ᠪᠦᠬᠦ ᠤᠷᠤᠨ ᠤ ᠲᠠᠭᠠᠭᠤᠯᠤᠭᠴᠢ ᠠᠵᠤ ᠠᠬᠤᠢᠢᠯᠡᠯ ᠪᠤᠯᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠶᠢ ᠵᠤᠯᠭᠠᠭᠤᠯᠬᠤ ᠲᠧᠯᠧᠢᠰ ᠤᠳᠠᠰᠤ ᠬᠤᠷᠠᠯ ᠬᠤᠷᠠᠯᠳᠤᠪᠠ  ᠯᠢ ᠪᠢᠩ ᠷᠦᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/5/22
     5 ᠰᠠᠷ᠎ᠠ ᠶᠢᠨ 15 ᠤ ᠡᠳᠤᠷ᠂ ᠪᠦᠬᠦ ᠤᠷᠤᠨ ᠤ ᠲᠠᠭᠠᠭᠤᠯᠤᠭᠴᠢ ᠠᠵᠤ ᠠᠬᠤᠢᠢᠯᠡᠯ ᠪᠤᠯᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠶᠢ ᠵᠤᠯᠭᠠᠭᠤᠯᠬᠤ ᠲᠧᠯᠧᠢᠰ ᠤᠳᠠᠰᠤ ᠬᠤᠷᠠᠯ ᠬᠤᠷᠠᠯᠳᠤᠵᠤ᠂ ᠠᠵᠤ ᠠᠬᠤᠢᠢᠯᠡᠯ ᠤᠨ ᠲᠦᠯᠦᠭᠡᠯᠡᠭᠴᠢ ᠬᠢᠭᠡᠳ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠲᠤᠬᠠᠢ ᠶᠢᠨ ᠲᠠᠯᠠᠪᠠᠢ ᠳᠤ ᠲᠦᠷᠦᠯ ᠵᠦᠢᠯ ᠤᠨ ᠬᠡᠷ᠎ᠡ ᠲᠤᠭᠳᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠯᠢ ᠪᠢᠩ ᠷᠦᠩ᠂ ᠡᠯ᠎ᠠ ᠭᠠᠵᠠᠷ ᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠦᠷᠦᠯ ᠵᠦᠢᠯ ᠤᠨ ᠬᠠᠮᠳᠤᠷᠠᠯᠴᠠᠭ᠎ᠠ ᠶᠢ ᠮᠦᠷᠳᠡᠵᠤ᠂ ᠠᠵᠤ ᠠᠬᠤᠢᠢᠯᠡᠯ ᠤᠷᠤᠨ ᠨᠤᠳᠤᠭ ᠤᠨ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠠᠶᠢᠩᠭᠤᠵᠢᠭᠰᠠᠨ ᠵᠤᠯᠭᠠᠭᠤᠯᠬᠤ ᠲᠤᠭᠳᠠᠴᠡ ᠶᠢ ᠪᠠᠶᠢᠭᠤᠯᠵᠤ᠂ ᠨᠡᠩ ᠤᠯᠠᠨ ᠪᠡᠯᠡ ᠮᠦᠩᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠳᠤᠳᠡᠢ᠂ ᠨᠠᠷᠢᠯᠢᠭ ᠤᠨᠤᠪᠴᠢᠳᠡᠢ ᠰᠠᠶᠢᠳᠤᠷ ᠪᠡᠶᠡᠯᠡᠬᠦᠯᠬᠦ ᠬᠡᠷᠡᠭᠳᠡᠢ ᠬᠡᠵᠤ ᠱᠠᠭᠠᠷᠳᠠᠵᠡᠢ᠃      ᠯᠢ ᠪᠢᠩ ᠷᠦᠩ᠂ ᠠᠵᠤ ᠤᠢᠢᠯᠡᠰ ᠤᠨ ᠬᠦᠭᠵᠢᠯᠳᠡ ᠶᠢ ᠢᠮᠠᠭᠳᠠ ᠦᠨᠡᠨ ᠬᠦ ᠰᠠᠶᠢᠳᠤᠷ ᠠᠳᠬᠤᠵᠤ᠂ ᠴᠢᠨᠠᠷ ᠰᠠᠶᠢᠳᠡᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ ᠬᠦᠭᠵᠢᠯᠳᠡ ᠶᠢᠨ ᠶᠠᠰᠤ ᠴᠢᠨᠠᠷ ᠪᠠ ᠦᠷ᠎ᠠ ᠠᠰᠢᠬ ᠢ ᠲᠠᠰᠤᠷᠠᠯᠳᠡ ᠦᠬᠡᠢ ᠲᠡᠭᠡᠭᠰᠢᠯᠡᠬᠦᠯᠬᠦ ᠬᠡᠷᠡᠭᠳᠡᠢ᠃ ᠪᠦᠬᠦ ᠠᠵᠤ ᠤᠢᠢᠯᠡᠰ ᠤᠨ ᠬᠡᠯᠬᠢᠶ᠎ᠠ ᠲᠡᠭᠡᠷ᠎ᠠ ᠲᠠᠭᠠᠭᠤᠯᠤᠭᠴᠢ ᠠᠵᠤ ᠠᠬᠤᠢᠢᠯᠡᠯ ᠢ ᠪᠠᠶᠢᠷᠢᠰᠢᠭᠤᠯᠤᠨ ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠬᠦᠭᠵᠢᠯᠳᠡ ᠶᠢ ᠲᠦᠷᠢᠮᠵᠢᠬᠦᠯᠦᠨ ᠬᠦᠳᠤᠯᠦᠨ ᠵᠢᠯᠤᠭᠤᠳᠴᠤ᠂ ᠮᠠᠯᠴᠢᠨ ᠲᠠᠷᠢᠶᠠᠴᠢᠨ ᠪᠤᠯᠤᠨ ᠠᠵᠤ ᠠᠬᠤᠢᠢᠯᠡᠯ ᠤᠨ ᠠᠰᠢᠬ ᠲᠤᠰᠠ ᠶᠢᠨ ᠬᠤᠯᠪᠤᠭᠠᠨ ᠤ ᠲᠤᠭᠳᠠᠴᠡ ᠶᠢ ᠪᠠᠬᠢᠵᠢᠬᠦᠯᠦᠨ ᠰᠢᠨ᠎ᠠ ᠶᠢ ᠡᠬᠦᠳᠴᠤ᠂ ᠶᠠᠳᠠᠭᠤ ᠬᠦᠴᠢᠷᠳᠡᠯᠳᠡᠢ ᠡᠷᠤᠭᠡ ᠶᠢ ᠪᠠᠭᠠᠰᠬᠠᠵᠤ ᠶᠠᠳᠠᠭᠤ ᠶᠢ ᠲᠠᠶᠢᠴᠢᠯᠠᠬᠤ ᠴᠢᠳᠠᠪᠤᠷᠢ ᠶᠢ ᠨᠡᠮᠡᠭᠳᠡᠬᠦᠯᠬᠦ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠵᠤ᠂ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠵᠤ᠂ ᠨᠡᠩ ᠨᠠᠷᠢᠯᠢᠭ ᠤᠨᠤᠪᠴᠢᠳᠡᠢ ᠦᠷ᠎ᠠ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠡᠬᠦᠷᠭᠡ ᠶᠢ ᠲᠡᠬᠦᠰ ᠠᠮᠵᠢᠯᠳᠠᠳᠡᠢ ᠪᠡᠶᠡᠯᠡᠬᠦᠯᠬᠦ ᠶᠢ ᠪᠠᠳᠤᠯᠠᠨ᠂ ᠠᠵᠤ ᠤᠢᠢᠯᠡᠰ ᠢᠶᠠᠷ ᠶᠠᠳᠠᠭᠤ ᠶᠢ ᠲᠡᠳᠬᠦᠬᠦ ᠪᠠ ᠠᠵᠤ ᠤᠢᠢᠯᠡᠰ ᠢ ᠬᠦᠭᠵᠢᠬᠦᠯᠬᠦ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠤᠯᠬᠤ ᠪᠠ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠦᠵᠡᠬᠦᠯᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠤ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ