ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 37 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ | ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠢ ᠳᠤ᠄ | ᠣᠶᠢᠷ᠎ᠠ ᠳᠤ᠂ ᠭᠢᠷᠢᠨ ᠮᠤᠵᠢ ᠶᠢᠨ ᠭᠢᠷᠢᠨ ᠬᠤᠲᠠ᠂ ᠬᠤᠪᠧᠶ ᠮᠤᠵᠢ ᠶᠢᠨ ᠦᠬᠠᠨ ᠬᠤᠲᠠ᠂ ᠯᠢᠶᠣᠤᠨᠢᠩ | ᠮᠤᠵᠢ ᠶᠢᠨ ᠮᠦᠭᠳᠡᠨ ᠬᠤᠲᠠ ᠵᠡᠷᠭᠡ ᠬᠡᠰᠡᠭ ᠭᠠᠵᠠᠷ ᠣᠷᠣᠨ ᠳᠤ ᠲᠤᠰ ᠨᠤᠲᠤᠭ ᠤᠨ ᠲᠥᠪᠯᠡᠷᠡᠩᠭᠦᠢ ᠴᠢᠨᠠᠷᠲᠠᠶ | ᠬᠢᠵᠢᠭ ᠤᠨ ᠪᠠᠶᠢᠳᠠᠯ ᠡᠭᠦᠰᠴᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠳᠠᠬᠢᠨᠲᠠ ᠳᠤᠮᠳᠠ᠂ | ᠥᠨᠳᠥᠷ ᠲᠦᠭᠰᠢᠭᠦᠷᠢ ᠪᠣᠯᠭᠠᠨ ᠲᠣᠬᠢᠷᠠᠭᠤᠯᠵᠠᠶ᠃ ᠣᠯᠠᠨ ᠤᠯᠤᠰ ᠤᠨ ᠬᠢᠵᠢᠭ ᠤᠨ ᠪᠠᠶᠢᠳᠠᠯ ᠤᠨ ᠲᠦᠭᠰᠢᠭᠦᠷᠢ | ᠦᠷᠭᠦᠯᠵᠢᠯᠡᠵᠦ ᠪᠠᠶᠢᠭ᠎ᠠ ᠪᠠ ᠤᠯᠤᠰ ᠤᠨ ᠳᠣᠲᠣᠭᠠᠳᠤ ᠶᠢᠨ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠬᠡᠰᠡᠭ | ᠲᠠᠯ᠎ᠠ ᠪᠠᠷ ᠳᠠᠬᠢᠨ ᠡᠭᠦᠰᠴᠦ ᠪᠠᠶᠢᠭ᠎ᠠ ᠪᠠᠶᠢᠳᠠᠯ ᠢ ᠦᠨᠳᠦᠰᠦᠯᠡᠨ᠂ ︽ᠭᠠᠳᠠᠭᠠᠳᠤ ᠠᠴᠠ ᠣᠷᠤᠵᠤ ᠢᠷᠡᠬᠦ ᠶᠢ | ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠠᠳᠠᠨ᠎ᠠ ᠠᠴᠠ ᠣᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠲᠦᠢᠯ ᠤᠨ ᠣᠨᠤᠪᠴᠢᠲᠠᠢ ᠰᠠᠶᠢᠲᠤᠷ ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ | ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠶᠢ | ᠴᠢᠩᠭ᠎ᠠ ᠰᠡᠷᠭᠡᠶᠢᠯᠡᠬᠦ ᠲᠤᠬᠠᠶ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠄ | ᠨᠢᠭᠡ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠨᠢ ᠳᠤᠮᠳᠠ᠂ ᠦᠨᠳᠦᠷ ᠪᠠᠶᠢᠭ᠎ᠠ ᠭᠢᠷᠢᠨ | ᠮᠤᠵᠢ ᠶᠢᠨ ᠭᠢᠷᠢᠨ ᠬᠤᠲᠠ ᠶᠢᠨ ᠱᠣ᠋ ᠯᠠᠨ ᠬᠤᠲᠠ᠂ ᠹᠧᠩᠮᠠᠨ ᠲᠣᠭᠤᠷᠢᠭ᠂ ᠬᠤᠪᠧᠶ ᠮᠤᠵᠢ ᠶᠢᠨ ᠦᠬᠠᠨ | ᠬᠤᠲᠠ ᠶᠢᠨ ᠵᠡᠭᠦᠨ ᠰᠢ ᠬᠤ᠋ ᠲᠣᠭᠤᠷᠢᠭ᠂ ᠯᠢᠶᠣᠤᠨᠢᠩ ᠮᠤᠵᠢ ᠶᠢᠨ ᠮᠦᠭᠳᠡᠨ ᠬᠤᠲᠠ ᠶᠢᠨ ᠰᠥ᠋ ᠵᠢᠶᠠ ᠳᠦᠨ | ᠲᠣᠭᠤᠷᠢᠭ ᠵᠡᠷᠭᠡ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠢ ᠳᠡᠭᠡᠳᠦ ᠬᠡᠮᠵᠢᠶ᠎ᠡ ᠪᠠᠷ | ᠠᠩᠬᠠᠷᠬᠤ ᠬᠡᠷᠡᠭᠲᠡᠢ᠃ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ | ᠳᠤᠭᠤᠶᠢᠯᠠᠩ ᠤᠳ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠬᠥᠮᠦᠰ ᠤᠨ ᠮᠡᠳᠡᠭᠡ | ᠵᠠᠩᠭᠢ ᠶᠢ ᠨᠢᠭᠲᠠ ᠠᠩᠬᠠᠷᠴᠤ᠂ ᠡᠯ᠎ᠡ ᠱᠠᠲᠤᠨ ᠤ ᠵᠢᠯᠣᠭᠤᠳᠬᠤ ᠭᠠᠵᠠᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ | ᠨᠢᠭᠡᠴᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠴᠠᠭ ᠲᠤᠬᠠᠶ ᠳᠤ ᠨᠢ ᠮᠡᠳᠡᠭᠳᠡᠵᠦ᠂ ᠳᠤᠮᠳᠠ᠂ | ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠢᠷᠡᠭᠰᠡᠨ ᠪᠣᠶ ᠪᠥᠬᠦᠶ ᠬᠥᠮᠦᠰ ᠢ ᠬᠠᠮᠤᠭ ᠤᠨ ᠲᠦᠷᠭᠡᠨ | ᠬᠤᠷᠳᠤᠴᠠ ᠪᠠᠷ ᠪᠣᠳᠠᠲᠠᠶᠢᠵᠢᠭᠤᠯᠤᠨ ᠪᠠᠶᠢᠴᠠᠭᠠᠵᠤ᠂ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + | 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | ᠬᠤᠶᠠᠷ᠂ ᠬᠤᠪᠧᠶ ᠮᠤᠵᠢ ᠪᠣᠯᠤᠨ ᠦᠬᠠᠨ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠠᠴᠠ | ᠮᠠᠨ ᠤ ᠣᠷᠣᠨ ᠳᠤ ᠣᠷᠣᠵᠤ ᠢᠷᠡᠭᠰᠡᠨ ᠬᠥᠮᠦᠰ ᠲᠤ ︽ᠲᠠᠪᠤᠨ ᠴᠥᠮ ︾ ᠢ ᠨᠠᠶᠢᠳᠠᠪᠤᠷᠢᠵᠢᠭᠤᠯᠬᠤ ᠰᠠᠭᠤᠷᠢᠨ | ᠳᠡᠭᠡᠷ᠎ᠡ᠂ ᠳᠠᠬᠢᠨ ᠨᠢᠭᠡ ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢᠨ ᠰᠢᠯᠭᠠᠨ ᠪᠠᠶᠢᠴᠠᠭᠠᠯᠲᠠ ᠬᠢᠬᠦ | ᠬᠡᠷᠡᠭᠲᠡᠢ᠃ | ᠭᠤᠷᠪᠠ᠂ ᠳᠤᠮᠳᠠ᠂ ᠦᠨᠳᠦᠷ ᠲᠦᠭᠰᠢᠭᠦᠷᠢ ᠶᠢᠨ ᠵᠡᠷᠭᠡ ᠳᠡᠰ ᠢ ᠨᠢ ᠲᠣᠬᠢᠷᠠᠭᠤᠯᠤᠭᠠᠳ ᠳᠣᠤᠷ᠎ᠠ ᠵᠡᠷᠭᠡ | ᠳᠡᠰ ᠪᠣᠯᠭᠠᠭᠰᠠᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠳ᠋ᠤᠥ ᠸᠠᠢ ᠲᠣᠭᠤᠷᠢᠭ᠂ ᠨᠠᠨ ᠭᠠᠩ ᠲᠣᠭᠤᠷᠢᠭ᠂ | ᠳ᠋ᠤᠥ ᠯᠢ ᠲᠣᠭᠤᠷᠢᠭ᠂ ᠬᠤᠯᠠᠨ ᠲᠣᠭᠤᠷᠢᠭ᠂ ᠠ ᠴᠧᠩ ᠲᠣᠭᠤᠷᠢᠭ᠂ ᠮᠥ ᠯᠠᠨ ᠰᠢᠶᠠᠨ᠂ ᠮᠦ ᠳ᠋ᠠᠨ ᠵᠢᠶᠠᠩ | ᠬᠤᠲᠠ ᠶᠢᠨ ᠰᠦᠶ ᠹᠧᠨ ᠾᠧ ᠬᠤᠲᠠ᠂ ᠰᠢ ᠠᠨ ᠲᠣᠭᠤᠷᠢᠭ︔ ᠯᠢᠶᠣᠤᠨᠢᠩ ᠮᠤᠵᠢ ᠶᠢᠨ ᠹᠦᠱᠦ᠋ᠨ ᠬᠤᠲᠠ ᠶᠢᠨ | ᠱᠦᠨ ᠴᠧᠩ ᠲᠣᠭᠤᠷᠢᠭ︔ ᠪᠡᠭᠡᠵᠢᠩ ᠬᠤᠲᠠ ᠶᠢᠨ ᠴᠤᠤᠶᠠᠩ ᠲᠣᠭᠤᠷᠢᠭ ᠠᠴᠠ ᠮᠠᠨ ᠤ ᠣᠷᠣᠨ ᠳᠤ ᠣᠷᠣᠵᠤ | ᠢᠷᠡᠬᠦ ᠬᠥᠮᠦᠰ ᠢ ᠨᠢᠭᠲᠠ ᠠᠩᠬᠠᠷᠴᠤ᠂ ︽ᠭᠤᠣᠯᠳᠠᠯᠭ᠎ᠠ ᠲᠠᠢ ᠭᠠᠵᠠᠷ ᠣᠷᠣᠨ ᠤ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠳᠤ ᠲᠣᠬᠢᠷᠠᠭᠤᠯᠤᠯᠲᠠ ᠬᠢᠵᠦ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠤᠵᠤ ᠢᠷᠡᠬᠦ ᠪᠠ | ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ﹇2020﹈ 36 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ | ᠺᠣᠳ᠋︾ ᠲᠠᠢ ᠪᠦᠭᠡᠳ ᠡᠮᠦᠨᠡᠬᠢ 7 ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ | ᠭᠡᠷᠡᠴᠢ ᠲᠠᠢ ᠪᠠᠶᠢᠪᠠᠯ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ︔ | ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠣᠯᠪᠠᠴᠤ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠮᠠᠨ ᠤ ᠣᠷᠣᠨ ᠳᠤ ᠣᠷᠤᠵᠤ ᠢᠷᠡᠭᠰᠡᠨ | ᠬᠦᠮᠦᠰ 24 ᠴᠠᠭ ᠤᠨ ᠳᠣᠲᠣᠷ᠎ᠠ ᠡᠷᠬᠡᠪᠰᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ᠂ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠲᠠᠢ ᠪᠠᠶᠢᠪᠠᠯ ᠂ ᠬᠡᠪ ᠤᠨ ᠶᠣᠰᠣᠭᠠᠷ ᠠᠵᠢᠯ | ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ᠃ | ᠳᠥᠷᠪᠡ᠂ ᠬᠢᠯᠢ ᠪᠠᠷ ᠣᠷᠣᠵᠤ ᠢᠷᠡᠭᠰᠡᠨ ᠪᠤᠶ ᠪᠦᠬᠦᠢ ᠬᠥᠮᠦᠰ ︵ᠣᠷᠣᠨ ᠤ ᠳᠣᠲᠣᠷᠠᠬᠢ ᠪᠣᠭᠤᠮᠲᠠ ᠪᠣᠯᠤᠨ | ᠣᠷᠣᠨ ᠤ ᠭᠠᠳᠠᠨᠠᠬᠢ ᠪᠣᠭᠤᠮᠲᠠ ᠪᠠᠷ ᠮᠠᠨ ᠤ ᠣᠷᠣᠨ ᠳᠤ ᠣᠷᠣᠵᠤ ᠢᠷᠡᠬᠦ ᠬᠦᠮᠦᠰ ᠪᠠᠭᠲᠠᠨ᠎ᠠ︶ ᠲᠤ ᠦᠷᠭᠦᠯᠵᠢᠯᠡᠨ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠨ᠎ᠠ ᠠᠴᠠ ᠣᠷᠤᠵᠤ ᠢᠷᠡᠬᠦ ᠪᠠ | ᠳᠡᠯᠭᠡᠷᠡᠬᠦ ᠶᠢ ᠴᠢᠩᠭ᠎ᠠ ᠰᠡᠷᠭᠡᠶᠢᠯᠡᠨ ᠡᠵᠡᠮᠳᠡᠬᠦ ᠶᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ | ᠲᠠᠷᠬᠠᠭᠠᠭᠰᠠᠨ ﹇2020﹈ 82 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽14 ᠡᠳᠦᠷ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠲᠠᠪᠤ᠂ ᠬᠤᠶᠢᠰᠢᠳᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ | ᠳᠡᠰ ᠢ ᠳᠣᠣᠷ᠎ᠠ ᠲᠦᠭᠰᠢᠭᠦᠷᠢ ᠠᠴᠠ ᠳᠤᠮᠳᠠ᠂ ᠦᠨᠳᠦᠷ ᠲᠥᠭᠰᠢᠭᠦᠷᠢ ᠪᠣᠯᠭᠠᠨ ᠲᠣᠬᠢᠷᠠᠭᠤᠯᠤᠭᠰᠠᠨ ᠪᠤᠶᠤ ᠳᠤᠮᠳᠠ᠂ | ᠦᠨᠳᠦᠷ ᠲᠦᠭᠰᠢᠭᠦᠷᠢ ᠠᠴᠠ ᠳᠣᠣᠷ᠎ᠠ ᠳᠡᠰ ᠪᠣᠯᠭᠠᠨ ᠲᠣᠬᠢᠷᠠᠭᠤᠯᠤᠭᠰᠠᠨ ᠭᠠᠵᠠᠷ ᠣᠷᠣᠨ ᠠᠴᠠ ᠮᠠᠨ ᠤ ᠣᠷᠣᠨ ᠳᠤ | ᠣᠷᠣᠵᠤ ᠢᠷᠡᠬᠦ ᠬᠥᠮᠦᠰ ᠲᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ | ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | 2020 ᠣᠨ ᠤ 5 ᠳ᠋ᠤᠭᠠᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |