ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠤᠷᠤᠯᠴᠠᠬᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠦᠯᠦᠬᠡᠯᠡᠭᠴᠢᠳ ᠪᠡᠭᠡᠵᠢᠩ ᠳᠤ ᠬᠦᠷᠪᠡ
ᠨᠡᠶᠢᠲᠡᠯᠡᠭᠰᠡᠨ ᠴᠠᠭ᠄
2020/5/21
     5 ᠰᠠᠷ᠎ᠠ ᠶᠢᠨ 20᠎ ᠤ ᠦᠳᠡ ᠶᠢᠨ ᠡᠮᠦᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠤᠷᠤᠯᠴᠠᠬᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠦᠯᠦᠬᠡᠯᠡᠭᠴᠢᠳ ᠬᠦᠬᠡᠬᠤᠳᠠ ᠠᠴᠠ ᠮᠤᠷᠳᠠᠵᠦ᠂ G2408 ᠲᠦᠷᠭᠡᠨ ᠤ ᠭᠠᠯᠳᠤ ᠲᠡᠷᠭᠡ ᠪᠠᠷ ᠪᠡᠭᠡᠵᠢᠩ ᠳᠤ ᠬᠦᠷᠴᠤ᠂ ᠶᠡᠭᠡ ᠬᠤᠷᠠᠯ ᠳᠤ ᠨᠡᠷ᠎ᠠ ᠮᠡᠳᠡᠭᠦᠯᠪᠠ᠃      ᠶᠡᠷᠦᠩᠭᠡᠢ ᠱᠦᠵᠢ ᠰᠢ ᠶᠢᠨ ᠫᠢᠡᠭ ᠦᠪᠤᠷ ᠮᠤᠩᠭᠤᠯ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠰᠤᠩᠭᠤᠬᠳᠠᠬᠰᠠᠨ ᠠᠴᠠ ᠨᠠᠭᠠᠰᠢ᠂ ᠲᠠᠷᠠᠭᠠᠯᠠᠨ ᠬᠤᠶᠠᠷ ᠵᠢᠯ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠵᠦ᠂ ᠤᠯᠠᠨ ᠲᠠᠢ ᠬᠠᠮᠳᠣ ᠪᠠᠷ ᠲᠦᠷᠦ ᠶᠢᠨ ᠶᠠᠪᠤᠳᠠᠯ ᠢ ᠵᠦᠪᠯᠡᠵᠦ᠂ ᠲᠦᠯᠦᠭᠡᠯᠡᠭᠴᠢᠳ ᠲᠤ ᠮᠠᠰᠢ ᠶᠡᠭᠡ ᠵᠤᠷᠢᠬᠵᠢᠭᠤᠯᠤᠯ ᠪᠤᠯᠵᠠᠢ᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠨᠠᠭᠠᠰᠢ᠂ ᠲᠦᠯᠦᠭᠡᠯᠡᠭᠴᠢᠳ ᠶᠡᠷᠦᠩᠭᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠡᠳᠤ ᠴᠡᠭᠡᠵᠢᠯᠡᠨ᠂ ᠴᠢᠨᠠᠷ ᠰᠠᠶᠢᠳᠠᠢ ᠬᠦᠭᠵᠢᠯᠳᠠ ᠶᠢᠨ ᠡᠮᠦᠨ᠎ᠠ ᠹᠷᠤᠨᠲ ᠲᠤ ᠴᠢᠷᠮᠠᠶᠢᠨ ᠵᠢᠳᠭᠦᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠲᠠᠶᠢᠯᠠᠯᠳᠤᠭᠠᠨ ᠤ ᠲᠠᠯᠠᠪᠤᠷ ᠲᠤ ᠡᠷᠡᠮᠡᠭᠡᠶᠢᠯᠡᠨ ᠲᠡᠮᠡᠴᠡᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠢᠯᠡᠳᠦᠯᠭᠡ ᠳᠤ ᠬᠦᠴᠦᠯᠠᠨ ᠴᠢᠷᠮᠠᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠨᠢᠭᠡᠳᠦᠭᠡᠷ ᠹᠷᠤᠨᠲ ᠲᠤ ᠭᠠᠪᠰᠢᠭᠠᠢᠢᠯᠠᠨ ᠲᠡᠮᠡᠴᠡᠪᠡ᠃ ᠲᠡᠳᠡ ᠦᠨᠳᠤᠰᠤᠨ ᠱᠠᠳᠤᠨ ᠳᠤ ᠬᠦᠨᠵᠡᠭᠡᠶᠢᠷᠡᠨ ᠤᠯᠠᠨ ᠲᠦᠮᠡᠨ ᠤ ᠲᠤᠮᠳᠠ ᠬᠦᠨᠵᠡᠭᠡᠶᠢᠷᠡᠵᠦ᠂ ᠠᠷᠠᠳ ᠲᠦᠮᠡᠨ ᠤ ᠰᠡᠳᠭᠢᠯ ᠤᠨ ᠲᠠᠭᠤᠨ ᠢ ᠰᠤᠨᠤᠰᠴᠤ᠂ ᠠᠷᠠᠳ ᠲᠦᠮᠡᠨ ᠤ ᠪᠣᠳᠣᠯ ᠰᠠᠨᠠᠯ ᠢ ᠣᠢᠢᠯᠠᠭᠠᠨ᠂ ᠠᠷᠠᠳ ᠲᠦᠮᠡᠨ ᠤ ᠤᠶᠤᠨ ᠤᠬᠠᠭᠠᠨ ᠢ ᠲᠦᠪᠯᠡᠷᠡᠭᠦᠯᠵᠦ᠂ ᠠᠷᠠᠳ ᠲᠦᠮᠡᠨ ᠤ ᠬᠦᠴᠦᠨ ᠴᠢᠳᠠᠯ ᠢ ᠨᠢᠭᠳᠠᠷᠠᠭᠤᠯᠤᠨ᠂ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠪᠠᠨ ᠴᠢᠷᠮᠠᠶᠢᠨ ᠲᠡᠭᠡᠭᠰᠢᠯᠡᠭᠦᠯᠵᠦ᠂ ᠴᠢᠨᠠᠷ ᠰᠠᠶᠢᠳᠠᠢ ᠰᠠᠨᠠᠯ ᠵᠦᠪᠯᠡᠯᠭᠡ᠂ ᠰᠠᠨᠠᠯ ᠰᠠᠨᠠᠭᠤᠯᠭ᠎ᠠ ᠪᠠᠨ ᠰᠡᠳᠭᠢᠯ ᠲᠠᠯᠪᠢᠨ ᠪᠡᠯᠡᠳᠭᠡᠵᠡᠭᠡᠪᠡ᠃      ᠹᠸᠡᠭ ᠶᠠᠨ ᠯᠢ ᠲᠦᠯᠦᠭᠡᠯᠡᠭᠴᠢ ᠡᠨᠡ ᠵᠢᠯ ︽ᠵᠢᠯ ᠪᠦᠷᠢ ᠶᠢᠨ 1 ᠰᠠᠷ᠎ᠠ ᠶᠢᠨ 23᠎ ᠤ ᠡᠳᠦᠷ ᠢ ᠤᠯᠤᠰ ᠤᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠡᠳᠦᠷ ᠪᠣᠯᠭᠠᠬᠤ︾ ᠲᠤᠬᠠᠢ ᠰᠠᠨᠠᠭᠤᠯᠭ᠎ᠠ ᠲᠤᠷᠠᠳᠬᠤ ᠪᠠᠷ ᠪᠤᠢ᠃ ᠡᠨᠡ ᠵᠢᠯ ᠤᠨ 1 ᠰᠠᠷ᠎ᠠ ᠶᠢᠨ 23᠎ ᠤ ᠡᠳᠦᠷ᠂ ᠦᠬᠠᠨ ᠬᠤᠳᠠ ᠬᠤᠳᠠ ᠪᠠᠨ ᠪᠢᠳᠡᠭᠦᠮᠵᠢᠯᠠᠵᠦ ᠪᠦᠭᠦ ᠤᠯᠤᠰ ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠲᠠᠶᠢᠯᠠᠯᠳᠣᠭᠠᠨ ᠤ ᠪᠦᠷᠢᠶ᠎ᠠ ᠶᠢ ᠬᠠᠨᠭ᠍ᠭᠢᠨᠠᠭᠤᠯᠬᠤ ᠶᠢᠨ ᠬᠠᠮᠳᠣ ᠰᠢᠢᠳᠪᠤᠷᠢᠯᠡᠭᠴᠢ ᠴᠢᠨᠠᠷᠳᠠᠢ ᠢᠯᠠᠯᠳᠠ ᠤᠯᠪᠠ᠃ ︽ᠡᠨᠡ ᠡᠳᠦᠷ ᠪᠦᠭᠦ ᠠᠷᠠᠳ ᠤᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠲᠠᠢ ᠬᠠᠮᠢᠶ᠎ᠠ ᠪᠦᠭᠦᠢ ᠡᠯ᠎ᠠ ᠵᠦᠢᠯ ᠤᠨ ᠲᠤᠷᠠᠰᠬᠠᠯ ᠤᠨ ᠠᠵᠢᠯᠯᠠᠭ᠎ᠠ ᠦᠷᠨᠢᠭᠦᠯᠵᠦ᠂ ᠬᠦᠮᠦᠰ ᠤᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠭᠦᠯᠬᠦ ᠴᠢᠬᠤᠯᠠᠳᠠᠢ︾ ᠭᠡᠵᠦ ᠹᠸᠡᠭ ᠶᠠᠨ ᠯᠢ ᠬᠡᠯᠡᠨ᠎ᠠ᠃      ᠡᠤ ᠶᠦᠨ ᠪᠦᠸᠧ ᠲᠦᠯᠦᠭᠡᠯᠡᠭᠴᠢ ᠡᠨᠡ ᠵᠢᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠰᠠᠭᠤᠳᠠᠯ ᠢ ᠳᠣᠩ ᠠᠩᠬᠠᠷᠤᠨ ᠬᠠᠯᠠᠮᠵᠢᠯᠠᠵᠦ ᠪᠤᠢ᠃ ︽ᠨᠢᠭᠡ ᠨᠢ ᠮᠠᠯᠵᠢᠬᠤ ᠲᠠᠷᠢᠶᠠᠯᠠᠬᠤ ᠤᠷᠤᠨ ᠤ 60 ᠨᠠᠰᠤᠨ ᠠᠴᠠ ᠲᠡᠭᠡᠭᠰᠢᠭᠢ ᠨᠠᠰᠤᠳᠠᠶᠢᠴᠤᠳ ᠤᠨ ᠨᠠᠰᠤᠵᠢᠯ ᠪᠠ ᠪᠠᠳᠤᠯᠠᠭ᠎ᠠ ᠶᠢᠨ ᠠᠰᠠᠭᠤᠳᠠᠯ᠂ ᠨᠦᠭᠦᠭᠡ ᠨᠢ ᠨᠤᠳᠤᠬ ᠲᠠᠭᠠᠨ ᠪᠤᠴᠠᠨ ᠦᠢᠯᠡᠰ ᠪᠤᠰᠬᠠᠬᠤ ᠤᠶᠤᠳᠠᠳ ᠤᠨ ᠲᠠᠪᠴᠠᠩ ᠪᠠ ᠲᠦᠷᠦ ᠶᠢᠨ ᠪᠤᠳᠤᠯᠭ᠎ᠠ ᠶᠢᠨ ᠠᠰᠠᠭᠤᠳᠠᠯ ᠪᠤᠯᠤᠨ᠎ᠠ︾ ᠭᠡᠵᠦ ᠡᠦ ᠶᠦᠨ ᠪᠦᠸᠧ ᠰᠠᠨᠠᠭᠤᠯᠭ᠎ᠠ ᠪᠠᠨ ᠳᠠᠨᠢᠯᠴᠠᠭᠤᠯᠣᠨ᠎ᠠ᠃ ᠲᠡᠭᠦᠨ ᠤ ᠬᠡᠯᠡᠬᠦ ᠪᠠᠷ᠂ ᠡᠳᠡᠭᠡᠷ ᠪᠤᠯ ᠲᠡᠭᠦᠨ ᠤ ᠠᠶᠢᠯ ᠡᠷᠦᠭᠡ ᠪᠠᠷ ᠬᠦᠨᠵᠡᠭᠡᠶᠢᠷᠡᠬᠦ ᠪᠠ ᠪᠤᠰᠢᠭᠤ ᠭᠠᠷ ᠰᠢᠭᠤᠳ ᠨᠡᠪᠳᠡᠷᠡᠭᠦᠯᠭᠡ ᠶᠢᠨ ᠳᠠᠪᠴᠠᠩ ᠢᠶᠠᠷ ᠳᠠᠮᠵᠢᠨ ᠬᠤᠷᠢᠶᠠᠭᠰᠠᠨ ᠰᠠᠨᠠᠯ ᠪᠣᠯᠣᠨ᠎ᠠ᠂ ᠪᠦᠷ ᠮᠠᠯᠴᠢᠨ ᠲᠠᠷᠢᠶᠠᠴᠢᠳ ᠤᠨ ᠪᠣᠳᠣᠵᠣ ᠰᠠᠨᠠᠵᠣ ᠪᠠᠶᠢᠭ᠎ᠠ ᠵᠦᠢᠯᠡᠰ ᠪᠣᠯᠣᠨ᠎ᠠ᠃      ︽ᠪᠢ ᠡᠨᠡ ᠵᠢᠯ ᠮᠦᠨ ᠬᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠠᠯᠪᠢᠵᠦ ᠪᠠᠶᠢᠨ᠎ᠠ︾ ᠬᠡᠵᠦ ᠰᠦᠸᠧ ᠱᠦ ᠬᠤᠢ ᠲᠦᠯᠦᠬᠡᠯᠡᠭᠴᠢ ᠬᠡᠯᠡᠨ᠎ᠡ᠃ ᠲᠡᠭᠦᠨ ᠤ ᠬᠡᠯᠡᠬᠦ ᠪᠠᠷ᠂ ᠨᠢᠳᠤᠨᠤᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠲᠡᠷᠡ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠭᠤᠷᠢᠨ ᠳᠤ ᠶᠡᠷᠦᠩᠬᠡᠢ ᠱᠦᠵᠢ ᠳᠤ ᠠᠵᠢᠯ ᠢᠶᠠᠨ ᠬᠠᠷᠢᠭᠤ ᠮᠡᠳᠡᠬᠦᠯᠵᠠᠢ᠂ ᠡᠨᠡ ᠤᠳᠠᠭ᠎ᠠ ᠶᠢᠨ ᠶᠡᠭᠡ ᠬᠤᠷᠠᠯ ᠳᠤ ᠲᠡᠷᠡ ︽ᠠᠵᠤ ᠦᠢᠯᠡᠰᠵᠢᠯᠳᠠ ᠳᠠᠬᠢ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠣ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ︔ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠬᠦᠷᠢᠶᠡᠨ ᠳᠠᠬᠢ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠬᠤ︔ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠢᠭᠡᠳ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠡᠮᠬᠢ ᠵᠢᠷᠣᠮ ᠲᠠᠢ ᠵᠤᠯᠭᠠᠭᠤᠯᠬᠤ ᠠᠵᠢᠯ ᠢ ᠰᠠᠶᠢᠳᠤᠷ ᠬᠢᠬᠦ︾ ᠵᠡᠷᠭᠡ ᠭᠤᠷᠪᠠᠨ ᠲᠠᠯ᠎ᠠ ᠶᠢᠨ ᠰᠠᠨᠠᠭᠤᠯᠭ᠎ᠠ ᠲᠡᠪᠰᠢᠬᠦᠯᠭᠦ ᠪᠠᠷ ᠪᠤᠢ᠃      ᠡᠨᠡ ᠵᠢᠯ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠦ ᠲᠠᠶᠢᠯᠠᠯᠳᠤᠭᠠᠨ ᠬᠢᠬᠦ ᠵᠢᠯ ᠪᠣᠯᠬᠤ ᠮᠦᠷᠳᠡᠭᠡᠨ ᠮᠦᠨ ᠴᠦ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠠᠵᠢᠯ ᠤᠨ ᠰᠡᠬᠦᠯ ᠬᠤᠷᠢᠶᠠᠬᠤ ᠵᠢᠯ ᠪᠤᠯᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠣ᠂ ᠠᠵᠢᠯ ᠦᠢᠯᠡᠳᠪᠦᠷᠢᠯᠡᠯ ᠢᠶᠠᠨ ᠰᠡᠷᠭᠦᠭᠡᠨ ᠰᠤᠷᠤᠯᠭ᠎ᠠ ᠪᠠᠨ ᠰᠡᠷᠬᠦᠬᠡᠬᠦ ᠶᠢ ᠯᠠᠪᠳᠠᠭᠤᠨ ᠪᠠᠳᠤᠳᠠᠢ ᠠᠬᠢᠭᠤᠯᠵᠤ ᠪᠠᠶᠢᠭ᠎ᠠ ᠤᠨᠴᠠᠭᠠᠢ ᠴᠠᠬ ᠦᠶ᠎ᠠ ᠳᠤ ᠡᠨᠡ ᠤᠳᠠᠭ᠎ᠠ ᠶᠢᠨ ᠶᠡᠭᠡ ᠬᠤᠷᠠᠯ ᠢ ᠬᠤᠷᠠᠯᠳᠤᠭᠤᠯᠬᠤ ᠪᠠᠷ ᠪᠤᠯᠤᠬᠰᠠᠨ ᠨᠢ ᠤᠨᠴᠠᠭᠠᠢ ᠠᠴᠢ ᠬᠤᠯᠪᠤᠬᠳᠠᠯ ᠲᠠᠢ ᠶᠤᠮ᠃      ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠦᠯᠦᠭᠡᠯᠡᠭᠴᠢ ᠣᠳᠣ 60 ᠬᠦᠮᠦᠨ ᠪᠣᠢ᠃ ᠡᠭᠦᠨ ᠳᠤ ᠨᠢᠭᠡᠳᠦᠭᠡᠷ ᠹᠷᠤᠨᠲ ᠤᠨ ᠠᠵᠢᠯᠴᠢᠨ 5 ᠬᠦᠮᠦᠨ᠂ ᠮᠠᠯᠴᠢᠨ ᠲᠠᠷᠢᠶᠠᠴᠢᠨ 5 ᠬᠦᠮᠦᠨ᠂ ᠨᠠᠮ ᠵᠠᠰᠠᠬ ᠤᠨ ᠤᠳᠤᠷᠢᠳᠬᠤ ᠺᠠᠳ᠋ᠷ ᠵᠢᠴᠢ ᠪᠤᠰᠤᠳ ᠳᠠᠯ᠎ᠠ ᠶᠢᠨ ᠲᠦᠯᠦᠭᠡᠯᠡᠭᠴᠢ 31 ᠬᠦᠮᠦᠨ᠂ ᠲᠤᠰᠬᠠᠢ ᠮᠡᠷᠭᠡᠵᠢᠯ ᠤᠨ ᠠᠵᠢᠯᠳᠠᠨ 13 ᠬᠦᠮᠦᠨ᠂ ᠤᠯᠤᠰ ᠤᠨ ᠦᠮᠴᠢᠯᠠᠯ ᠤᠨ ᠠᠵᠦ ᠠᠬᠤᠢᠢᠯᠠᠯ ᠤᠨ ᠤᠳᠤᠷᠢᠳᠤᠯᠭ᠎ᠠ 4 ᠬᠦᠮᠦᠨ᠂ ᠨᠡᠶᠢᠳᠡ ᠶᠢᠨ ᠦᠮᠴᠢᠯᠠᠯ ᠤᠨ ᠪᠤᠰᠤ ᠠᠵᠦ ᠠᠬᠤᠢ ᠶᠢᠨ ᠡᠳᠡᠭᠡᠳ ᠤᠨ 2 ᠬᠦᠮᠦᠨ ᠪᠤᠢ᠃ ᠪᠦᠭᠦ ᠤᠷᠤᠨ ᠤ 2500 ᠭᠠᠷᠤᠢ ᠲᠦᠮᠡᠨ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ ᠪᠠᠶᠢᠭ᠎ᠠ ᠡᠳᠡᠬᠡᠷ ᠲᠦᠯᠦᠭᠡᠯᠡᠭᠴᠢᠳ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠤᠯᠤᠨ ᠡᠯ᠎ᠠ ᠵᠦᠢᠯ ᠤᠨ ᠮᠡᠳᠡᠭᠦᠯᠦᠯᠳᠡ ᠶᠢ ᠬᠢᠨᠠᠮᠠᠭᠠᠢ ᠬᠢᠨᠠᠨ ᠵᠦᠪᠯᠡᠵᠤ᠂ ᠬᠤᠷᠠᠯ ᠤᠨ ᠭᠤᠤᠯ ᠰᠡᠳᠦᠪ ᠤᠨ ᠲᠤᠭᠤᠷᠢᠨ ᠳᠤ ᠠᠷᠭ᠎ᠠ ᠪᠣᠳᠣᠯᠭ᠎ᠠ ᠳᠣᠷᠠᠳᠣᠨ ᠠᠷᠭ᠎ᠠ ᠣᠬᠠᠭᠠᠨ ᠳᠡᠪᠰᠢᠭᠦᠯᠵᠦ᠂ ᠪᠤᠳᠠᠳᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠬᠦᠢᠴᠡᠳᠬᠡᠨ ᠵᠢᠳᠭᠦᠯ ᠴᠢᠷᠮᠠᠶᠢᠯᠭ᠎ᠠ ᠭᠠᠷᠭᠠᠨ᠎ᠠ ᠭᠡᠵᠦ ᠢᠯᠡᠷᠭᠡᠶᠢᠯᠡᠵᠡᠭᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号