ᠪᠦᠬᠦ ᠤᠷᠤᠨ ᠤ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠲᠧᠯᠸᠢᠰ ᠤᠳᠠᠰᠤ ᠬᠤᠷᠠᠯ ᠬᠤᠷᠠᠯᠳᠤᠵᠠᠢ  ᠬᠤᠸᠠᠩ ᡁᠢ ᠴᠢᠶᠠᠩ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/5/22

     5 ᠰᠠᠷ᠎ᠠ ᠶᠢᠨ 15 ᠤ ᠡᠳᠦᠷ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠤ ᠠᠵᠢᠯ ᠤᠨ ᠤᠳᠤᠷᠢᠳᠬᠤ ᠳᠤᠭᠤᠢᠢᠯᠠᠩ ᠪᠦᠬᠦ ᠤᠷᠤᠨ ᠤ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠳᠡᠭᠡᠳᠤ ᠳᠤᠤᠷᠠᠳᠤ ᠱᠠᠳᠤ ᠪᠠᠷ ᠢᠶᠠᠨ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠳᠤᠷ ᠠᠳᠬᠤᠵᠤ᠂ ᠬᠦᠨᠳᠦ ᠶᠡᠭᠡ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠬᠤ ᠬᠡᠷᠡᠭᠳᠠᠢ ᠭᠡᠵᠤ ᠳᠠᠶᠢᠴᠢᠯᠠᠵᠠᠢ᠃
     ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃
     ᠬᠤᠸᠠᠩ ᡁᠢ ᠴᠢᠶᠠᠩ᠂ ᠠᠷᠠᠳ ᠲᠦᠮᠡᠨ ᠢᠶᠠᠷ ᠭᠤᠤᠯ ᠪᠤᠯᠭᠠᠵᠤ᠂ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠦᠨᠳᠦᠷᠴᠡ ᠳᠤ ᠵᠤᠭᠰᠤᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠦᠨᠳᠦᠷᠴᠡ ᠳᠤ ᠵᠤᠭᠰᠤᠵᠤ᠂ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠡᠭᠦᠷᠭᠡ ᠶᠢᠨ ᠪᠠᠴᠢᠮ ᠲᠤᠯᠭᠠᠮ ᠪᠤᠳᠤᠯ᠂ ᠬᠠᠷᠢᠭᠤᠴᠠᠯᠭᠠᠳᠤ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ᠡᠯ᠎ᠠ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ ᠴᠢᠨᠠᠷᠯᠢᠭ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃
     ᠬᠤᠸᠠᠩ ᡁᠢ ᠴᠢᠶᠠᠩ᠂ ᠮᠦᠩᠭᠦᠨ ᠭᠦᠢᠯᠭᠡᠭᠡᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠬᠦ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ᠂ ᠰᠦᠯᠵᠢᠶᠡᠨ ᠤ ᠵᠢᠭᠡᠯᠡᠯᠭᠡ ᠶᠢᠨ ᠪᠠᠶᠢᠭᠤᠯᠤᠮᠵᠢ ᠶᠢ ᠲᠦᠷᠦᠯ ᠬᠤᠪᠢᠶᠠᠨ ᠠᠷᠢᠯᠭᠠᠬᠤ᠂ ᠠᠷᠠᠯᠵᠢᠶᠠᠨ ᠤ ᠲᠠᠯᠠᠪᠤᠷ ᠢ ᠵᠠᠰᠠᠨ ᠴᠡᠭᠴᠡᠯᠡᠬᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠦᠷᠭᠦᠯᠵᠢᠯᠡᠨ ᠠᠬᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠵᠡᠷᠭᠡ ᠡᠯ᠎ᠠ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠬᠤ᠂ ᠬᠢᠨᠠᠨ ᠬᠡᠮᠵᠢᠵᠤ ᠰᠡᠷᠡᠮᠵᠢᠯᠡᠭᠦᠯᠬᠦ᠂ ᠬᠠᠮᠵᠢᠯᠴᠠᠨ ᠰᠢᠢᠳᠪᠦᠷᠢᠯᠡᠬᠦ᠂ ᠤᠬᠠᠭᠤᠯᠤᠨ ᠬᠦᠮᠦᠵᠢᠭᠦᠯᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠳᠠᠢ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ ᠬᠠᠤᠯᠢ ᠶᠢ ᠲᠤᠭᠳᠠᠭᠠᠬᠤ ᠠᠬᠢᠴᠠ ᠶᠢ ᠲᠦᠷᠭᠡᠳᠭᠡᠵᠤ᠂ ᠲᠦᠭᠡᠮᠡᠯ ᠠᠰᠢᠭ ᠬᠦᠷᠳᠡᠭᠡᠬᠦ ᠮᠦᠩᠭᠦᠨ ᠭᠦᠢᠯᠭᠡᠭᠡᠨ ᠤ
ᠦᠢᠯᠡᠴᠢᠯᠡᠭᠡ ᠶᠢ ᠨᠡᠮᠡᠭᠳᠡᠭᠦᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠤᠤᠰ ᠢᠯᠠᠯᠳᠠ ᠶᠢ ᠤᠯᠬᠤ ᠳᠤ ᠰᠢᠨ᠎ᠠ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠤ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ