ᠪᠦᠬᠦ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ  ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/5/12
     5 ᠰᠠᠷ᠎ᠠ ᠶᠢᠨ 9 ᠤ ᠡᠳᠦᠷ᠂ ᠪᠦᠬᠦ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠤᠨ ᠲᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠮᠠ ᠰᠢᠤᠸᠠᠢ ᠵᠢᠶᠦ᠋ᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠬᠤ ᠪᠤᠯ ᠤᠳᠤ ᠦᠶ᠎ᠠ ᠶᠢᠨ ᠵᠠᠬ᠎ᠠ ᠳᠡᠯᠭᠡᠬᠦᠷ ᠤᠨ ᠰᠢᠰᠲ᠋ᠧᠮ ᠢ ᠳᠡᠬᠦᠯᠳᠡᠷᠵᠢᠬᠦᠯᠬᠦ ᠴᠢᠬᠤᠯᠠ ᠰᠠᠭᠤᠷᠢ ᠪᠤᠯᠬᠤ ᠪᠦᠭᠡᠳ ᠤᠳᠤ ᠦᠶ᠎ᠠ ᠶᠢᠨ ᠵᠠᠰᠠᠯᠳᠠ ᠶᠢᠨ ᠴᠢᠳᠠᠪᠤᠷᠢ ᠶᠢ ᠳᠡᠭᠡᠭᠰᠢᠯᠡᠬᠦᠯᠬᠦ ᠴᠢᠬᠤᠯᠠ ᠭᠠᠷᠳᠠᠴᠠ ᠮᠦᠨ ᠭᠡᠵᠦ ᠵᠢᠭᠠᠵᠦ ᠭᠠᠷᠭᠠᠪᠠ᠃      ᠲᠡᠷᠡ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠭᠤᠰᠢᠯᠠᠭᠤᠯᠵᠦ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠴᠢᠨᠠᠷ ᠰᠠᠶᠢᠳᠠᠢ ᠬᠦᠭᠵᠢᠯᠳᠠ ᠳᠤ ᠰᠠᠶᠢᠨ ᠰᠠᠶᠢᠬᠠᠨ ᠢᠳᠡᠭᠡᠮᠵᠢ ᠶᠢᠨ ᠤᠷᠴᠢᠨ ᠨᠦᠬᠦᠴᠡᠯ ᠢ ᠡᠬᠦᠳᠬᠦ ᠭᠡᠷᠡᠭᠲᠡᠢ᠃ ᠭᠤᠤᠯᠳᠠᠯᠭ᠎ᠠ ᠶᠢ ᠠᠳᠬᠤᠨ᠂ ᠤᠨᠢᠨ ᠳᠡᠭᠡᠷ᠎ᠠ ᠨᠢ ᠬᠦᠴᠦᠯᠡᠵᠦ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠢ ᠦᠷᠬᠦᠯᠵᠢᠯᠡᠨ ᠬᠦᠨᠵᠡᠭᠡᠢ ᠠᠬᠢᠭᠤᠯᠬᠤ ᠭᠡᠷᠡᠭᠲᠡᠢ᠃ ᠢᠳᠡᠭᠡᠮᠵᠢ ᠶᠢᠨ ᠮᠡᠳᠡᠭᠡ ᠵᠠᠩᠬᠢ ᠶᠢ ᠪᠦᠬᠦ ᠲᠠᠯ᠎ᠠ ᠪᠠᠷ ᠳᠡᠮᠳᠡᠭᠯᠡᠵᠦ᠂ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠮᠵᠢ ᠶᠢᠨ ᠮᠡᠳᠡᠭᠡ ᠵᠠᠩᠬᠢ ᠶᠢᠨ ︽ᠪᠠᠬᠢᠯᠡᠯᠳᠠ︾ ᠪᠠ ︽ᠦᠨᠦᠴᠢᠨ ᠠᠷᠠᠯ︾ ᠢ ᠪᠦᠳᠦᠮᠵᠢᠳᠠᠢ ᠠᠷᠢᠯᠭᠠᠬᠤ ᠭᠡᠷᠡᠭᠲᠡᠢ᠃ ᠢᠳᠡᠭᠡᠮᠵᠢ ᠶᠢᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠢᠳᠡᠭᠡᠮᠵᠢ ᠶᠢᠨ ᠮᠡᠳᠡᠭᠡ ᠵᠠᠩᠬᠢ ᠶᠢᠨ ᠭᠡᠷᠡᠭᠯᠡᠭᠡᠨ ᠤ ᠬᠡᠪᠴᠢᠶ᠎ᠠ ᠶᠢ ᠳᠠᠰᠤᠷᠠᠯᠳᠠ ᠦᠭᠡᠢ ᠦᠷᠭᠡᠳᠭᠡᠨ᠂ ᠢᠳᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠬᠦᠷ ᠢ ᠢᠳᠡᠪᠬᠢᠳᠠᠢ ᠪᠤᠶᠢᠵᠢᠭᠤᠯᠤᠨ ᠪᠤᠵᠠᠭᠠᠢᠢᠷᠠᠭᠤᠯᠬᠤ ᠭᠡᠷᠡᠭᠲᠡᠢ᠃ ᠵᠠᠰᠠᠬ ᠤᠨ ᠶᠠᠪᠤᠳᠠᠯ ᠤᠨ ᠦᠨᠡᠨᠴᠢ ᠢᠳᠡᠭᠡᠮᠵᠢ ᠶᠢᠨ ᠠᠵᠢᠯ ᠢ ᠲᠤᠪᠤᠶᠢᠮ᠎ᠠ ᠰᠠᠶᠢᠳᠤᠷ ᠠᠳᠬᠤᠵᠦ᠂ ᠦᠨᠡᠨᠴᠢ ᠢᠳᠡᠭᠡᠮᠵᠢ ᠶᠢᠨ ᠨᠡᠶᠢᠳᠡᠯᠢᠭ ᠵᠢᠱᠢᠶ᠎ᠠ ᠶᠢ ᠰᠤᠩᠭᠤᠨ ᠴᠤᠬᠴᠠᠯᠠᠬᠤ ᠠᠵᠢᠯ ᠢ ᠦᠷᠬᠦᠯᠵᠢᠯᠡᠨ ᠦᠷᠨᠢᠬᠦᠯᠵᠦ᠂ ᠡᠯ᠎ᠠ ᠲᠦᠷᠦᠯ ᠤᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠢᠳᠡᠪᠬᠢᠵᠢᠯ ᠢ ᠬᠦᠢᠴᠡᠳ ᠲᠠᠶᠢᠴᠢᠯᠠᠨ᠂ ᠪᠦᠬᠦ ᠨᠡᠶᠢᠭᠡᠮ ᠢᠶᠠᠷ ᠢᠶᠠᠨ ᠵᠡᠷᠭᠡ ᠪᠠᠷ ᠠᠳᠬᠤᠨ ᠬᠠᠮᠳᠤ ᠳᠤᠨᠢ ᠬᠠᠮᠢᠶᠠᠷᠬᠤ᠂ ᠲᠤᠰ ᠲᠤᠰ  ᠤᠨ ᠦᠢᠯᠡᠳᠦᠯ ᠢ ᠪᠠᠳᠠᠷᠠᠭᠤᠯᠬᠤ ᠠᠵᠢᠯ ᠤᠨ ᠰᠢᠨ᠎ᠠ ᠪᠠᠶᠢᠷᠢᠰᠢᠯ ᠢ ᠪᠦᠷᠢᠯᠳᠦᠬᠦᠯᠬᠦ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠵᠢᠯ ᠤᠨ ᠡᠬᠦᠷᠭᠡ ᠪᠠᠨ ᠴᠢᠨᠠᠬᠰᠢᠳᠠ ᠨᠠᠷᠢᠯᠢᠬᠵᠢᠭᠤᠯᠵᠦ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠬᠢᠨᠡᠨ ᠰᠢᠯᠭᠠᠬᠤ ᠱᠠᠯᠠᠪᠳᠠᠭᠤᠯᠤᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠡᠷᠴᠢᠮ ᠢᠶᠠᠨ ᠨᠡᠮᠡᠭᠳᠡᠬᠦᠯᠦᠨ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠠᠵᠢᠯ ᠲᠠᠬᠢᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号