|
2020 ᠣᠨ ᠤ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ |
|
|
ᠨᠡᠶᠢᠲᠡᠯᠡᠭᠰᠡᠨ ᠴᠠᠭ᠄
2020/5/22
|
|
1. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠠᠯᠢ ᠠᠯᠢ ᠪᠣᠢ︖ ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠵᠦ ᠪᠠᠶᠢᠭ᠎ᠠ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠷᠠᠮᠳᠤᠯ ᠨᠥᠬᠦᠪᠦᠷᠢ ᠪᠠ ᠲᠤᠰᠠᠭᠠᠷ ᠨᠥᠬᠦᠪᠦᠷᠢ ᠶᠢᠨ ᠦᠢᠯᠡᠳᠬᠦᠨ ᠢ ᠵᠥᠪᠬᠡᠨ ᠮᠠᠯᠴᠢᠨ ᠪᠠ ᠮᠠᠯᠴᠢᠨ ᠤ ᠦᠢᠯᠡᠳᠪᠦᠷᠢᠯᠡᠯ ᠡᠵᠡᠩᠨᠡᠵᠦ ᠪᠠᠶᠢᠭ᠎ᠠ ᠵᠣᠬᠢᠶᠠᠨ ᠪᠠᠶᠢᠭᠤᠯᠤᠯᠲᠠ ᠪᠠᠷ ᠬᠢᠵᠠᠭᠠᠷᠯᠠᠵᠤ᠂ ᠮᠠᠯᠴᠢᠨ ᠪᠠ ᠦᠢᠯᠡᠳᠪᠦᠷᠢᠯᠡᠯ ᠡᠵᠡᠩᠨᠡᠵᠦ ᠪᠠᠶᠢᠭ᠎ᠠ ᠮᠠᠯᠴᠢᠨ ᠤ ᠵᠣᠬᠢᠶᠠᠨ ᠪᠠᠶᠢᠭᠤᠯᠤᠯᠲᠠ ᠶᠢᠨ ᠵᠠᠭᠠᠭ ᠢ ᠲᠣᠭᠲᠠᠭᠠᠬᠤ ᠳᠤ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠭᠡᠷᠡᠴᠢ ᠪᠠᠶᠢᠬᠤ ᠪᠠᠷ ᠦᠨᠳᠦᠰᠦᠯᠡᠯ ᠪᠣᠯᠭᠠᠨ᠎ᠠ᠃ ᠨᠥᠬᠦᠪᠦᠷᠢ ᠶᠢᠨ ᠡᠲᠡᠭᠡᠳ ᠳᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠥᠮᠥᠰ ᠪᠠᠭᠲᠠᠬᠤ ᠦᠭᠡᠢ᠃ 2. ᠶᠠᠮᠠᠷ ᠶᠠᠮᠠᠷ ᠲᠠᠷᠢᠶᠠᠯᠠᠩ ᠤᠨ ᠮᠠᠰᠢᠨ ᠪᠠᠭᠠᠵᠢ ᠶᠢ ᠮᠠᠨ ᠤ ᠣᠷᠣᠨ ᠤ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠭᠰᠠᠨ ᠪᠣᠢ︖ ᠬᠠᠷᠢᠭᠤᠯᠲᠠ᠄ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠳᠠᠩᠰᠠ ᠡᠪᠬᠡᠮᠡᠯ ᠳᠤ ᠣᠷᠣᠭᠤᠯᠤᠭᠰᠠᠨ ᠦᠢᠯᠡᠳᠬᠦᠨ ᠤ ᠬᠡᠪᠴᠢᠶ᠎ᠡ ᠳᠤ 12 ᠶᠡᠭᠡ ᠲᠥᠷᠥᠯ 26 ᠪᠠᠭ᠎ᠠ ᠲᠥᠷᠥᠯ ᠤᠨ 60 ᠦᠢᠯᠡᠳᠬᠦᠨ ᠤ ᠭᠠᠷᠴᠠᠭ ᠪᠠᠭᠲᠠᠨ᠎ᠠ᠃ ᠲᠠᠷᠢᠶᠠᠯᠠᠩ ᠤᠨ ᠮᠠᠰᠢᠨ ᠤ ᠰᠢᠨ᠎ᠡ ᠦᠢᠯᠡᠳᠬᠦᠨ ᠤ ᠬᠡᠪᠴᠢᠶ᠎ᠡ ᠳᠤ 2 ᠶᠡᠭᠡ ᠲᠥᠷᠥᠯ 3 ᠪᠠᠭ᠎ᠠ ᠲᠥᠷᠥᠯ ᠤᠨ 3 ᠦᠢᠯᠡᠳᠬᠦᠨ ᠤ ᠭᠠᠷᠴᠠᠭ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠠᠩ ᠢᠶᠠᠷ ᠨᠥᠬᠦᠪᠦᠷᠢᠯᠡᠬᠦ ᠦᠢᠯᠡᠳᠬᠦᠨ ᠤ ᠬᠡᠪᠴᠢᠶ᠎ᠡ ᠳᠤ 1 ᠶᠡᠭᠡ ᠲᠥᠷᠥᠯ 3 ᠪᠠᠭ᠎ᠠ ᠲᠥᠷᠥᠯ ᠤᠨ 10 ᠦᠢᠯᠡᠳᠬᠦᠨ ᠤ ᠭᠠᠷᠴᠠᠭ ᠪᠠᠭᠲᠠᠨ᠎ᠠ᠃ ᠨᠥᠬᠦᠪᠦᠷᠢ ᠶᠢᠨ ᠬᠡᠪᠴᠢᠶ᠎ᠡ ᠵᠢᠴᠢ ᠨᠥᠬᠦᠪᠦᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ᠃ 3. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠨᠥᠬᠦᠪᠦᠷᠢᠯᠡᠬᠦ ᠪᠠᠷᠢᠮᠵᠢᠶ᠎ᠠ ᠨᠢ ᠶᠠᠭᠤ ᠪᠣᠢ︖ ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠳᠤ ᠲᠣᠭᠲᠠᠭᠰᠠᠨ ᠲᠣᠭᠠᠨ ᠤ ᠨᠥᠬᠦᠪᠦᠷᠢ ᠶᠢ ᠬᠡᠷᠡᠭᠵᠢᠭᠦᠯᠵᠦ᠂ ᠪᠣᠳᠠᠲᠠᠢ ᠪᠠᠷ ᠨᠥᠬᠦᠪᠦᠷᠢᠯᠡᠬᠦ ᠮᠠᠰᠢᠨ ᠪᠠᠭᠠᠵᠢ ᠶᠢᠨ ᠨᠥᠬᠦᠪᠦᠷᠢ ᠶᠢᠨ ᠲᠤᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠯᠪᠠᠨ ᠤ ᠰᠦᠯᠵᠢᠶ᠎ᠡ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ᠃ 4. ᠣᠨ ᠤ ᠳᠣᠲᠣᠷ᠎ᠠ ᠬᠤᠳᠠᠯᠳᠤᠨ ᠠᠪᠬᠤ ᠨᠥᠬᠦᠪᠦᠷᠢ ᠶᠢᠨ ᠮᠠᠰᠢᠨ ᠪᠠᠭᠠᠵᠢ ᠶᠢᠨ ᠲᠤᠭ᠎ᠠ ᠬᠡᠮᠵᠢᠶ᠎ᠡ ᠨᠢ ᠬᠡᠳᠦᠢ ᠪᠣᠢ︖ ᠬᠠᠷᠢᠭᠤᠯᠲᠠ᠄ 2020 ᠣᠨ ᠳᠤ᠂ ︽ᠥᠪᠥᠷ ᠮᠣᠩᠭᠤᠯ ᠤᠨ 2018 — 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ﹇2018﹈ 115 ᠳ᠋ᠤᠭᠠᠷ ᠲᠣᠭᠠᠲᠤ︶ ᠳᠠᠬᠢ ︽ᠨᠢᠭᠡ ᠡᠷᠦᠬᠡ ᠮᠠᠰᠢᠨ ᠬᠤᠳᠠᠯᠳᠤᠨ ᠠᠪᠤᠭᠴᠢ ᠶᠢᠨ ᠣᠨ ᠤ ᠳᠣᠲᠣᠷᠠᠬᠢ ᠬᠦᠷᠲᠡᠬᠦ ᠨᠥᠬᠦᠪᠦᠷᠢ ᠶᠢᠨ ᠮᠠᠰᠢᠨ ᠤ ᠲᠤᠭ᠎ᠠ ᠬᠡᠮᠵᠢᠶ᠎ᠡ ᠨᠢ ᠵᠠᠷᠴᠢᠮ ᠳᠡᠭᠡᠷ᠎ᠡ ᠪᠠᠨ 1 ᠰᠠᠤᠷᠢ ᠢᠵᠢ ᠠᠴᠠ ᠳᠠᠪᠠᠭ᠋ᠤ ᠦᠭᠡᠢ᠂ ᠲᠤᠬᠠᠶᠢᠯᠠᠪᠠᠯ 1 ᠰᠠᠤᠷᠢ ᠲᠷᠠᠺᠲ᠋ᠣᠷ ᠪᠤᠶᠤ 1 ᠰᠠᠤᠷᠢ ᠥᠪᠡᠷ ᠢᠶᠠᠨ ᠶᠠᠪᠤᠬᠤ ᠮᠠᠶ᠋ᠢᠭ ᠤᠨ ᠮᠠᠰᠢᠨ ᠮᠧᠬᠠᠨᠢᠭ ᠪᠠ 3 ᠰᠠᠭᠤᠷᠢ ᠠᠵᠢᠯ ᠤᠨ ᠮᠠᠰᠢᠨ ᠪᠠᠭᠠᠵᠢ ᠪᠣᠯᠣᠨ᠎ᠠ᠃ ᠡᠭᠦᠨ ᠳᠤ ᠨᠥᠬᠦᠪᠦᠷᠢᠯᠡᠭᠰᠡᠨ ᠲᠠᠷᠢᠶᠠᠯᠠᠩ ᠤᠨ ᠪᠢᠴᠢᠯ ᠮᠠᠰᠢᠨ ᠤ ᠲᠤᠭ᠎ᠠ ᠨᠢ 1 ᠰᠠᠤᠷᠢ ᠠᠴᠠ ᠬᠡᠲᠦᠷᠡᠬᠦ ᠦᠭᠡᠢ︔ ᠨᠢᠭᠡᠨ ᠲᠦᠭᠦᠬᠡᠢ ᠰᠢᠨ᠎ᠡ ᠰᠦ ᠬᠤᠳᠠᠯᠳᠤᠨ ᠠᠪᠬᠤ ᠥᠷᠲᠡᠭᠡᠨ ᠤ ᠣᠨ ᠤ ᠳᠣᠲᠣᠷ᠎ᠠ ᠬᠦᠷᠲᠡᠬᠦ ᠨᠥᠬᠦᠪᠦᠷᠢ ᠶᠢᠨ ᠲᠣᠮᠣ ᠬᠡᠯᠪᠡᠷᠢ ᠶᠢᠨ ᠰᠦ ᠰᠠᠭᠠᠬᠤ ᠮᠠᠰᠢᠨ ᠤ ᠲᠤᠭ᠎ᠠ ᠨᠢ 1 ᠰᠠᠤᠷᠢ ᠠᠴᠠ ᠬᠡᠲᠦᠷᠡᠬᠦ ᠦᠭᠡᠢ︾ ᠭᠡᠬᠦ ᠲᠣᠭᠲᠠᠭᠠᠯ ᠢ ᠵᠦᠢ ᠵᠣᠬᠢᠰᠲᠠᠢ ᠪᠠᠷ ᠠᠭᠤᠵᠢᠭᠤ ᠲᠠᠯᠪᠢᠨ᠎ᠠ᠃ ᠪᠣᠳᠠᠲᠠᠢ ᠪᠠᠷ ᠬᠡᠷᠡᠭᠵᠢᠭᠦᠯᠬᠦ ᠶᠠᠪᠤᠴᠠ ᠳᠤ᠂ ᠨᠢᠭᠡ ᠡᠷᠦᠬᠡ ᠶᠢᠨ ᠲᠤᠬᠠᠢ ᠶᠢᠨ ᠵᠢᠯ ᠤᠨ ᠣᠯᠠᠨ ᠰᠠᠤᠷᠢ ᠢᠵᠢ ᠶᠢᠨ ᠳᠠᠪᠬᠤᠷᠳᠠᠭᠤᠯᠤᠭᠰᠠᠨ ᠨᠥᠬᠦᠪᠦᠷᠢ ᠪᠠᠷ ᠳᠡᠭᠡᠷ᠎ᠡ ᠳᠤᠷᠠᠳᠤᠭᠰᠠᠨ ᠮᠠᠰᠢᠨ ᠪᠠᠭᠠᠵᠢ ᠶᠢ ᠬᠤᠳᠠᠯᠳᠤᠨ ᠠᠪᠬᠤ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠬᠤ ᠪᠣᠯᠪᠠᠴᠤ᠂ ᠭᠤᠣᠯᠳᠠᠯᠭ᠎ᠠ ᠲᠠᠢ ᠮᠠᠰᠢᠨ ᠪᠠᠭᠠᠵᠢ ᠶᠢᠨ ᠬᠠᠷᠭᠤᠭᠤᠯᠤᠨ ᠪᠠᠶᠢᠴᠠᠭᠠᠬᠤ ᠬᠡᠪᠴᠢᠶ᠎ᠡ ᠪᠠ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠥᠪᠡᠰᠦᠪᠡᠨ ᠬᠤᠳᠠᠯᠳᠤᠨ ᠥᠪᠡᠰᠦᠪᠡᠨ ᠨᠥᠬᠦᠪᠦᠷᠢᠯᠡᠬᠦ᠂ ᠦᠢᠯᠡᠳᠪᠦᠷᠢᠯᠡᠯ ᠤᠨ ᠪᠤᠰᠤ ᠪᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠬᠤᠳᠠᠯᠳᠤᠵᠤ ᠳᠠᠪᠬᠤᠷᠳᠠᠭᠤᠯᠤᠨ ᠨᠥᠬᠦᠪᠦᠷᠢᠯᠡᠬᠦ ᠵᠡᠷᠭᠡ ᠠᠵᠢᠯᠯᠠᠭ᠎ᠠ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ 5. ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠬᠦ ᠴᠤᠪᠤᠷᠠᠯ ᠨᠢ ᠶᠠᠮᠠᠷ ᠪᠣᠢ︖ 6. ᠣᠨ ᠠᠯᠤᠰᠯᠠᠭᠰᠠᠨ ᠨᠥᠬᠦᠪᠦᠷᠢ ᠶᠢ ᠶᠠᠮᠠᠷ ᠲᠥᠷᠥᠯ ᠤᠨ ᠪᠠᠷᠢᠮᠵᠢᠶ᠎ᠠ ᠪᠠᠷ ᠬᠡᠷᠡᠭᠵᠢᠭᠦᠯᠬᠦ ᠪᠣᠢ︖ ᠬᠠᠷᠢᠭᠤᠯᠲᠠ᠄ ᠨᠥᠬᠦᠪᠦᠷᠢ ᠶᠢᠨ ᠲᠤᠰᠠᠯᠠᠬᠤ ᠰᠢᠰᠲ᠋ᠧᠮ ᠤᠨ 2020 ᠣᠨ ᠠᠴᠠ ᠡᠮᠦᠨᠡᠬᠢ ᠴᠠᠭ ᠬᠤᠭᠤᠴᠠᠭ᠎ᠠ ᠳᠤ ᠰᠣᠯᠢᠨ ᠭᠠᠷᠴᠤ᠂ ᠨᠢᠭᠡᠨᠲᠡ ᠬᠦᠯᠢᠶᠡᠨ ᠠᠪᠴᠤ ᠭᠦᠢᠴᠡᠳᠬᠡᠭᠰᠡᠨ ᠮᠥᠷᠲᠡᠭᠡᠨ ᠨᠢᠭᠡᠨᠲᠡ ᠨᠥᠬᠦᠪᠦᠷᠢ ᠶᠢᠨ ᠲᠤᠰᠠᠯᠠᠬᠤ ᠰᠢᠰᠲ᠋ᠧᠮ ︵ᠭᠠᠷ ᠤᠲᠠᠰᠤᠨ ᠤ APP ᠳᠤ ᠲᠡᠮᠳᠡᠭᠯᠡᠨ ᠣᠷᠣᠭᠤᠯᠤᠭᠰᠠᠨ ᠢ ᠪᠠᠭᠲᠠᠭᠠᠨ᠎ᠠ︶ ᠳᠤ ᠲᠡᠮᠳᠡᠭᠯᠡᠨ ᠣᠷᠣᠭᠤᠯᠤᠭᠰᠠᠨ ᠦᠢᠯᠡᠳᠬᠦᠨ ᠢ ᠦᠷᠭᠦᠯᠵᠢᠯᠡᠨ 2019 ᠣᠨ ᠤ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠪᠠ ᠲᠣᠭᠲᠠᠭᠰᠠᠨ ᠬᠤᠭᠤᠴᠠᠭᠠᠨ ᠳᠤ ᠲᠡᠮᠳᠡᠭᠡᠯᠡᠨ ᠣᠷᠣᠭᠤᠯᠤᠭ᠎ᠠ ᠦᠭᠡᠢ ᠦᠢᠯᠡᠳᠬᠦᠨ ᠢ 2020 ᠣᠨ ᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ 7. ᠮᠠᠰᠢᠨ ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ ᠪᠠ ᠦᠯᠡᠳᠡᠭᠰᠡᠨ ᠵᠣᠭᠤᠰ ᠢᠶᠠᠨ ᠬᠡᠷᠬᠢᠨ ᠬᠠᠶᠢᠨ ᠯᠠᠪᠠᠯᠬᠤ ᠪᠣᠢ︖ ᠬᠠᠷᠢᠭᠤᠯᠲᠠ᠄ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠲᠤᠰᠠᠯᠠᠬᠤ ᠰᠢᠰᠲ᠋ᠧᠮ ᠤᠨ ᠲᠡᠷᠢᠭᠦᠨ ᠨᠢᠭᠤᠷ ᠲᠤ ᠡᠳᠦᠷ ᠪᠦᠷᠢ ᠨᠢᠭᠡ ᠤᠳᠠᠭ᠎ᠠ ᠬᠤᠰᠢᠭᠤ ᠰᠢᠶᠠᠨ ︵ᠲᠠᠯᠠᠪᠠᠢ︶ ᠤ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠭᠰᠡᠨ ᠵᠢᠴᠢ ᠦᠯᠡᠳᠡᠵᠦ ᠪᠠᠶᠢᠭ᠎ᠠ ᠪᠡᠯᠡ ᠮᠥᠩᠭᠦ ᠶᠢᠨ ᠮᠡᠳᠡᠭᠡ ᠵᠠᠩᠭᠢ ᠶᠢ ᠠᠦ᠋ᠲ ᠢᠶᠠᠷ ᠨᠡᠶᠢᠲᠡᠯᠡᠵᠦ᠂ ᠮᠠᠰᠢᠨ ᠬᠤᠳᠠᠯᠳᠤᠨ ᠠᠪᠤᠭᠴᠢ ᠠᠴᠠ ᠨᠥᠬᠦᠪᠦᠷᠢ ᠶᠢᠨ ᠪᠡᠯᠡ ᠮᠥᠩᠭᠦ ᠭᠤᠶᠤᠴᠢᠯᠠᠬᠤ ᠳᠤ ᠯᠠᠪᠯᠠᠯᠲᠠ ᠪᠣᠯᠭᠠᠨ ᠬᠠᠩᠭᠠᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|