ᠪᠤᠭᠤᠲᠤ ᠬᠤᠲᠠ ᠶᠢᠨ ᠪᠠᠭ᠎ᠠ ᠰᠤᠷᠭᠠᠭᠤᠯᠢ ᠶᠢᠨ ᠳᠣᠤᠷ᠎ᠠ ᠠᠩᠭᠢ ᠶᠢᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠬᠦ ᠴᠠᠭ ᠲᠣᠭᠲᠠᠯ᠎ᠠ
ᠨᠡᠶᠢᠲᠡᠯᠡᠭᠰᠡᠨ ᠴᠠᠭ᠄
2020/5/22
     ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠣᠶᠢᠯᠠᠭᠠᠭᠰᠠᠨ ᠢᠶᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠪᠤᠭᠤᠲᠤ ᠬᠤᠲᠠ ᠶᠢᠨ ᠪᠠᠭ᠎ᠠ ᠰᠤᠷᠭᠠᠭᠤᠯᠢ ᠶᠢᠨ ᠳᠣᠤᠷ᠎ᠠ ᠠᠩᠭᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠣᠯᠪᠠᠰᠤᠷᠠᠭᠤᠯᠤᠯ ᠳᠤ ᠴᠢᠭᠯᠡᠭᠦᠯᠦᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠴᠠᠭ ᠢ ᠳᠣᠤᠷᠠᠬᠢ ᠮᠡᠲᠦ ᠲᠣᠭᠲᠠᠭᠠᠪᠠ᠄      5 ᠳ᠋ᠤᠭᠠᠷ ᠰᠠᠷ᠎ᠠ ᠶᠢᠨ 25᠎ ᠤ ᠡᠳᠦᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠬᠤᠶᠠᠷ᠂ ᠭᠤᠷᠪᠠᠳᠤᠭᠠᠷ ᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠤᠨ ᠦᠨᠳᠦᠰᠦᠨ ᠪᠠᠷᠢᠮᠵᠢᠶ᠎ᠠ︾ ᠶᠣᠰᠣᠭᠠᠷ ᠬᠠᠷᠢᠶ᠎ᠠ ᠭᠠᠵᠠᠷ ᠤᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠪᠦᠭᠡᠳ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠳᠠᠩᠰᠠᠯᠠᠭᠤᠯᠤᠭᠰᠠᠨ ᠤ ᠳᠠᠷᠠᠭ᠎ᠠ ᠰᠤᠷᠭᠠᠭᠤᠯᠢ ᠡᠬᠢᠯᠡᠨ ᠬᠢᠴᠢᠶᠡᠯ ᠢᠶᠠᠨ ᠰᠡᠷᠭᠦᠭᠡᠵᠦ ᠪᠣᠯᠤᠨ᠎ᠠ᠃      6 ᠳ᠋ᠤᠭᠠᠷ ᠰᠠᠷ᠎ᠠ ᠶᠢᠨ 2᠎ ᠤᠨ ᠡᠳᠦᠷ ᠠᠴᠠ ᠡᠬᠢᠯᠡᠨ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠠᠵᠢᠯ ᠤᠨ ᠦᠨᠳᠦᠰᠦᠨ ᠪᠠᠷᠢᠮᠵᠢᠶ᠎ᠠ︾ ᠶᠣᠰᠣᠭᠠᠷ ᠬᠠᠷᠢᠶ᠎ᠠ ᠭᠠᠵᠠᠷ ᠤᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠢᠶᠠᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠬᠦ ᠪᠦᠭᠡᠳ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠳᠠᠩᠰᠠᠯᠠᠭᠤᠯᠤᠭᠰᠠᠨ ᠤ ᠳᠠᠷᠠᠭ᠎ᠠ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠵᠦ ᠪᠣᠯᠤᠨ᠎ᠠ᠃      5 ᠳ᠋ᠤᠭᠠᠷ ᠰᠠᠷ᠎ᠠ ᠶᠢᠨ 25᠎ ᠤ ᠡᠳᠦᠷ ᠠᠴᠠ ᠡᠬᠢᠯᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠡᠷᠭᠡᠶᠢᠯᠡᠨ ᠬᠤᠷᠢᠭᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠠᠴᠠ ᠭᠤᠶᠤᠴᠢᠯᠠᠯ ᠭᠠᠷᠭᠠᠬᠤ ᠶᠢᠨ ᠬᠠᠮᠲᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠥᠴᠢᠷ ᠤᠨ ᠬᠠᠮᠲᠤ ᠶᠢᠨ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠤ ᠳᠠᠷᠠᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ ᠪᠣᠯᠤᠨ᠎ᠠ᠃ ᠦᠨᠡᠯᠡᠨ ᠵᠢᠱᠢᠯᠲᠡ ᠬᠢᠭᠡᠳ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠶᠢ ᠦᠨᠡᠯᠡᠨ ᠵᠢᠱᠢᠯᠲᠡ ᠳᠤ ᠬᠢᠷᠢ ᠲᠡᠩᠴᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠰᠤᠷᠤᠭᠴᠢ ᠶᠢ ᠲᠣᠬᠢᠲᠠᠶ ᠲᠥᠪᠬᠢᠨᠡᠭᠦᠯᠬᠦ ᠬᠡᠷᠡᠭᠲᠡᠶ᠃      ᠬᠡᠤᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠤ ᠪᠣᠯᠪᠠᠰᠤᠷᠠᠭᠤᠯᠤᠯ ᠤᠨ ᠪᠠᠶᠢᠭᠤᠯᠤᠮᠵᠢ ᠰᠤᠷᠭᠠᠭᠤᠯᠢ ︵ᠴᠡᠴᠡᠷᠯᠢᠭ︶ ᠡᠬᠢᠯᠡᠵᠦ ᠬᠢᠴᠢᠶᠡᠯ ᠰᠡᠷᠭᠦᠭᠡᠬᠦ ᠪᠡᠯᠡᠳᠬᠡᠯ ᠢ ᠰᠠᠶᠢᠲᠤᠷ ᠬᠢᠵᠦ᠂ ᠪᠣᠳᠠᠲᠠᠶ ᠴᠠᠭ ᠬᠤᠭᠤᠴᠠᠭ᠎ᠠ ᠶᠢ ᠪᠠᠶᠢᠳᠠᠯ ᠢ ᠨᠢ ᠦᠵᠡᠵᠦ ᠠᠰ ᠲᠤ ᠨᠢ ᠮᠡᠳᠡᠭᠳᠡᠨ᠎ᠡ᠃      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠱᠠᠭᠠᠷᠳᠠᠭᠰᠠᠨ ᠢᠶᠠᠷ᠂ ᠡᠯ᠎ᠡ ᠭᠠᠵᠠᠷ ᠣᠷᠣᠨ ᠤ ᠡᠯ᠎ᠡ ᠰᠤᠷᠭᠠᠭᠤᠯᠢ ᠨᠤᠭᠤᠳ ᠰᠤᠷᠤᠯᠭ᠎ᠠ ᠪᠠᠨ ᠰᠡᠷᠭᠦᠭᠡᠬᠦ ᠪᠠᠷᠢᠮᠵᠢᠶ᠎ᠠ ᠪᠠᠨ ᠴᠢᠩᠭᠠᠳᠬᠠᠵᠤ᠂ ᠨᠥᠬᠦᠴᠡᠯ ᠪᠦᠷᠢᠯᠳᠦᠭᠦᠯᠦᠭᠡᠳᠦᠶ ᠨᠢ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠶᠢ ᠨᠢ ᠡᠷᠡᠰ ᠵᠥᠪᠰᠢᠶᠡᠷᠡᠬᠦ ᠥᠬᠡᠶ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠨᠢ ᠡᠮᠬᠢ ᠵᠢᠷᠤᠮ ᠲᠠᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号