ᠣᠶᠢᠷ᠎ᠠ ᠳᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ | ᠬᠦᠬᠢᠭᠦᠯᠦᠨ ᠰᠠᠶᠢᠰᠢᠶᠠᠵᠤ᠂ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠪᠣᠯᠤᠨ ᠥᠷᠭᠡᠨ | ᠣᠯᠠᠨ ᠺᠠᠳ᠋ᠷ ᠣᠯᠠᠨ ᠲᠦᠮᠡᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ︽ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠵᠢᠷᠭᠤᠳᠤᠭᠠᠷ ᠬᠤᠭᠤᠴᠠᠭᠠᠨ ᠤ ᠪᠣᠯᠪᠠᠰᠤᠨ ᠲᠣᠰᠬᠤᠨ | ᠪᠠᠯᠭᠠᠰᠤ᠂ ᠶᠢᠰᠦᠳᠦᠭᠡᠷ ᠬᠤᠭᠤᠴᠠᠭᠠᠨ ᠤ ᠪᠣᠯᠪᠠᠰᠤᠨ ᠨᠢᠭᠡᠴᠢ ᠶᠢᠨ ᠵᠢᠱᠢᠶᠡᠴᠢ ᠵᠢᠴᠢ ᠪᠣᠯᠪᠠᠰᠤᠨ ᠨᠢᠭᠡᠴᠢ ᠶᠢ | ᠨᠡᠷᠡᠶᠢᠳᠦᠨ ᠬᠥᠬᠢᠭᠦᠯᠬᠦ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ᠂ ᠡᠭᠦᠨ ᠳᠤ᠂ ᠠᠯᠠᠱᠠ ᠠᠶᠢᠮᠠᠭ ᠤᠨ | ᠡᠵᠡᠨ᠎ᠡ ᠬᠤᠰᠢᠭᠤ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠶᠢᠨ ᠴᠣᠯᠠ ᠬᠦᠷᠲᠡᠵᠦ᠂ 11 | ᠰᠤᠮᠤ᠂ ᠪᠠᠯᠭᠠᠰᠤ᠂ ᠭᠠᠴᠠᠭ᠎ᠠ ᠨᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ︾ ᠶᠢᠨ | ᠴᠣᠯᠠ ᠶᠢ ᠭᠥᠷᠳᠡᠵᠦ᠂ 3 ᠨᠢᠭᠡᠴᠢ ᠨᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ᠶᠢᠨ ᠵᠢᠱᠢᠶᠡᠴᠢ︾ | ᠶᠢᠨ ᠴᠣᠯᠠ ᠶᠢ ᠭᠥᠷᠳᠡᠵᠦ᠂ 6 ᠨᠢᠭᠡᠴᠢ ᠨᠢ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ︾ ᠶᠢᠨ | ᠴᠣᠯᠠ ᠶᠢ ᠭᠥᠷᠳᠡᠪᠡ᠃ ᠡᠭᠦᠨ ᠤ ᠬᠠᠮᠲᠤ᠂ ᠠᠯᠠᠱᠠ ᠠᠶᠢᠮᠠᠭ ᠤᠨ 3 ᠬᠡᠷ ᠪᠦᠯᠢ ᠬᠤᠶᠠᠳᠤᠭᠠᠷ ᠬᠤᠭᠤᠴᠠᠭᠠᠨ ᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠡᠷ ᠪᠦᠯᠢ︾ ᠶᠢᠨ ᠴᠣᠯᠠ ᠶᠢ ᠭᠥᠷᠳᠡᠪᠡ᠃ | ᠣᠶᠢᠷ᠎ᠠ ᠶᠢᠨ ᠵᠢᠯ ᠤᠳ ᠲᠤ᠂ ᠠᠯᠠᠱᠠ ᠠᠶᠢᠮᠠᠭ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ | ᠬᠤᠲᠠ ᠶᠢᠨ ᠬᠥᠭᠵᠢᠯᠲᠡ ᠶᠢ ᠠᠬᠢᠭᠤᠯᠬᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠠᠮᠢ | ᠠᠬᠤᠶ ᠶᠢᠨ ᠣᠷᠴᠢᠨ ᠲᠣᠭᠤᠷᠢᠨ ᠢ ᠭᠤᠶᠣᠯᠠᠬᠤ᠂ ᠨᠡᠶᠢᠭᠡᠮ ᠤᠨ ᠬᠡᠪ ᠰᠤᠷᠲᠠᠯ ᠢ ᠬᠥᠲᠥᠯᠦᠨ ᠳᠠᠭᠠᠭᠤᠯᠬᠤ | ᠰᠢᠰᠲ᠋ᠧᠮᠲᠦ ᠢᠨᠵᠧᠨᠧᠷᠢᠩ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠷᠰᠢᠯᠲᠠ ᠶᠢᠨ | ᠠᠵᠢᠯ ᠢᠶᠠᠷ ᠭᠤᠣᠯᠳᠠᠯᠭ᠎ᠠ ᠪᠣᠯᠭᠠᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠶᠢ ᠡᠭᠦᠳᠦᠨ | ᠬᠥᠭᠵᠢᠭᠦᠯᠬᠦ ᠶᠢ ᠴᠢᠷᠮᠠᠶᠢᠨ ᠠᠬᠢᠭᠤᠯᠵᠤ᠂ ᠪᠥᠬᠦ ᠲᠠᠯ᠎ᠠ ᠪᠠᠷ᠂ ᠪᠥᠬᠦ ᠣᠷᠣᠨ ᠪᠦᠰᠡ ᠪᠠᠷ᠂ ᠪᠥᠬᠦ ᠠᠷᠠᠳ ᠢᠶᠠᠷ | ᠡᠭᠦᠳᠦᠨ ᠪᠠᠶᠢᠭᠤᠯᠬᠤ ᠶᠢ ᠪᠠᠷᠢᠮᠲᠠᠯᠠᠭᠰᠠᠨ ᠤ ᠬᠠᠮᠲᠤ ᠬᠥᠮᠦᠨ ᠨᠢᠭᠡᠪᠦᠷᠢ ᠳᠤ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠦᠨᠡᠨ ᠬᠦ ᠡᠳ᠋ᠯᠡᠭᠦᠯᠵᠦ ᠪᠤᠢ᠃ | |