ᠬᠥᠯᠥᠨ ᠪᠤᠶᠢᠷ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠣᠪᠴᠢᠶ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ︽ᠳᠡᠭᠡᠳᠦ ᠬᠤᠷᠳᠤ ᠶᠢᠨ ᠵᠠᠰᠠᠮᠠᠯ ᠵᠠᠮ ︾᠎ ᠳᠤ ᠭᠠᠷᠭᠠᠪᠠ
ᠨᠡᠶᠢᠲᠡᠯᠡᠭᠰᠡᠨ ᠴᠠᠭ᠄
2020/5/19
     ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠤᠰ ᠲᠣᠪᠴᠢᠶ᠎ᠠ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠰᠢᠭᠤᠳ ᠨᠡᠪᠲᠡᠷᠡᠬᠦ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠦᠢᠴᠡᠳᠬᠡᠬᠦ ᠶᠢᠨ ᠬᠠᠮᠲᠤ ︽ᠮᠥᠩᠬᠡ ᠰᠤᠪᠠᠭ︾᠎ ᠤᠨ ᠬᠥᠯᠥᠨ ᠪᠣᠶᠢᠷ ᠤᠨ ᠵᠠᠰᠠᠭ ᠤᠨ ᠶᠠᠪᠤᠳᠠᠯ ᠤᠨ ᠲᠠᠪᠴᠠᠩ ᠲᠠᠢ ᠢᠳᠡᠪᠬᠢᠲᠡᠢ ᠵᠣᠯᠭᠠᠭᠤᠯᠵᠤ᠂ ᠠᠵᠢᠯ ᠶᠠᠪᠤᠳᠠᠯ ᠭᠦᠢᠴᠡᠳᠬᠡᠬᠦ 968966 ᠰᠢᠭᠤᠳ ᠨᠡᠪᠲᠡᠷᠡᠯ ᠤᠨ ᠦᠢᠯᠡᠴᠢᠯᠡᠭᠡᠨ ᠢ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠰᠢᠯᠵᠢᠭᠦᠯᠦᠨ ᠲᠤᠰᠴᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ︽ᠳᠡᠭᠡᠳᠦ ᠬᠤᠷᠳᠤ ᠶᠢᠨ ᠵᠠᠰᠠᠮᠠᠯ ᠵᠠᠮ ︾᠎ ᠳᠤ ᠭᠠᠷᠭᠠᠪᠠ᠃      5 ᠳ᠋ᠤᠭᠠᠷ ᠰᠠᠷ᠎ᠠ ᠶᠢᠨ 10᠎ ᠤ ᠡᠳᠦᠷ ᠪᠣᠯᠲᠠᠯ᠎ᠠ᠂ ᠨᠡᠶᠢᠲᠡ 45 ᠤᠳᠠᠭ᠎ᠠ ᠪᠠᠶᠢᠴᠠᠭᠠᠨ ᠯᠠᠪᠯᠠᠵᠤ᠂ ᠡᠭᠦᠨ ᠳᠤ᠂ ᠦᠢᠯᠡᠰ ᠴᠣᠭᠴᠠᠯᠠᠬᠤ ᠲᠥᠷᠥᠯ ᠵᠦᠢᠯ ᠤᠨ ᠬᠥᠮᠥᠷᠭᠡ ᠶᠢᠨ ᠮᠡᠳᠡᠭᠡ ᠵᠠᠩᠭᠢ ᠶᠢ 20 ᠤᠳᠠᠭ᠎ᠠ᠂ 968966᠎ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ ᠢ 15 ᠤᠳᠠᠭ᠎ᠠ᠂ 968966᠎ ᠶᠢᠨ ᠠᠵᠢᠯ ᠣᠯᠵᠤ ᠦᠢᠯᠡᠰ ᠴᠣᠭᠴᠠᠯᠠᠬᠤ ᠲᠠᠩᠰᠠ ᠡᠪᠬᠡᠮᠡᠯ ᠢ 10 ᠤᠳᠠᠭ᠎ᠠ ᠪᠠᠶᠢᠴᠠᠭᠠᠨ ᠯᠠᠪᠯᠠᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠥᠮᠦᠰ ᠪᠠ ᠠᠵᠢᠯ ᠠᠯᠳᠠᠭᠰᠠᠳ ᠲᠤ ᠦᠢᠯᠡᠴᠢᠯᠡᠬᠦ ᠦᠷ᠎ᠡ ᠪᠦᠲᠦᠮᠵᠢ ᠪᠠᠨ ᠢᠯᠡᠳᠲᠡ ᠨᠡᠮᠡᠭᠳᠡᠭᠦᠯᠪᠡ᠃      ᠣᠶᠢᠯᠠᠭᠠᠭᠰᠠᠨ ᠢᠶᠠᠷ᠂ ︽ᠮᠥᠩᠬᠡ ᠰᠤᠪᠠᠭ︾ APP ᠪᠣᠯ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠪᠠᠶᠢᠵᠤ᠂ ᠠᠷᠠᠳ ᠣᠯᠠᠨ ᠳᠤ ᠳᠥᠭᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠪᠠᠶᠢᠴᠠᠭᠠᠨ ᠯᠠᠪᠯᠠᠬᠤ᠂ ᠭᠦᠢᠴᠡᠳᠬᠡᠬᠦ ᠵᠡᠷᠭᠡ ᠴᠢᠳᠠᠮᠵᠢ ᠶᠢ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠠᠯᠠᠭᠠᠨ ᠳᠡᠭᠡᠷ᠎ᠡ ᠭᠦᠢᠴᠡᠳᠬᠡᠬᠦ︾᠂ ︽ᠬᠤᠷᠤᠭᠤᠨ ᠥᠨᠳᠡᠭᠡ ᠪᠠᠷ ᠭᠦᠢᠴᠡᠳᠬᠡᠬᠦ︾᠎ ᠶᠢ ᠪᠡᠶᠡᠯᠡᠭᠦᠯᠪᠡ᠃ ᠲᠦᠷᠦᠭᠦᠬᠡᠨ᠂ ᠮᠠᠨ ᠤ ᠬᠤᠲᠠ ᠶᠢᠨ ᠠᠵᠢᠯ ᠣᠯᠭᠤᠵᠤ ᠦᠢᠯᠡᠰ ᠴᠣᠭᠴᠠᠯᠠᠬᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ︽ᠮᠥᠩᠬᠡ ᠰᠤᠪᠠᠭ︾ ᠲᠠᠪᠴᠠᠩ ᠳᠤ ᠭᠠᠷᠭᠠᠵᠤ᠂ ᠦᠢᠯᠡᠴᠢᠯᠡᠭᠡᠨ ᠤ ᠠᠭᠤᠯᠭ᠎ᠠ ᠶᠢ ︽ᠮᠥᠩᠬᠡ ᠰᠤᠪᠠᠭ︾ ᠦᠢᠯᠡᠴᠢᠯᠡᠭᠡᠨ ᠤ ᠲᠠᠪᠴᠠᠩ ᠳᠤ ᠣᠷᠣᠭᠤᠯᠪᠠ᠃ ᠡᠭᠦᠨ ᠳᠤ ᠦᠢᠯᠡᠰ ᠴᠣᠭᠴᠠᠯᠠᠬᠤ ᠲᠥᠷᠥᠯ ᠵᠦᠢᠯ ᠤᠨ ᠬᠥᠮᠥᠷᠭᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠠᠵᠢᠯ ᠣᠯᠵᠤ ᠦᠢᠯᠡᠰ ᠴᠣᠭᠴᠠᠯᠠᠬᠤ ᠦᠨᠡᠮᠯᠡᠯ ᠢ ᠪᠠᠶᠢᠴᠠᠭᠠᠨ ᠯᠠᠪᠯᠠᠬᠤ ᠪᠠ ᠠᠵᠢᠯ ᠠᠯᠳᠠᠭᠰᠠᠳ ᠤᠨ ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠᠭᠲᠠᠨ᠎ᠠ᠃      ᠳᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠯᠥᠪᠯᠡᠭᠡ ᠶᠣᠰᠣᠭᠠᠷ ᠠᠵᠢᠯ ᠣᠯᠭᠤᠵᠦ ᠦᠢᠯᠡᠰ ᠴᠣᠭᠴᠠᠯᠠᠬᠤ ᠰᠦᠯᠵᠢᠶᠡᠨ ᠳᠡᠭᠡᠷ᠎ᠡ ᠦᠢᠯᠡᠴᠢᠯᠡᠬᠦ ᠵᠦᠢᠯᠡᠰ ᠢ ︽ᠮᠥᠩᠬᠡ ᠰᠤᠪᠠᠭ︾᠎ ᠤᠨ ᠬᠥᠯᠥᠨ ᠪᠣᠶᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠵᠤ᠂ ᠴᠠᠭ ᠲᠤᠬᠠᠶ ᠳᠤ ᠎ ᠨᠢ ᠰᠢᠨᠡᠳᠬᠡᠨ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠪᠣᠯᠣᠨ᠎ᠠ᠃ ᠢᠯᠠᠩᠭᠤᠶ᠎ᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ ᠠᠪᠬᠤ᠂ ᠦᠢᠯᠡᠰ ᠴᠣᠭᠴᠠᠯᠠᠬᠤ ᠵᠢᠭᠡᠯᠡᠯᠭᠡ ᠭᠤᠶᠤᠴᠢᠯᠠᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠨᠡᠷ᠎ᠡ ᠮᠡᠳᠡᠭᠦᠯᠬᠦ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠨᠡᠷ᠎ᠡ ᠮᠡᠳᠡᠭᠦᠯᠬᠦ ᠵᠡᠷᠭᠡ ᠡᠳᠦᠷ ᠲᠤᠲᠤᠮ ᠤᠨ ᠭᠦᠢᠴᠡᠳᠬᠡᠬᠦ ᠵᠦᠢᠯᠡᠰ ᠢ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠤᠭᠤᠯᠤᠨ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠲᠥᠬᠦᠮ ᠦᠵᠡᠭᠦᠯᠦᠨ ᠠᠷᠠᠳ ᠲᠤ ᠠᠰᠢᠭ ᠬᠦᠷᠲᠡᠭᠡᠵᠦ᠂ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号