ᠭᠤᠷᠪᠠᠨ ᠨᠠᠰᠤᠨ ᠠᠴᠠ ᠳᠣᠷᠤᠭᠰᠢᠬᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2020/5/20
                 ᠥᠪᠥᠷ ᠵᠠᠰᠠᠭ ᠠᠯᠪᠠᠨ ᠲᠠᠷᠬᠠᠭᠠᠭᠰᠠᠨ ﹇2019﹈ 31 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠭᠤᠷᠪᠠᠨ ᠨᠠᠰᠤᠨ ᠠᠴᠠ ᠳᠤᠷᠤᠭᠰᠢᠬᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠨᠠᠰᠤᠨ ᠠᠴᠠ ᠳᠤᠷᠤᠭᠰᠢᠬᠢ ᠨᠢᠷᠠᠢ ᠨᠢᠯᠬ᠎ᠠ ᠬᠡᠦᠬᠡᠳ ︵ᠳᠤᠷᠤᠭᠰᠢ ᠨᠢᠷᠠᠢ ᠨᠢᠯᠬ᠎ᠠ ᠬᠡᠦᠬᠡᠳ ᠭᠡᠵᠦ ᠲᠣᠪᠴᠢᠯᠠᠨ᠎ᠠ︶ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠢ ᠶᠡᠭᠡ ᠪᠠᠷ ᠬᠥᠭᠵᠢᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠰᠡᠳᠬᠢᠮᠵᠢ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠡᠷ ᠪᠦᠯᠢ ᠪᠠᠷ ᠭᠤᠣᠯ ᠪᠣᠯᠭᠠᠨ᠂ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠷ ᠨᠦᠬᠦᠪᠦᠷᠢ ᠪᠣᠯᠭᠠᠬᠤ ᠶᠢ ᠪᠠᠷᠢᠮᠲᠠᠯᠠᠨ᠎ᠠ︔ ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠤᠭᠤᠳᠴᠤ᠂ ᠣᠯᠠᠨ ᠲᠠᠯ᠎ᠠ ᠶᠢᠨ ᠬᠢᠨ ᠣᠷᠤᠯᠴᠠᠬᠤ ᠶᠢ ᠪᠠᠷᠢᠮᠲᠠᠯᠠᠨ᠎ᠠ︔ ᠠᠮᠦᠷ ᠲᠥᠪᠰᠢᠨ ᠡᠷᠡᠭᠦᠯ ᠡᠩᠬᠡ᠂ ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠬᠤ ᠶᠢ ᠪᠠᠷᠢᠮᠲᠠᠯᠠᠨ᠎ᠠ᠃ 2020 ᠣᠨ ᠪᠣᠯᠬᠤ ᠳᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠠᠩᠬ᠎ᠠ ᠠᠯᠬᠤᠮ ᠪᠠᠶᠢᠭᠤᠯᠵᠤ᠂ ᠳᠠᠶᠢᠴᠢᠯᠠᠬᠤ ᠦᠢᠯᠡᠳᠦᠯ ᠲᠠᠢ᠂ ᠵᠣᠬᠢᠬᠤ ᠵᠢᠯᠤᠭᠤᠳᠬᠤ ᠴᠢᠳᠠᠮᠵᠢ ᠶᠢ ᠡᠭᠦᠷᠭᠡᠯᠡᠵᠦ ᠪᠦᠬᠦᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠨᠢᠭᠡ ᠪᠦᠯᠦᠭ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠲᠠᠯ᠎ᠠ ᠳᠠᠬᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠠᠩᠬ᠎ᠠ ᠠᠯᠬᠤᠮ ᠬᠠᠩᠭᠠᠨ᠎ᠠ᠃ 2025 ᠣᠨ ᠪᠣᠯᠬᠤ ᠳᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠵᠢᠷᠤᠮᠵᠢᠯ ᠢ ᠦᠨᠳᠦᠰᠦᠨ ᠳᠤ ᠪᠠᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠣᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠮᠡᠳᠡᠭᠳᠡᠬᠦ᠋ᠢᠴᠡ ᠳᠡᠭᠡᠭᠰᠢᠯᠡᠭᠦᠯᠵᠣ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠲᠠᠯ᠎ᠠ ᠳᠠᠬᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃      ᠬᠤᠶᠠᠷ᠂ ᠭᠤᠣᠯ ᠡᠭᠦᠷᠭᠡ      ︵ᠨᠢᠭᠡ︶ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠶᠢᠨ ᠬᠥᠭᠵᠢᠯᠲᠡ ᠶᠢ ᠠᠬᠢᠭᠤᠯᠬᠤ ᠳᠡᠮᠵᠢᠯᠭᠡ ᠶᠢᠨ ᠳᠥᠷᠥ ᠶᠢᠨ ᠪᠣᠳᠣᠯᠭ᠎ᠠ ᠶᠢ ᠲᠣᠭᠲᠠᠭᠠᠨ᠎ᠠ      1. ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠲᠦᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2020 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠨᠢ ᠪᠠᠶᠢᠩᠭᠤ ᠰᠠᠭᠤᠭ᠎ᠠ ᠬᠦᠮᠦᠨ ᠠᠮᠠ ᠶᠢᠨ ᠬᠡᠪᠴᠢᠶᠡᠵᠢᠯ ᠯᠦᠭᠡ ᠲᠤᠬᠢᠷᠠᠯᠴᠬᠠᠰᠠᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠠᠮᠦᠷ ᠲᠥᠪᠰᠢᠨ ᠤ ᠳᠦᠬᠦᠷ ᠠᠷᠭ᠎ᠠ ᠬᠡᠮᠵᠢᠶ᠎ᠡ ᠶᠢ ᠲᠦᠯᠦᠪᠵᠢᠭᠦᠯᠦᠨ ᠪᠠᠶᠢᠭᠤᠯᠵᠤ᠂ ᠣᠷᠣᠨ ᠰᠠᠭᠤᠴᠠ ᠯᠤᠭ᠎ᠠ ᠵᠡᠷᠭᠡ ᠪᠠᠷ ᠰᠢᠯᠭᠠᠨ ᠬᠤᠷᠢᠶᠠᠵᠤ ᠠᠪᠬᠤ ᠬᠡᠷᠡᠭᠲᠡᠢ᠃ ᠬᠠᠭᠤᠴᠢᠨ ᠬᠤᠲᠠ ᠲᠣᠭᠤᠷᠢᠭ ᠪᠣᠯᠣᠨ ᠨᠢᠭᠡᠨᠲᠡ ᠪᠠᠶᠢᠭᠤᠯᠤᠭᠰᠠᠨ ᠲᠣᠭᠤᠷᠢᠭ ᠪᠣᠯ ᠣᠯᠠᠨ ᠵᠦᠢᠯ ᠤᠨ ᠠᠷᠭ᠎ᠠ ᠬᠡᠯᠪᠡᠷᠢ ᠠᠪᠴᠤ ᠪᠠᠶᠢᠭᠠᠳ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠠᠮᠦᠷ ᠲᠥᠪᠰᠢᠨ ᠤ ᠳᠦᠬᠦᠷ ᠠᠷᠭ᠎ᠠ ᠬᠡᠮᠵᠢᠶ᠎ᠡ ᠶᠢ ᠬᠤᠭᠤᠴᠠᠭ᠎ᠠ ᠬᠢᠵᠠᠭᠠᠷᠯᠠᠨ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠ ᠪᠠᠶᠢᠷᠢᠰᠢᠭᠤᠯᠬᠤ ᠳᠤ ᠪᠠᠨ ᠣᠷᠣᠨ ᠰᠠᠭᠤᠴᠠ᠂ ᠠᠵᠢᠯ ᠣᠯᠭᠤᠯᠲᠠ᠂ ᠲᠦᠪᠯᠡᠷᠡᠭᠦᠯᠦᠨ ᠪᠠᠶᠢᠭᠤᠯᠤᠭᠰᠠᠨ ᠣᠷᠣᠨ ᠪᠦᠰᠡ ᠵᠡᠷᠭᠡ ᠬᠦᠴᠦᠨ ᠵᠦᠢᠯ ᠢ ᠭᠦᠢᠴᠡᠳ ᠪᠤᠳᠤᠯᠬᠢᠯᠠᠵᠤ᠂ ᠬᠤᠲᠠ ᠳᠤ ᠣᠷᠤᠵᠤ ᠬᠦᠴᠦ ᠶᠠᠪᠤᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠨᠢ ᠭᠦᠢᠴᠡᠳ ᠪᠤᠳᠤᠯᠬᠢᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      2. ᠨᠡᠶᠢᠭᠡᠮ ᠲᠤᠭᠤᠷᠢᠭ ᠤᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠳᠤ ᠲᠡᠮᠵᠢᠯᠬᠡ ᠦᠵᠡᠬᠦᠯᠬᠦ ᠪᠠᠨ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢ ᠵᠣᠷᠢᠬᠵᠢᠭᠤᠯᠵᠤ ᠪᠠᠶᠢᠭᠠᠳ ᠵᠠᠰᠠᠭ ᠤᠨ ᠣᠷᠳᠣᠨ ᠠᠴᠠ ᠨᠡᠮᠡᠭᠦᠷᠢ ᠥᠭᠬᠦ᠂ ᠠᠵᠢᠯ ᠲᠦᠷᠦᠯ ᠢᠶᠠᠷ ᠬᠦᠲᠦᠯᠦᠨ ᠵᠢᠯᠤᠭᠤᠳᠬᠤ᠂ ᠨᠡᠶᠢᠭᠡᠮ ᠤᠨ ᠬᠦᠴᠦᠨ ᠢ ᠳᠠᠶᠢᠴᠢᠯᠠᠨ ᠣᠷᠤᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠨᠡᠶᠢᠭᠡᠮ ᠲᠣᠭᠤᠷᠢᠭ ᠲᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢ ᠡᠷᠬᠢᠯᠡᠨ ᠪᠠᠶᠢᠭᠤᠯᠵᠦ᠂ ᠰᠠᠭᠤᠭᠠᠯᠢ ᠠᠷᠠᠳ ᠲᠤ ᠣᠶᠢᠷ᠎ᠠ ᠬᠠᠪᠢ ᠳᠤ ᠨᠢ ᠰᠠᠭᠠᠲᠠᠭᠤᠯᠤᠨ ᠠᠰᠠᠷᠠᠬᠤ ᠦᠢᠯᠡᠴᠢᠯᠡᠭᠡ ᠬᠦᠷᠲᠡᠭᠡᠨ᠎ᠡ᠃ ᠨᠦᠬᠦᠴᠡᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠡᠦᠬᠡᠳ ᠰᠠᠭᠠᠲᠠᠭᠤᠯᠬᠤ ᠪᠠ ᠬᠡᠤᠬᠡᠳ ᠤᠨ ᠴᠡᠴᠡᠷᠯᠢᠭ ᠤᠨ ᠬᠡᠯᠬᠢᠶ᠎ᠡ ᠪᠠᠶᠢᠭᠤᠯᠤᠮᠵᠢ ᠨᠢ ᠨᠡᠶᠢᠭᠡᠮ ᠲᠣᠭᠤᠷᠢᠭ ᠲᠠᠬᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠰᠠᠷᠠᠨ ᠬᠦᠮᠦᠵᠢᠭᠦᠯᠬᠦ ᠦᠢᠯᠡᠴᠢᠯᠡᠭᠡ ᠶᠢ ᠳᠠᠭᠠᠭᠠᠨ ᠠᠪᠴᠤ ᠪᠣᠯᠣᠨ᠎ᠠ᠃ ᠨᠦᠬᠦᠴᠡᠯ ᠪᠣᠯᠣᠮᠵᠢ ᠲᠠᠢ ᠮᠠᠯᠵᠢᠬᠤ ᠲᠠᠷᠢᠶᠠᠯᠠᠬᠤ ᠣᠷᠣᠨ ᠨᠢ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠪᠣᠳᠤᠯᠬᠢᠯᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      3. ᠭᠡᠷ ᠪᠦᠯᠢ ᠶᠢᠨ ᠬᠢᠨ ᠤ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠳᠤ ᠲᠡᠮᠵᠢᠯᠬᠡ ᠦᠵᠡᠬᠦᠯᠬᠦ ᠪᠠᠨ ᠴᠢᠩᠭᠠᠳᠬᠠᠨ᠎ᠠ᠃ ᠬᠦᠩᠭᠡᠵᠢᠬᠦ ᠴᠢᠯᠦᠭᠡ᠂ ᠬᠠᠨᠢ ᠨᠦᠬᠦᠷ ᠨᠢ ᠪᠠᠷ᠎ᠠ ᠪᠣᠯᠵᠤ ᠰᠣᠪᠢᠯᠠᠬᠤ ᠴᠢᠯᠦᠬᠡ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠨ᠎ᠡ᠃ ᠬᠦᠮᠦᠨ ᠬᠡᠷᠡᠭᠯᠡᠬᠦ ᠨᠢᠭᠡᠴᠢ ᠶᠢ ᠵᠢᠯᠤᠭᠤᠳᠴᠤ ᠪᠠᠶᠢᠭᠠᠳ ᠨᠡᠩ ᠠᠮᠢᠳᠤᠯᠢᠭ ᠠᠷᠭ᠎ᠠ ᠬᠡᠯᠪᠡᠷᠢ ᠪᠠ ᠠᠷᠭ᠎ᠠ ᠬᠡᠮᠵᠢᠶ᠎ᠡ ᠪᠠᠷ ᠲᠠᠮᠵᠢᠭᠤᠯᠤᠨ ᠭᠡᠷ ᠪᠦᠯᠢ ᠶᠢᠨ ᠬᠢᠨ ᠤ ᠨᠢᠷᠠᠢ ᠨᠢᠯᠬ᠎ᠠ ᠬᠡᠦᠬᠡᠳ ᠢᠶᠠᠨ ᠰᠠᠭᠠᠲᠠᠭᠤᠯᠤᠨ ᠠᠰᠠᠷᠠᠬᠤ ᠳᠤ ᠳᠦᠭᠦᠮ ᠳᠦᠳᠡ ᠨᠦᠬᠦᠴᠡᠯ ᠡᠭᠦᠳᠴᠦ ᠥᠭᠭᠦᠨ᠎ᠡ᠃ ᠠᠵᠢᠯ ᠪᠤᠶᠤ ᠦᠢᠯᠡᠳᠪᠦᠷᠢᠯᠡᠯ ᠠᠴᠠ ᠪᠠᠨ ᠰᠠᠯᠵᠤ ᠨᠢᠷᠠᠢ ᠨᠢᠯᠬ᠎ᠠ ᠬᠡᠦᠬᠡᠳ ᠢᠶᠠᠨ ᠰᠠᠭᠠᠲᠠᠭᠤᠯᠤᠨ ᠠᠰᠠᠷᠠᠵᠦ ᠪᠠᠶᠢᠭ᠎ᠠ ᠡᠴᠢᠬᠡ ᠡᠬᠡ ᠨᠠᠷ ᠤᠨ ᠠᠵᠢᠯ ᠤᠨ ᠪᠠᠶᠢᠷᠢ ᠳᠤ ᠪᠠᠨ ᠪᠤᠴᠠᠬᠤ ᠶᠢ ᠳᠡᠮᠵᠢᠵᠦ᠂ ᠲᠡᠳᠡᠨᠦᠰ ᠲᠤ ᠮᠡᠳᠡᠭᠡ ᠵᠠᠩᠭᠢ ᠶᠢᠨ ᠦᠢᠯᠡᠴᠢᠯᠡᠭᠡ᠂ ᠠᠵᠢᠯ ᠣᠯᠭᠤᠯᠲᠠ ᠶᠢᠨ ᠵᠢᠯᠤᠭᠤᠳᠤᠯᠭ᠎ᠠ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ᠂ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠰᠢᠯᠭᠠᠨ ᠬᠢᠨᠠᠬᠤ ᠦᠢᠯᠡᠴᠢᠯᠡᠭᠡ ᠶᠢ ᠬᠠᠩᠭᠠᠨ᠎ᠠ᠃ ᠡᠷᠦᠬᠡ ᠳᠤ ᠣᠷᠤᠵᠤ ᠵᠢᠯᠤᠭᠤᠳᠬᠤ᠂ ᠭᠡᠷ ᠪᠦᠯᠢ ᠶᠢᠨ ᠬᠢᠴᠢᠶᠡᠯ ᠤᠨ ᠲᠠᠩᠬᠢᠮ᠂ ︽ᠢᠨᠲ᠋ᠧᠷ ᠰᠦᠯᠵᠢᠶ᠎ᠡ +︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠡᠷ ᠤᠨ ᠠᠬᠠᠮᠠᠳ ᠲᠤ ᠰᠢᠨᠵᠢᠯᠡᠬᠦ ᠤᠬᠠᠭᠠᠨᠴᠢ ᠪᠠᠷ ᠰᠠᠭᠠᠲᠠᠭᠤᠯᠤᠨ ᠠᠰᠠᠷᠠᠬᠤ ᠵᠢᠯᠤᠭᠤᠳᠤᠯᠭ᠎ᠠ ᠶᠢ ᠬᠠᠩᠭᠠᠨ᠎ᠠ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠪᠠ ᠡᠬᠡ ᠨᠢᠯᠬ᠎ᠠ ᠶᠢᠨ ᠡᠷᠡᠭᠦᠯᠵᠢᠯ ᠢ ᠬᠠᠮᠠᠭᠠᠯᠠᠬᠤ ᠦᠢᠯᠡᠴᠢᠯᠡᠭᠡᠨ ᠤ ᠠᠵᠢᠯ ᠢ ᠦᠨᠡᠨ ᠬᠦ ᠰᠠᠶᠢᠲᠤᠷ ᠬᠢᠵᠦ᠂ ᠨᠢᠷᠠᠢ ᠨᠢᠯᠬ᠎ᠠ ᠬᠡᠦᠬᠡᠳ ᠲᠠᠢ ᠭᠡᠷ ᠪᠦᠯᠢ ᠳᠤ ᠨᠢᠯᠬ᠎ᠠ ᠬᠡᠦᠬᠡᠳ ᠤᠨ ᠪᠠᠶᠢᠳᠠᠯ ᠢ ᠤᠶᠢᠯᠠᠭᠠᠨ ᠦᠵᠡᠬᠦ᠂ ᠬᠤᠭᠤᠯᠠ ᠤᠮᠳᠠ ᠶᠢᠨ ᠰᠢᠮ᠎ᠡ ᠲᠡᠵᠢᠭᠡᠯ᠂ ᠦᠰᠦᠯᠲᠡ ᠪᠤᠶᠢᠵᠢᠯᠲᠠ᠂ ᠰᠡᠷᠭᠡᠶᠢᠯᠡᠬᠦ ᠲᠠᠷᠢᠯᠭ᠎ᠠ ᠲᠠᠷᠢᠬᠤ᠂ ᠠᠮᠤᠷ ᠲᠦᠪᠰᠢᠨ ᠤ ᠬᠠᠮᠠᠭᠠᠯᠠᠯᠲᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠦᠢᠯᠡᠴᠢᠯᠡᠭᠡ ᠦᠷᠨᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠦᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠬᠤᠶᠠᠷ︶ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠣᠯᠠᠨ ᠵᠦᠢᠯ ᠤᠨ ᠬᠡᠯᠪᠡᠷᠢ ᠶᠢᠨ ᠪᠠᠶᠢᠭᠤᠯᠤᠮᠵᠢ ᠶᠢ ᠵᠢᠷᠤᠮᠵᠢᠭᠤᠯᠤᠨ ᠬᠥᠭᠵᠢᠭᠦᠯᠦᠨ᠎ᠡ᠃      4. ᠣᠯᠠᠨ ᠵᠦᠢᠯ ᠤᠨ ᠬᠡᠯᠪᠡᠷᠢ ᠶᠢᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠶᠢ ᠦᠷᠨᠢᠭᠦᠯᠦᠨ᠎ᠡ᠃ ᠭᠤᠷᠪᠠᠨ ᠨᠠᠰᠤᠨ ᠠᠴᠠ ᠳᠤᠷᠤᠭᠰᠢᠬᠢ ᠨᠢᠷᠠᠢ ᠨᠢᠯᠬ᠎ᠠ ᠬᠡᠦᠬᠡᠳ ᠲᠠᠢ ᠭᠡᠷ ᠪᠦᠯᠢ ᠶᠢᠨ ᠪᠤᠲᠠᠲᠠᠢ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ᠂ ᠪᠦᠬᠦᠯᠢ ᠡᠳᠦᠷ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠦᠷᠢᠮᠳᠦ᠂ ᠬᠠᠭᠠᠰ ᠡᠳᠦᠷ ᠢᠶᠠᠷ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠦᠷᠢᠮᠳᠦ ᠪᠤᠶᠤ ᠴᠠᠭ ᠢᠶᠠᠷ ᠬᠡᠮᠵᠢᠨ ᠪᠤᠳᠤᠵᠦ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠦᠷᠢᠮᠳᠦ ᠦᠢᠯᠡᠴᠢᠯᠡᠭᠡ ᠶᠢ ᠬᠠᠩᠭᠠᠵᠦ ᠪᠤᠯᠬᠤᠶᠢᠴᠠ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠬᠥᠭᠵᠢᠯᠲᠡ ᠶᠢ ᠤᠷᠢᠳ ᠢᠶᠠᠷ ᠳᠡᠮᠵᠢᠨ᠎ᠡ᠃ ᠬᠦᠮᠦᠨ ᠬᠡᠷᠡᠭᠯᠡᠬᠦ ᠨᠢᠭᠡᠴᠢ ᠲᠤᠰᠠᠭᠠᠷ ᠢᠶᠠᠨ ᠪᠤᠶᠤ ᠪᠤᠰᠤᠳ ᠨᠢᠭᠡᠴᠢ ᠲᠠᠢ ᠬᠤᠯᠪᠣᠭᠠᠯᠠᠨ ᠠᠵᠢᠯ ᠤᠨ ᠲᠠᠯᠠᠪᠤᠷ ᠭᠠᠵᠠᠷ ᠲᠤ ᠠᠵᠢᠯᠲᠠᠨ ᠠᠵᠢᠯᠴᠢᠨ ᠳᠤ ᠪᠠᠨ ᠠᠰᠠᠷᠠᠮᠵᠢ ᠶᠢᠨ ᠴᠢᠨᠠᠷᠲᠠᠢ ᠪᠠᠷ ᠬᠡᠦᠬᠡᠳ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯ ᠤᠯᠤᠭᠰᠠᠳ ᠲᠦᠪᠯᠡᠷᠡᠭᠰᠡᠨ ᠠᠵᠤ ᠦᠢᠯᠡᠰ ᠤᠨ ᠪᠦᠬᠡᠮᠨᠡᠷᠡᠯ ᠤᠨ ᠣᠷᠣᠨ ᠪᠦᠰᠡ᠂ ᠬᠦᠮᠦᠨ ᠬᠡᠷᠡᠭᠯᠡᠬᠦ ᠨᠢᠭᠡᠴᠢ ᠠᠰᠠᠷᠠᠨ ᠬᠦᠮᠦᠵᠢᠭᠦᠯᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠵᠣᠷᠢᠬᠵᠢᠭᠤᠯᠤᠨ᠎ᠠ᠃ ᠨᠦᠬᠦᠴᠡᠯ ᠲᠠᠢ ᠬᠡᠦᠬᠡᠳ ᠤᠨ ᠴᠡᠴᠡᠷᠯᠢᠭ ᠤᠨ ᠤᠳᠤ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠭᠯᠠᠵᠤ᠂ ᠬᠡᠪᠴᠢᠶ᠎ᠡ ᠪᠠᠨ ᠥᠷᠭᠡᠳᠭᠡᠵᠦ᠂ ᠬᠡᠦᠬᠡᠳ ᠨᠠᠶᠢᠳᠠᠵᠦ ᠰᠠᠭᠠᠳᠠᠭᠤᠯᠤᠨ ᠭᠦᠮᠦᠵᠢᠬᠦᠯᠬᠦ ᠠᠩᠭᠢ ᠡᠷᠬᠢᠯᠡᠨ ᠨᠡᠭᠡᠭᠡᠵᠦ᠂ 2 — 3 ᠨᠠᠰᠤᠨ ᠤ ᠨᠢᠯᠬ᠎ᠠ ᠬᠡᠦᠬᠡᠳ ᠡᠯᠰᠡᠬᠦ ᠶᠢ ᠵᠣᠷᠢᠬᠵᠢᠭᠤᠯᠤᠨ᠎ᠠ᠃ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠭᠡᠷᠡᠴᠢᠯᠡᠵᠦ ᠥᠷᠭᠡᠳᠭᠡᠨ ᠪᠠᠶᠢᠭᠤᠯᠬᠤ ᠪᠠᠷ ᠳᠠᠮᠵᠢᠭᠤᠯᠵᠤ᠂ ᠬᠡᠦᠬᠡᠳ ᠨᠠᠶᠢᠳᠠᠵᠦ ᠰᠠᠭᠠᠳᠠᠭᠤᠯᠤᠨ ᠭᠦᠮᠦᠵᠢᠬᠦᠯᠬᠦ ᠠᠩᠭᠢ ᠶᠢᠨ ᠡᠬᠢ ᠪᠠᠶᠠᠯᠢᠭ ᠤᠨ ᠬᠠᠩᠭᠠᠯᠭ᠎ᠠ ᠪᠠᠨ ᠨᠡᠮᠡᠭᠳᠡᠭᠦᠯᠬᠦ ᠶᠢ ᠵᠣᠷᠢᠬᠵᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠥᠷᠭᠡᠳᠭᠡᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠦᠪᠯᠡᠯ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠭᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      5. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯ ᠢ ᠴᠢᠩᠭᠠᠳᠬᠠᠨ᠎ᠠ᠃ ᠬᠡᠦᠬᠡᠳ ᠠᠰᠠᠷᠠᠬᠤ ᠪᠠᠷ ᠭᠤᠣᠯ ᠪᠣᠯᠭᠠᠵᠤ᠂ ᠬᠡᠤᠬᠡᠳ ᠬᠦᠮᠦᠵᠢᠭᠦᠯᠬᠦ ᠲᠠᠢ ᠤᠶᠠᠯᠳᠤᠭᠤᠯᠬᠤ ᠴᠢᠭᠯᠡᠯᠲᠡ ᠶᠢ ᠬᠢᠨᠠᠮᠠᠭᠠᠢ ᠲᠤᠭᠤᠰᠢᠯᠠᠭᠤᠯᠵᠤ᠂ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠬᠢᠵᠠᠭᠠᠷᠯᠠᠵᠤ᠂ ᠦᠷᠭᠦᠯᠵᠢ ᠲᠤᠬᠢᠶᠠᠯᠳᠤᠬᠤ ᠡᠪᠡᠳᠴᠢᠨ ᠡᠭᠦᠰᠬᠦ ᠨᠤᠷᠮ᠎ᠠ ᠶᠢ ᠪᠠᠭᠤᠷᠠᠭᠤᠯᠤᠨ᠂ ᠨᠢᠷᠠᠢ ᠨᠢᠯᠬ᠎ᠠ ᠬᠡᠦᠬᠡᠳ ᠤᠨ ᠪᠡᠶ᠎ᠡ ᠰᠡᠳᠬᠢᠴᠡ ᠶᠢᠨ ᠡᠷᠡᠭᠦᠯ ᠢ ᠪᠠᠲᠤᠯᠠᠵᠤ᠂ ᠨᠢᠷᠠᠢ ᠨᠢᠯᠬ᠎ᠠ ᠬᠡᠦᠬᠡᠳ ᠤᠨ ᠦᠰᠦᠯᠲᠡ ᠪᠤᠶᠢᠵᠢᠯᠲᠠ᠂ ᠭᠦᠳᠡᠯᠦᠯ ᠪᠠᠷᠢᠯ᠂ ᠦᠭᠡ ᠬᠡᠯᠡ᠂ ᠲᠠᠨᠢᠨ ᠮᠡᠳᠡᠭᠦᠢ᠂ ᠬᠠᠶᠢᠷ᠎ᠠ ᠰᠡᠳᠬᠢᠯᠬᠡ ᠬᠢᠭᠡᠳ ᠨᠡᠶᠢᠭᠡᠮᠴᠢ ᠴᠢᠨᠠᠷ ᠤᠨ ᠲᠠᠯ᠎ᠠ ᠳᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠳᠠᠬᠢ ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ᠂ ᠠᠰᠠᠭᠤᠨ ᠯᠠᠪᠯᠠᠬᠤ ᠦᠢᠯᠡᠴᠢᠯᠡᠭᠡ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠬᠠᠷᠢᠭᠤᠴᠠᠨ᠎ᠠ︶      ︵ᠭᠤᠷᠪᠠ︶ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      6. ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠪᠦᠷᠢᠳᠭᠡᠨ ᠳᠠᠩᠰᠠᠯᠠᠬᠤ ᠪᠠ ᠳᠠᠩᠰᠠᠯᠠᠨ ᠲᠡᠮᠲᠡᠭᠯᠡᠬᠦ ᠳᠦᠷᠢᠮ ᠢ ᠬᠡᠷᠡᠭᠵᠢᠭᠦᠯᠦᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠤᠷᠤᠯᠭ᠎ᠠ ᠦᠯᠦ ᠤᠯᠬᠤ ᠪᠠᠶᠢᠭᠤᠯᠤᠮᠵᠢ ᠡᠷᠬᠢᠯᠡᠬᠦ ᠭᠡᠪᠡᠯ᠂ ᠪᠠᠶᠢᠭᠤᠯᠤᠮᠵᠢ ᠡᠷᠬᠢᠯᠡᠬᠦ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠦᠴᠢᠷ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠳᠠᠩᠰᠠᠯᠠᠭᠤᠯᠤᠨ ᠲᠡᠮᠲᠡᠭᠯᠡᠭᠦᠯᠦᠨ᠎ᠡ︔ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠤᠷᠤᠯᠭ᠎ᠠ ᠤᠯᠬᠤ ᠪᠠᠶᠢᠭᠤᠯᠤᠮᠵᠢ ᠡᠷᠬᠢᠯᠡᠬᠦ ᠭᠡᠪᠡᠯ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠡᠷᠬᠢᠯᠡᠬᠦ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠳᠠᠩᠰᠠᠯᠠᠭᠤᠯᠤᠨ ᠲᠡᠮᠲᠡᠭᠯᠡᠭᠦᠯᠦᠨ᠎ᠡ᠃ ᠨᠢᠷᠠᠢ ᠨᠢᠯᠬ᠎ᠠ ᠬᠡᠦᠬᠡᠳ ᠢ ᠰᠠᠭᠠᠳᠠᠭᠤᠯᠤᠨ ᠠᠰᠠᠷᠠᠬᠤ ᠪᠠᠶᠢᠭᠤᠯᠤᠮᠵᠢ ᠨᠢ ᠬᠠᠷᠭᠤᠭᠤᠯᠤᠨ ᠵᠦᠪᠰᠢᠶᠡᠷᠡᠭᠦᠯᠵᠦ ᠲᠡᠮᠲᠡᠭᠯᠡᠭᠦᠯᠦᠭᠰᠡᠨ ᠤ ᠳᠠᠷᠠᠭ᠎ᠠ᠂ ᠲᠣᠬᠠᠢ ᠶᠢᠨ ᠭᠠᠵᠠᠷ ᠣᠷᠣᠨ ᠤ ᠪᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠲᠤ ᠴᠠᠭ ᠲᠣᠬᠠᠢ ᠳᠤ ᠨᠢ ᠪᠦᠷᠢᠳᠭᠡᠨ ᠳᠠᠩᠰᠠᠯᠠᠭᠤᠯᠬᠤ ᠬᠡᠷᠡᠭᠲᠡᠢ᠃ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠨᠢ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠪᠦᠷᠢᠳᠬᠡᠨ ᠲᠠᠩᠰᠠᠯᠠᠭᠤᠯᠤᠭᠰᠠᠨ ᠮᠡᠳᠡᠭᠡ ᠵᠠᠩᠭᠢ ᠶᠢ ᠴᠠᠭ ᠲᠣᠬᠠᠢ ᠳᠤ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠲᠤ ᠬᠦᠷᠭᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      7. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠠᠵᠢᠯ ᠮᠡᠷᠭᠡᠵᠢᠯ ᠤᠨ ᠬᠢᠷᠢ ᠭᠡᠮ ᠤᠨ ᠵᠥᠪᠰᠢᠶᠡᠷᠡᠨ ᠣᠷᠤᠭᠤᠯᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠲᠦᠷᠦᠯ ᠤᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠨᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠦᠷᠨᠢᠭᠦᠯᠬᠦ ᠳᠤ ᠪᠠᠨ ᠡᠷᠬᠡᠪᠰᠢ ᠤᠯᠤᠰ ᠤᠨ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠵᠢᠷᠤᠮᠵᠢᠯ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠢ᠃ ᠬᠡᠪᠴᠢᠶᠡᠵᠢᠯ ᠢᠶᠠᠨ ᠦᠨᠳᠦᠰᠦᠯᠡᠵᠦ᠂ ᠶᠡᠷᠦᠩᠬᠡᠶᠢᠯᠡᠨ ᠬᠠᠮᠢᠶᠠᠷᠬᠤ᠂ ᠬᠡᠤᠬᠡᠳ ᠰᠠᠭᠠᠲᠠᠭᠤᠯᠤᠨ ᠠᠰᠠᠷᠠᠬᠤ᠂ ᠡᠷᠡᠭᠦᠯ ᠬᠠᠮᠠᠭᠠᠯᠠᠯ ᠡᠷᠡᠭᠦᠯᠵᠢᠯ᠂ ᠠᠮᠦᠷ ᠲᠥᠪᠰᠢᠨ ᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠢ ᠪᠠᠲᠤᠯᠠᠬᠤ ᠵᠡᠷᠭᠡ ᠲᠠᠯ᠎ᠠ ᠶᠢᠨ ᠠᠵᠢᠯᠲᠠᠳ ᠢ ᠲᠣᠬᠢᠷᠠᠭᠤᠯᠤᠨ᠎ᠠ᠃ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠠᠵᠢᠯ ᠬᠢᠭᠰᠡᠳ ᠨᠢ ᠢᠷᠭᠡᠨ ᠤ ᠬᠡᠷᠡᠭ ᠤᠨ ᠪᠦᠷᠢᠨ ᠠᠵᠢᠯᠯᠠᠭᠠᠨ ᠤ ᠴᠢᠳᠠᠪᠤᠷᠢ ᠲᠠᠢ ᠪᠦᠭᠡᠳ ᠬᠠᠮᠢᠶ᠎ᠠ ᠪᠦᠬᠦᠢ ᠠᠵᠢᠯ ᠬᠢᠬᠦ ᠨᠦᠬᠦᠴᠡᠯ ᠪᠠ ᠬᠢᠷᠢ ᠭᠡᠮ ᠳᠤ ᠨᠡᠶᠢᠴᠡᠭᠰᠡᠨ ᠪᠠᠶᠢᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠠᠷᠠᠳ ᠤᠨ ᠶᠠᠪᠤᠳᠠᠯ ᠤᠨ ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠬᠠᠷᠢᠭᠤᠴᠠᠨ᠎ᠠ︶      8. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠲᠠᠯ᠎ᠠ ᠳᠤ ᠴᠢᠩᠭ᠎ᠠ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠳᠤ ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠪᠦᠷᠢᠳᠭᠡᠨ ᠳᠠᠩᠰᠠᠯᠠᠬᠤ ᠪᠠ ᠳᠠᠩᠰᠠᠯᠠᠨ ᠲᠡᠮᠲᠡᠭᠯᠡᠬᠦ ᠳᠦᠷᠢᠮ᠂ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠳᠦᠷᠢᠮ ᠪᠠ ᠶᠠᠰᠤ ᠴᠢᠨᠠᠷ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠳᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠦᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠬᠡᠷᠡᠭᠲᠡᠢ᠃ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢᠴᠢᠯᠠᠯᠲᠠ ᠶᠢᠨ ᠠᠷᠭ᠎ᠠ ᠠᠪᠴᠠᠯ ᠢ ᠬᠡᠷᠡᠭᠯᠡᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠦᠮᠦᠵᠢᠯ ᠤᠨ ᠲᠢᠩᠭᠢᠮ᠂ ᠠᠷᠠᠳ ᠤᠨ ᠶᠠᠪᠤᠳᠠᠯ ᠤᠨ ᠲᠢᠩᠭᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      9. ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠯ᠎ᠡ ᠲᠦᠷᠦᠯ ᠤᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠨᠢ ᠨᠢᠷᠠᠢ ᠨᠢᠯᠬ᠎ᠠ ᠬᠡᠦᠬᠡᠳ ᠤᠨ ᠠᠮᠦᠷ ᠲᠥᠪᠰᠢᠨ ᠤ ᠲᠠᠯ᠎ᠠ ᠳᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠡᠭᠦᠷᠬᠡᠯᠡᠨ᠂ ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ᠂ ᠵᠣᠬᠢᠬᠤ ᠠᠮᠦᠷ ᠲᠥᠪᠰᠢᠨ ᠤ ᠪᠡᠯᠡᠳᠭᠡᠮᠵᠢ ᠲᠣᠬᠢᠷᠠᠭᠤᠯᠤᠨ᠂ ᠰᠤᠷᠭᠠᠭᠤᠯᠢ ᠶᠢᠨ ᠠᠮᠦᠷ ᠲᠥᠪᠰᠢᠨ ᠤ ᠲᠣᠬᠠᠢ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠃ ᠰᠠᠭᠠᠲᠠᠭᠤᠯᠤᠨ ᠠᠰᠠᠷᠠᠬᠤ ᠦᠢᠯᠡᠴᠢᠯᠡᠭᠡ᠂ ᠠᠮᠦᠷ ᠲᠥᠪᠰᠢᠨ ᠢ ᠬᠠᠮᠠᠭᠠᠯᠠᠬᠤ ᠵᠡᠷᠭᠡ ᠬᠢᠨᠠᠨ ᠡᠵᠡᠮᠰᠢᠬᠦ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ᠂ ᠬᠠᠯᠳᠠᠪᠤᠷᠢᠲᠤ ᠡᠪᠡᠳᠴᠢᠨ᠂ ᠢᠳᠡᠭᠡᠨ ᠳᠤ ᠬᠤᠣᠷᠳᠠᠭᠳᠠᠬᠤ᠂ ᠬᠢᠰᠬᠢᠯᠡᠬᠦ᠂ ᠭᠠᠯ ᠤᠨ ᠠᠶᠤᠯ᠂ ᠬᠦᠴᠦᠷᠬᠡᠭᠯᠡᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠲᠠᠭᠠᠨ᠂ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠠᠮᠦᠷ ᠲᠥᠪᠰᠢᠨ ᠤ ᠬᠦᠮᠦᠵᠢᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ ᠬᠡᠷᠡᠭᠲᠡᠢ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠬᠤᠳᠠᠯᠳᠤᠭᠠᠨ ᠤ ᠳᠠᠭᠠᠳᠬᠠᠯ ᠢ ᠪᠠᠶᠢᠭᠤᠯᠤᠨ ᠪᠦᠷᠢᠨᠰᠢᠭᠦᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠳᠠᠭᠠᠳᠬᠠᠯ ᠲᠠᠭᠠᠳᠬᠠᠭᠤᠯᠵᠦ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠭᠡᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠵᠢᠴᠢ ᠠᠵᠢᠯᠲᠠᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠣᠷᠤᠭᠤᠯᠵᠤ᠂ ᠢᠳᠡᠬᠡᠯ ᠵᠢᠷᠤᠮᠯᠠᠭᠰᠠᠳ ᠢ ᠬᠤᠯᠪᠤᠭᠠᠯᠠᠨ ᠤᠷᠮᠠᠰᠢᠭᠤᠯᠬᠤ ᠪᠠ ᠢᠳᠡᠬᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠭᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠭᠢᠮ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠳᠥᠷᠪᠡ︶ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠠᠵᠢᠯ ᠤᠨ ᠬᠥᠭᠵᠢᠯᠲᠡ ᠳᠤ ᠠᠰᠢᠭᠲᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃      10. ᠬᠠᠷᠠᠭᠠᠯᠵᠠᠯ ᠤᠨ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢᠨ ᠬᠡᠷᠡᠭᠯᠡᠬᠦ ᠴᠠᠬᠢᠯᠭᠠᠨ᠂ ᠤᠰᠤ᠂ ᠬᠡᠢ᠂ ᠲᠤᠯᠠᠭᠠᠯᠠᠭ᠎ᠠ ᠶᠢ ᠰᠠᠭᠤᠭᠠᠯᠢ ᠠᠷᠠᠳ ᠤᠨ ᠠᠮᠢᠳᠤᠷᠠᠯ ᠤᠨ ᠲᠦᠷᠦᠯ ᠤᠨ ᠦᠨ᠎ᠡ ᠬᠠᠩᠰᠢ ᠪᠠᠷ ᠬᠡᠷᠡᠭᠵᠢᠭᠦᠯᠦᠨ᠎ᠡ᠃ ᠤᠳᠤ ᠶᠢᠨ ᠪᠠᠶᠢᠭ᠎ᠠ ᠪᠡᠯᠡ ᠮᠦᠩᠭᠦ ᠪᠠ ᠲᠥᠷᠥ ᠶᠢᠨ ᠪᠣᠳᠣᠯᠭ᠎ᠠ ᠶᠢᠨ ᠠᠷᠭ᠎ᠠ ᠵᠠᠮ ᠢ ᠠᠰᠢᠭᠯᠠᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠠᠵᠢᠯ ᠲᠦᠷᠦᠯ ᠤᠨ ᠬᠥᠭᠵᠢᠯᠲᠡ ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠪᠠᠶᠢᠭᠤᠯᠤᠮᠵᠢ ᠶᠢ ᠬᠡᠦᠬᠡᠳ ᠤᠨ ᠰᠠᠯᠠᠭ᠎ᠠ ᠵᠡᠷᠭᠡ ᠬᠠᠮᠢᠶ᠎ᠠ ᠪᠦᠬᠦᠢ ᠡᠮᠴᠢ ᠰᠤᠪᠢᠯᠠᠭᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠴᠡᠭ ᠲᠣᠭᠲᠠᠭᠠᠭᠰᠠᠨ ᠨᠢᠭᠡᠴᠢ ᠪᠣᠯᠭᠠᠵᠤ ᠪᠣᠯᠬᠤ ᠪᠦᠭᠡᠳ ᠦᠢᠯᠡᠴᠢᠯᠡᠬᠦ ᠴᠠᠭ ᠢ ᠨᠢ ᠦᠨᠳᠦᠰᠦᠨ ᠱᠠᠲᠤᠨ ᠳᠤ ᠦᠢᠯᠡᠴᠢᠯᠡᠭᠰᠡᠨ ᠴᠠᠭ ᠢᠶᠠᠷ ᠪᠣᠳᠤᠵᠤ᠂ ᠡᠮᠴᠢ ᠰᠣᠪᠢᠯᠠᠭᠴᠢ ᠨᠠᠷ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠭᠤᠶᠤᠴᠢᠯᠠᠬᠤ ᠳᠤ ᠬᠤᠪᠢ ᠣᠯᠭᠤᠬᠤ ᠨᠦᠬᠦᠴᠡᠯ ᠪᠣᠯᠭᠠᠨ ᠬᠡᠷᠡᠭᠯᠡᠵᠦ ᠪᠣᠯᠣᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠭᠢᠮ᠂ ᠡᠳ᠋ ᠤᠨ ᠵᠠᠰᠠᠭ ᠤᠨ ᠲᠢᠩᠭᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      11. ᠭᠠᠵᠠᠷ ᠰᠢᠷᠤᠢ ᠶᠢ ᠤᠷᠢᠳ ᠢᠶᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠᠶᠢᠭᠤᠯᠤᠮᠵᠢ ᠪᠠ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠤᠢ ᠠᠰᠢᠭᠯᠠᠬᠤ ᠶᠡᠷᠦᠩᠬᠡᠢ ᠲᠦᠯᠦᠪᠵᠢᠭᠦᠯᠭᠡ᠂ ᠬᠤᠲᠠ ᠬᠦᠳᠡᠭᠡ ᠶᠢᠨ ᠲᠦᠯᠦᠪᠵᠢᠭᠦᠯᠭᠡ ᠪᠣᠯᠣᠨ ᠭᠠᠵᠠᠷ ᠬᠡᠷᠡᠭᠯᠡᠬᠦ ᠣᠨ ᠤ ᠲᠦᠯᠦᠪᠯᠡᠭᠡ ᠳᠤ ᠣᠷᠤᠭᠤᠯᠬᠤ ᠶᠢᠨ ᠬᠠᠮᠲᠤ ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠰᠤᠷᠭᠠᠨ ᠬᠦᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠠᠰᠠᠷᠠᠮᠵᠢ ᠵᠡᠷᠭᠡ ᠭᠠᠵᠠᠷ ᠰᠢᠷᠤᠢ ᠶᠢᠨ ᠲᠦᠷᠦᠯ ᠢᠯᠭᠠᠯ ᠢ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠦᠢᠯᠡᠴᠢᠯᠡᠭᠡ ᠶᠢ ᠭᠦᠭᠵᠢᠬᠦᠯᠬᠦ ᠳᠤ ᠬᠡᠷᠡᠭᠯᠡᠬᠦ ᠶᠢ ᠵᠥᠪᠰᠢᠶᠡᠷᠡᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠭᠦᠢᠴᠡᠳᠭᠡᠯ ᠲᠤᠭ᠎ᠠ᠂ ᠰᠢᠨ᠎ᠡ ᠪᠠᠷ ᠨᠡᠮᠡᠭᠳᠡᠭᠰᠡᠨ ᠬᠡᠷᠡᠭᠯᠡᠬᠦ ᠭᠠᠵᠠᠷ ᠤᠨ ᠭᠦᠢᠴᠡᠳᠭᠡᠯ ᠲᠣᠭᠠᠨ ᠤ ᠬᠤᠪᠢᠶᠠᠷᠢᠯᠠᠯᠲᠠ ᠶᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠡᠶᠢᠰᠢ ᠵᠣᠬᠢᠰᠲᠠᠢ ᠬᠡᠯᠪᠠᠶᠢᠯᠬᠡᠬᠦ ᠬᠡᠷᠡᠭᠲᠡᠢ᠃ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠤᠢ ᠪᠤᠶᠤ ᠰᠤᠯᠠ ᠪᠠᠶᠢᠭ᠎ᠠ ᠭᠠᠵᠠᠷ ᠰᠢᠷᠤᠢ ᠶᠢ ᠠᠰᠢᠭᠯᠠᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠪᠡᠯᠡᠳᠭᠡᠮᠵᠢ ᠪᠦᠲᠦᠭᠡᠨ ᠪᠠᠶᠢᠭᠤᠯᠬᠤ ᠶᠢ ᠵᠣᠷᠢᠬᠵᠢᠭᠤᠯᠤᠨ᠎ᠠ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠡᠯᠡᠳᠭᠡᠮᠵᠢ ᠪᠣᠯᠣᠨ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠯ᠎ᠠ ᠪᠠᠷ ᠬᠢ ᠤᠷᠤᠯᠭ᠎ᠠ ᠦᠯᠦ ᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ ︽ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ ᠭᠠᠷᠴᠠᠭ︾ ᠲᠤ ᠨᠡᠶᠢᠴᠡᠵᠦ ᠪᠠᠶᠢᠪᠠᠯ᠂ ᠬᠤᠪᠢᠶᠠᠷᠢᠯᠠᠨ ᠰᠠᠯᠭᠠᠵᠤ ᠥᠭᠬᠦ ᠠᠷᠭ᠎ᠠ ᠬᠡᠯᠪᠡᠷᠢ ᠪᠠᠷ ᠪᠠᠲᠤᠯᠠᠵᠤ ᠪᠣᠯᠣᠨ᠎ᠠ᠃ ︵ᠦᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠬᠠᠷᠢᠭᠤᠴᠠᠨ᠎ᠠ︶      12. ᠡᠩᠨᠡᠭᠡᠨ ᠤ ᠪᠠᠶᠢᠭᠤᠯᠤᠯᠲᠠ ᠪᠠ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠨᠠᠶᠢᠳᠠᠵᠦ ᠰᠠᠭᠠᠳᠠᠭᠤᠯᠤᠨ ᠬᠦᠮᠦᠵᠢᠭᠦᠯᠬᠦ ᠲᠠᠯ᠎ᠠ ᠪᠠᠷ ᠬᠢ ᠴᠢᠳᠠᠪᠤᠷᠢᠲᠠᠨ ᠬᠦᠮᠦᠵᠢᠭᠦᠯᠬᠦ ᠲᠤᠰᠬᠠᠢ ᠮᠡᠷᠭᠡᠵᠢᠯ ᠭᠠᠷᠭᠠᠵᠤ᠂ ᠬᠠᠮᠢᠶ᠎ᠠ ᠪᠦᠬᠦᠢ ᠬᠠᠮᠢᠶᠠᠷᠤᠯᠲᠠ᠂ ᠮᠡᠷᠭᠡᠵᠢᠯ ᠤᠨ ᠤᠷ᠎ᠠ ᠴᠢᠳᠠᠪᠤᠷᠢ ᠲᠠᠢ ᠬᠡᠷᠡᠭᠯᠡᠭᠡᠨ ᠤ ᠴᠢᠳᠠᠪᠤᠷᠢᠲᠠᠨ ᠬᠦᠮᠦᠵᠢᠭᠦᠯᠬᠦ ᠶᠢ ᠠᠬᠢᠭᠤᠯᠤᠨ᠎ᠠ᠃ ᠬᠡᠤᠬᠡᠳ ᠠᠰᠠᠷᠬᠠᠴᠢ᠂ ᠬᠡᠦᠬᠡᠳ ᠦᠰᠬᠡᠨ ᠭᠦᠮᠦᠵᠢᠬᠦᠯᠦᠭᠴᠢ ᠵᠡᠷᠭᠡ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠲᠠᠢ ᠬᠤᠯᠪᠣᠭᠳᠠᠭᠰᠠᠨ ᠠᠵᠢᠯ ᠮᠡᠷᠭᠡᠵᠢᠯ ᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠲᠣᠷᠰᠢᠯᠲᠠ ᠶᠢᠨ ᠴᠡᠭ ᠤᠨ ᠬᠡᠪᠴᠢᠶᠡᠨ ᠳᠤ ᠣᠷᠤᠭᠤᠯᠵᠤ᠂ ᠠᠵᠢᠯ ᠣᠯᠵᠤ ᠦᠢᠯᠡᠰ ᠴᠤᠭᠴᠠᠯᠠᠵᠤ ᠪᠣᠯᠬᠤ ᠬᠠᠮᠤᠭ ᠤᠨ ᠪᠠᠭ᠎ᠠ ᠤᠷ᠎ᠠ ᠴᠢᠳᠠᠪᠤᠷᠢ ᠶᠢᠨ ᠬᠡᠰᠡᠭ ︵ᠮᠣᠲᠦ᠋ᠯ︶ ᠲᠤ ᠲᠤᠰᠬᠠᠢ ᠵᠦᠢᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠯᠲᠠ ᠶᠢ ᠦᠷᠨᠢᠭᠦᠯᠦᠨ᠂ ᠬᠦᠮᠦᠨ ᠬᠡᠷᠡᠭᠯᠡᠬᠦ ᠨᠢᠭᠡᠴᠢ ᠪᠠ ᠬᠤᠯᠪᠣᠭᠳᠠᠯ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠ ᠲᠤᠰᠬᠠᠢ ᠠᠵᠢᠯ ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠯᠲᠠ ᠶᠢ ᠦᠷᠨᠢᠭᠦᠯᠦᠨ᠎ᠡ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠦᠮᠦᠰ ᠢ ᠪᠠᠴᠢᠮ ᠱᠠᠭᠠᠷᠳᠠᠭᠳᠠᠬᠤ ᠠᠵᠢᠯᠲᠠᠨ ᠢᠶᠠᠷ ᠪᠤᠯᠪᠠᠰᠤᠷᠠᠭᠤᠯᠤᠯ ᠤᠨ ᠲᠦᠯᠦᠪᠵᠢᠭᠦᠯᠭᠡ ᠳᠤ ᠣᠷᠤᠭᠤᠯᠵᠤ᠂ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠨᠡᠮᠡᠭᠦᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠨᠡᠮᠡᠭᠦᠷᠢ ᠶᠢ ᠲᠣᠭᠲᠠᠭᠠᠯ ᠶᠤᠰᠤᠭᠠᠷ ᠨᠠᠶᠢᠳᠠᠪᠤᠷᠢᠵᠢᠭᠤᠯᠤᠨ᠎ᠠ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠠᠵᠢᠯ ᠬᠢᠭᠰᠡᠳ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠠᠵᠢᠯ ᠬᠢᠭᠰᠡᠳ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠪᠠᠲᠤᠯᠠᠬᠤ ᠬᠡᠷᠡᠭᠲᠡᠢ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢ ᠴᠢᠩᠭᠠᠳᠬᠠᠬᠤ᠂ ᠪᠦᠷᠢᠳᠭᠡᠵᠦ ᠬᠢᠨᠠᠨ ᠬᠡᠮᠵᠢᠬᠦ ᠵᠡᠷᠭᠡ ᠲᠠᠯ᠎ᠠ ᠪᠠᠷ ᠬᠢ ᠦᠢᠯᠡᠳᠦᠯ ᠢ ᠨᠢ ᠪᠠᠳᠠᠷᠠᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ᠭᠤᠷᠪᠠ᠂ ᠵᠣᠬᠢᠶᠠᠨ ᠪᠠᠶᠢᠭᠤᠯᠵᠤ ᠤᠳᠤᠷᠢᠳᠬᠤ      ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠲᠦᠯᠦᠪᠵᠢᠭᠦᠯᠭᠡ ᠳᠤ ᠣᠷᠤᠭᠤᠯᠵᠤ᠂ ᠡᠯ᠎ᠡ ᠡᠭᠦᠷᠭᠡ ᠴᠢᠳᠠᠪᠤᠷᠢ ᠶᠢᠨ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠨᠢᠷᠠᠢ ᠨᠢᠯᠬ᠎ᠠ ᠬᠡᠦᠬᠡᠳ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠵᠢᠷᠣᠮᠵᠢᠭᠰᠠᠨ ᠬᠦᠭᠵᠢᠯᠲᠡ ᠪᠠ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠳᠤ ᠭᠤᠣᠯ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠲᠤᠭᠤᠰᠢᠳᠠᠢ ᠭᠦᠢᠴᠡᠳᠬᠡᠭᠰᠡᠨ ᠦᠬᠡᠢ᠂ ᠠᠮᠦᠷ ᠲᠥᠪᠰᠢᠨ ᠤ ᠠᠳᠡᠯ ᠬᠡᠷᠡᠭ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠃      ︵ᠬᠤᠶᠠᠷ︶ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠢ᠃ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢᠨ ᠠᠵᠢᠯ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠠᠴᠠ ᠲᠦᠷᠦᠭᠦᠯᠡᠨ ᠬᠢᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ ᠨᠢ ᠲᠦᠷᠦᠭᠦᠯᠡᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠺᠤᠮᠢᠰ ᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠰᠤᠳᠤᠯᠭᠠᠨ᠂ ᠠᠰᠠᠭᠤᠨ ᠯᠠᠪᠯᠠᠬᠤ᠂ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭᠠᠨ ᠢ ᠦᠷᠨᠢᠭᠦᠯᠵᠦ᠂ ᠳᠠᠶᠢᠴᠢᠯᠠᠬᠤ ᠦᠢᠯᠡᠳᠦᠯ ᠲᠠᠢ᠂ ᠵᠣᠬᠢᠬᠤ ᠵᠢᠯᠤᠭᠤᠳᠬᠤ ᠴᠢᠳᠠᠮᠵᠢ ᠶᠢ ᠡᠭᠦᠷᠭᠡᠯᠡᠵᠦ ᠪᠦᠬᠦᠢ ᠨᠢᠭᠡ ᠪᠦᠯᠦᠭ ᠵᠢᠱᠢᠶ᠎ᠡ ᠦᠵᠡᠭᠦᠯᠬᠦ ᠨᠢᠭᠡᠴᠢ ᠶᠢ ᠪᠠᠶᠢᠭᠤᠯᠵᠤ᠂ ᠨᠢᠷᠠᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠦᠬᠦᠯᠢ ᠴᠤᠭᠴᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                                     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ