠᠭᠠᠷᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠤᠭᠤᠷᠢᠭ ᠬᠤᠪᠢᠶᠠᠨ ᠬᠠᠮᠢᠶᠠᠷᠴᠤ ᠡᠵᠡᠮᠰᠢᠬᠦ ᠰᠢᠰᠲ᠋ᠧᠮᠵᠢ ᠶᠢ ᠪᠠᠶᠢᠭᠤᠯᠤᠨ᠂ ᠣᠷᠣᠨ ᠪᠦᠰᠡ ᠶᠢᠨ ᠣᠷᠣᠨ ᠵᠠᠢ ᠳᠠᠬᠢ ᠠᠮᠢ ᠠᠬᠤᠢ ᠶᠢᠨ ᠣᠷᠴᠢᠨ ᠲᠣᠭᠤᠷᠢᠨ ᠳᠤ ᠦᠨᠡᠯᠡᠯᠲᠡ ᠬᠢᠬᠦ ᠶᠢ ᠠᠬᠢᠭᠤᠯᠤᠨ᠎ᠠ᠃ ︽ᠭᠤᠷᠪᠠᠨ ᠣᠷᠣᠨ ᠵᠠᠢ ᠭᠤᠷᠪᠠᠨ ᠱᠤᠭᠤᠮ︾ ︵ᠬᠤᠲᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠱᠤᠭᠤᠮ︶ ᠢ ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠤ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠳᠤ︽ᠬᠤᠷᠢᠭ᠎ᠠ ᠲᠠᠢ ᠪᠠᠶᠢᠯᠭᠠᠬᠤ ᠨᠠᠷᠢᠨ ᠳᠠᠩᠰᠠ︾ ᠶᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠬᠡᠷᠡᠭᠵᠢᠭᠦᠯᠬᠦ ᠶᠢᠨ ᠵᠢᠯᠤᠭᠤᠳᠬᠤ ᠰᠠᠨᠠᠯ ᠢ ᠨᠡᠶᠢᠲᠡᠯᠡᠨ᠎ᠡ᠃ ᠠᠮᠢ ᠠᠬᠤᠢ ᠶᠢᠨ ᠨᠦᠬᠦᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠠᠰᠢᠭ ᠢ ᠪᠡᠯᠡ ᠮᠦᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠬᠤ ᠶᠢ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠦᠷᠨᠢᠭᠦᠯᠵᠦ᠂ ᠡᠨᠧᠷᠬᠢ ᠬᠡᠷᠡᠭᠯᠡᠬᠦ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠳᠤ ᠦᠭᠡᠷᠡᠴᠢᠯᠡᠯᠲᠡ ᠬᠢᠬᠦ ᠶᠢ ᠠᠬᠢᠭᠤᠯᠤᠨ᠎ᠠ᠃      ᠨᠠᠢᠮᠠ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠨ᠎ᠡ      ᠪᠣᠲᠠᠲᠠᠢ ᠠᠴᠠ ᠡᠭᠦᠰᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢᠯᠠᠬᠤ ᠴᠢᠨᠠᠷ᠂  ᠰᠠᠭᠤᠷᠢ ᠠᠴᠠ ᠨᠢ ᠪᠠᠲᠤᠯᠠᠬᠤ ᠴᠢᠨᠠᠷ ᠢ ᠴᠢᠬᠤᠯᠠᠴᠢᠯᠠᠵᠤ᠂ ᠵᠠᠩᠬᠢᠯᠠᠭ᠎ᠠ ᠶᠢᠨ ᠴᠠᠭ ᠲᠠᠬᠢ ᠬᠦᠴᠢᠷᠳᠡᠯᠲᠡᠢ ᠬᠦᠮᠦᠰ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠦᠲᠦᠮᠵᠢᠲᠡᠢ ᠰᠠᠶᠢᠵᠢᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠠᠪᠤᠴᠠ ᠳᠠᠬᠢ ᠳᠤᠪᠤᠶᠢᠮ᠎ᠠ ᠠᠰᠠᠭᠤᠳᠠᠯ ᠪᠠ ᠠᠨᠠᠢ ᠵᠦᠢᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠬᠦᠷᠲᠡᠭᠡᠮᠵᠢᠲᠦ ᠰᠡᠳᠭᠢᠭᠳᠡᠯ᠂ ᠵᠣᠯ ᠵᠢᠷᠭᠠᠯᠲᠤ ᠰᠡᠳᠬᠢᠭᠳᠡᠯ᠂ ᠠᠮᠦᠷ ᠲᠥᠪᠰᠢᠨ ᠤ ᠰᠡᠳᠬᠢᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ︵ᠨᠢᠭᠡ︶ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠠᠴᠠ ᠨᠢ ᠪᠠᠲᠤᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠳᠦᠷᠢᠮ ᠢ ᠰᠠᠶᠢᠲᠤᠷ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠣᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠪᠠᠲᠤᠯᠠᠨ᠎ᠠ᠃  ᠪᠣᠷᠣ ᠰᠠᠭᠤᠷᠢᠰᠢᠯ ᠤᠨ ᠲᠣᠭᠤᠷᠢᠭ᠂ ᠬᠤᠲᠠ ᠪᠠᠯᠭᠠᠰᠤᠨ ᠳᠠᠬᠢ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠤᠨ  ᠦᠭᠡᠷᠡᠴᠢᠯᠡᠨ ᠰᠢᠨᠡᠳᠭᠡᠬᠦ ᠶᠢ ᠦᠷᠭᠦᠯᠵᠢᠯᠡᠨ ᠠᠬᠢᠭᠤᠯᠵᠤ᠂ ᠳᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠭᠠᠵᠠᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠲᠠᠯ᠎ᠠ ᠪᠠᠷ ᠬᠢ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠬᠠᠮᠢᠶᠠᠷᠴᠤ ᠲᠣᠬᠢᠷᠠᠭᠤᠯᠤᠨ ᠡᠵᠡᠮᠰᠢᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠤᠨ᠎ᠠ᠃ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠵᠤ᠂ ᠭᠠᠭ᠋ᠠᠢ ᠶᠢᠨ ᠮᠢᠬᠠᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠨᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠢᠬ᠎ᠠ ᠦᠨᠳᠡᠭᠡ ᠨᠤᠭᠤᠭ᠎ᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ ᠡᠮᠴᠢᠯᠡᠭᠡ᠂ ᠰᠤᠷᠭᠠᠨ ᠬᠦᠮᠦᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨ᠎ᠡ ᠪᠠ ᠰᠦᠢᠳᠭᠡᠯ ᠳᠤ ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠂ ᠨᠡᠶᠢᠭᠡᠮ ᠤᠨ ᠠᠪᠤᠷᠠᠯ ᠲᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ  ᠯᠦᠭᠡ  ᠬᠤᠯᠪᠣᠭᠳᠠᠭᠤᠯᠵᠤ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠴᠠᠭ ᠲᠣᠬᠠᠢ ᠳᠤ ᠨᠢ ᠡᠬᠢᠯᠡᠭᠦᠯᠦᠨ᠎ᠡ᠃ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠪᠠ ᠨᠢᠯᠬᠠᠰ ᠢ ᠠᠰᠠᠷᠠᠨ ᠬᠠᠷᠠᠭᠠᠯᠵᠠᠬᠤ ᠠᠰᠠᠭᠤᠳᠠᠯ ᠢ ᠴᠢᠬᠤᠯᠠᠴᠢᠯᠠᠨ ᠰᠠᠶᠢᠲᠤᠷ ᠰᠢᠢᠳᠪᠦᠷᠢᠯᠡᠵᠦ᠂ ᠡᠮᠴᠢᠯᠡᠭᠡᠨ ᠤ ᠰᠣᠪᠢᠯᠠᠯᠲᠠ ᠪᠠ ᠡᠷᠡᠭᠦᠯᠵᠢᠯ ᠤᠨ ᠰᠣᠪᠢᠯᠠᠯᠲᠠ ᠤᠨ ᠤᠶᠠᠯᠳᠤᠯ ᠢ ᠭᠦᠨᠵᠡᠭᠡᠢ  ᠠᠬᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠬᠡᠦᠬᠡᠳ ᠢ  ᠣᠶᠢᠷ᠎ᠠ ᠬᠠᠪᠢ  ᠳᠤ ᠪᠠᠨ ᠣᠯᠠᠨ ᠵᠦᠢᠯ ᠤᠨ ᠬᠡᠯᠪᠡᠷᠢ ᠪᠠᠷ ᠨᠠᠶᠢᠳᠠᠨ ᠠᠰᠠᠷᠠᠭᠤᠯᠬᠤ ᠳᠦᠭᠦᠮ ᠳᠦᠳᠡ ᠦᠢᠯᠡᠴᠢᠯᠡᠭᠡ ᠶᠢ ᠬᠥᠭᠵᠢᠭᠦᠯᠦᠨ᠎ᠡ᠃       ︵ᠬᠤᠶᠠᠷ︶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠶᠡᠭᠡ ᠪᠠᠷ ᠬᠥᠭᠵᠢᠭᠦᠯᠦᠨ᠎ᠡ᠃ ᠰᠤᠷᠭᠠᠨ ᠬᠦᠮᠦᠵᠢᠯ ᠤᠨ ᠦᠢᠯᠡᠰ ᠤᠨ ᠬᠥᠭᠵᠢᠯᠲᠡ ᠶᠢ ᠨᠡᠩ ᠲᠥᠪ ᠭᠤᠣᠯᠴᠢ ᠨᠡᠩ ᠴᠢᠨᠠᠷ ᠴᠢᠨᠰᠠᠭ᠎ᠠ ᠲᠠᠢ ᠪᠣᠯᠭᠠᠬᠤ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠦᠨ᠂ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠳᠠᠭᠠᠯᠳᠤᠨ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠣᠷᠤᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠱᠠᠲᠤ ᠦᠶ᠎ᠡ ᠶᠢᠨ ᠲᠦᠭᠡᠮᠡᠯᠵᠢᠭᠦᠯᠬᠦ ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠭᠦᠯᠵᠦ᠂ ︽ᠬᠤᠣᠰ ᠲᠡᠷᠢᠭᠦᠨ ᠳᠡᠰ︾  ᠤᠨ ᠪᠠᠶᠢᠭᠤᠯᠤᠯᠲᠠ ᠶᠢ ᠲᠦᠷᠭᠡᠳᠭᠡᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠣᠨᠴᠠᠭᠠᠢ ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ ᠢ ᠨᠢᠭᠡᠲᠦᠯᠲᠡᠢ ᠲᠦᠯᠦᠪᠯᠡᠨ ᠬᠥᠭᠵᠢᠭᠦᠯᠵᠦ᠂ ︽ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾ ᠢ ᠠᠬᠢᠭᠤᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠴᠢᠩᠭᠠᠳᠬᠠᠨ᠎ᠠ᠃ ᠡᠷᠡᠭᠦᠯ ᠡᠩᠬᠡ ᠦᠪᠦᠷ ᠮᠣᠩᠭᠤᠯ ᠤᠨ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠪᠣᠯᠬᠤ ᠡᠳ᠋ ᠤᠨ ᠵᠠᠰᠠᠭ ᠤᠨ ᠬᠦᠮᠦᠨ ᠳᠤᠮᠳᠠᠴᠢ ᠨᠦᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠬᠡᠴᠡᠭᠦᠦ ᠡᠪᠡᠳᠴᠢᠨ ᠡᠮᠭᠡᠭ ᠢ ᠣᠨᠣᠰᠢᠯᠠᠨ ᠡᠮᠨᠡᠵᠦ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠪᠠ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠢ ᠠᠬᠢᠭᠤᠯᠵᠤ᠂ ᠮᠤᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ ᠰᠤᠶᠤᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠰᠤᠶᠤᠯ ᠤᠨ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠰᠤᠶᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠤᠯᠠᠭᠠᠨᠮᠦ᠋ᠴᠢᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠳᠠᠰ ᠤᠨ ᠪᠤᠰᠤ ᠰᠤᠶᠤᠯ ᠤᠨ ᠥᠪ ᠤᠨ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ᠂ ᠲᠦᠭᠡᠮᠡᠯ ᠬᠠᠷᠠᠭᠠᠯᠵᠠᠯ ᠤᠨ ᠴᠢᠨᠠᠷ ᠢᠶᠠᠷ ᠰᠠᠶᠢᠨ ᠨᠢᠭᠡ ᠪᠦᠯᠦᠭ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠶᠢ ᠪᠠᠶᠢᠭᠤᠯᠵᠤ᠂ ᠬᠥᠯ ᠪᠦᠮᠪᠦᠭᠡᠨ ᠤ ᠦᠭᠡᠷᠡᠴᠢᠯᠡᠯᠲᠡ ᠬᠥᠭᠵᠢᠯᠲᠡ ᠶᠢ ᠠᠬᠢᠭᠤᠯᠤᠨ ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ︾ ᠤᠨ ᠮᠦᠰᠦ ᠴᠠᠰᠤᠨ ᠤ ᠦᠪᠡᠳᠡᠭᠰᠢ ᠴᠤᠭᠯᠠᠭᠠᠨ ᠢ ᠰᠠᠶᠢᠲᠤᠷ ᠡᠷᠬᠢᠯᠡᠨ᠎ᠡ᠃       ︵ᠭᠤᠷᠪᠠ︶ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠮᠦᠷ ᠲᠥᠪᠰᠢᠨ ᠢ ᠲᠤᠰᠬᠠᠶᠢᠯᠠᠨ ᠴᠡᠭᠴᠡᠯᠡᠵᠦ ᠵᠠᠰᠠᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠠᠮᠦᠷ ᠲᠥᠪᠰᠢᠨ ᠤ ᠲᠠᠯ᠎ᠠ ᠳᠤ ᠣᠨᠴᠠ ᠬᠦᠨᠳᠦ ᠶᠡᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠬᠦᠨᠳᠦ ᠶᠡᠭᠡ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠰᠢᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠰᠢᠬᠦ ᠪᠠ ᠪᠠᠴᠢᠮ ᠠᠪᠤᠷᠠᠨ ᠲᠤᠰᠠᠯᠠᠬᠤ ᠶᠢ ᠰᠠᠶᠢᠲᠤᠷ ᠬᠢᠨ᠎ᠡ᠃ ᠬᠠᠷᠢᠭᠤᠴᠠᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠭᠰᠢᠭᠦᠷᠢ ᠡᠭᠦᠰᠬᠦ ᠳᠠᠯᠳᠠ ᠭᠡᠮ ᠢ ᠴᠢᠩᠭ᠎ᠠ ᠠᠩᠬᠠᠷᠴᠤ᠂ ᠢᠳᠡᠭᠡᠨ ᠤ ᠪᠠ ᠡᠮ ᠤᠨ ᠵᠦᠢᠯ ᠤᠨ ᠠᠮᠦᠷ ᠲᠥᠪᠰᠢᠨ ᠤ ᠰᠡᠷᠭᠡᠶᠢᠯᠡᠬᠦ ᠱᠤᠭᠤᠮ ᠪᠠ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ︾ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠭᠤᠷᠪᠠᠨ ᠵᠢᠯ ᠤᠨ ᠶᠡᠷᠦᠩᠬᠡᠢ ᠬᠠᠷᠠᠯᠲᠠ ᠶᠢ ᠴᠢᠩᠭ᠎ᠠ ᠪᠠᠷᠢᠮᠲᠠᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢᠶᠠᠨ ᠬᠦᠴᠦᠷᠭᠡᠭᠵᠢᠭᠦᠯᠦᠨ᠂ ᠰᠡᠷᠭᠡᠶᠢᠯᠡᠯᠲᠡ ᠶᠢ ᠪᠠᠬᠢᠵᠢᠭᠦᠯᠬᠦ ᠪᠠᠷ ᠬᠦᠴᠦᠯᠡᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ ᠬᠢᠨ᠎ᠡ᠃      2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠂ ᠣᠷᠣᠨ ᠳᠠᠶᠠᠭᠠᠷ ᠰᠢ  ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠪᠦᠷ ᠮᠣᠩᠭᠤᠯ ᠤᠨ ᠠᠵᠢᠯ ᠤᠨ ᠲᠣᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠶᠡᠭᠡ ᠪᠠᠷ ᠠᠬᠢᠭᠤᠯᠤᠨ᠂ ᠨᠠᠮ ᠠᠴᠠ ᠠᠵᠤ ᠠᠬᠤᠢ ᠶᠢᠨ ᠠᠵᠢᠯ ᠢ ᠤᠳᠤᠷᠢᠳᠬᠤ ᠳᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠵᠤ ᠬᠤᠪᠢᠷᠠᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠵᠦ᠂  ᠭᠤᠣᠯᠳᠠᠯᠭ᠎ᠠ ᠶᠢ ᠦᠷᠭᠦᠯᠵᠢᠯᠡᠨ ᠠᠳᠬᠤᠬᠤ᠂ ᠲᠤᠳᠠᠭᠤᠳᠠᠯ ᠢᠶᠠᠨ ᠨᠦᠬᠦᠪᠦᠷᠢᠯᠡᠬᠦ᠂ ᠠᠨᠠᠢ ᠵᠦᠢᠯ ᠢᠶᠠᠨ ᠴᠢᠩᠭᠠᠷᠠᠭᠤᠯᠬᠤ ᠶᠢ ᠦᠷᠭᠦᠯᠵᠢᠯᠡᠨ ᠠᠳᠬᠤᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠣᠳᠠᠳᠠᠶᠢᠵᠢᠵᠦ  ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠴᠢᠬᠤᠯᠠ ᠶᠡᠭᠡ ᠦᠭᠡᠷᠡᠴᠢᠯᠡᠯᠲᠡ ᠶᠢᠨ ᠪᠤᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠭᠤᠤ ᠶᠡᠭᠡ ᠢᠯᠠᠯᠲᠠ ᠶᠢ ᠡᠷᠡᠰ ᠲᠡᠮᠡᠴᠡᠨ ᠤᠯᠤᠨ᠎ᠠ᠃ ᠴᠢᠬᠤᠯᠠ ᠶᠡᠭᠡ ᠬᠠᠨᠳᠤᠰᠢ ᠶᠢ ᠡᠵᠡᠮᠳᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠳᠤ ᠰᠠᠭᠤᠷᠢᠯᠠᠨ᠂ ᠤᠯᠤᠰ ᠤᠨ ᠡᠯ᠎ᠡ ᠲᠦᠷᠦᠯ ᠤᠨ ᠲᠦᠯᠦᠪᠵᠢᠭᠦᠯᠭᠡ ᠯᠦᠭᠡ ᠤᠷᠭᠠᠨᠢᠭ ᠢᠶᠠᠷ ᠵᠤᠯᠭᠠᠭᠤᠯᠬᠤ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠲᠣᠲᠣᠷᠬᠠᠢ ᠦᠭᠡᠢ