ᠰᠢᠯᠢ ᠶᠢᠨ ᠭᠤᠤᠯ᠄ ᠵᠢᠷᠭᠤᠭᠠᠨ ᠬᠤᠪᠢ ᠶᠢᠨ ᠣᠷᠣᠨ ᠪᠦᠰᠡ ᠶᠢ ᠲᠠᠯ᠎ᠠ ᠨᠤᠲᠤᠭ ᠤᠨ ᠬᠤᠷᠢᠭᠠᠲᠠᠢ ᠱᠤᠭᠤᠮ ᠳᠤ ᠬᠤᠪᠢᠶᠠᠷᠢᠯᠠᠨ ᠰᠢᠨ᠎ᠡ ᠪᠠᠷ ᠠᠭᠤᠷᠬᠠᠶ ᠨᠡᠭᠡᠭᠡᠬᠦ ᠥᠬᠡᠶ ᠪᠣᠯᠭᠠᠪᠠ
ᠨᠡᠶᠢᠲᠡᠯᠡᠭᠰᠡᠨ ᠴᠠᠭ᠄
2020/5/28
     27᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠣᠶᠢᠯᠠᠭᠠᠭᠰᠠᠨ ᠢᠶᠠᠷ᠂ ᠰᠢᠯᠢ ᠶᠢᠨ ᠭᠤᠤᠯ ᠠᠶᠢᠮᠠᠭ ᠨᠢᠭᠡᠨᠲᠡ ᠵᠢᠷᠭᠤᠭᠠᠨ ᠬᠤᠪᠢ ᠠᠴᠠ ᠳᠡᠭᠡᠭᠰᠢᠬᠢ ᠣᠷᠣᠨ ᠪᠦᠰᠡ ᠶᠢ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠬᠤᠪᠢᠶᠠᠷᠢᠯᠠᠨ ᠣᠷᠣᠭᠤᠯᠵᠤ᠂ ᠲᠠᠯ᠎ᠠ ᠨᠤᠲᠤᠭ ᠲᠤ ᠳᠠᠬᠢᠨ ᠰᠢᠨ᠎ᠡ ᠪᠠᠷ ᠠᠭᠤᠷᠬᠠᠶ ᠨᠡᠭᠡᠭᠡᠬᠦ ᠲᠥᠷᠥᠯ ᠵᠦᠢᠯ ᠭᠠᠷᠭᠠᠬᠤ ᠦᠭᠡᠢ᠂ ᠨᠤᠲᠤᠭ ᠪᠡᠯᠴᠢᠭᠡᠷ ᠤᠨ ᠭᠤᠣᠯ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠲᠥᠷᠥᠯ ᠵᠦᠢᠯ ᠢ ᠲᠥᠯᠥᠪᠵᠢᠭᠦᠯᠦᠨ ᠪᠥᠳᠥᠭᠡᠨ ᠪᠠᠶᠢᠭᠤᠯᠬᠤ ᠥᠭᠡᠢ᠂  ᠲᠠᠯ᠎ᠠ ᠨᠤᠲᠤᠭ ᠲᠤ ᠳᠤᠷ᠎ᠠ ᠪᠠᠷ ᠢᠶᠠᠨ ᠮᠠᠯᠲᠠᠬᠤ ᠶᠢ ᠡᠷᠡᠰ ᠬᠤᠷᠢᠭᠯᠠᠬᠤ ᠪᠠᠷ ᠪᠣᠯᠪᠠ᠃      ᠰᠢᠯᠢ ᠶᠢᠨ ᠭᠤᠤᠯ ᠠᠶᠢᠮᠠᠭ ᠡᠬᠢ ᠪᠠᠶᠠᠯᠢᠭ ᠤᠨ ᠪᠤᠶᠠᠨ ᠢᠪᠡᠭᠡᠯ ᠳᠤ ᠲᠦᠰᠢᠭᠯᠡᠨ᠂ ᠭᠠᠵᠠᠷ ᠣᠷᠣᠨ ᠤ ᠠᠵᠤ ᠠᠬᠤ ᠶᠢᠨ ᠬᠥᠭᠵᠢᠯᠲᠡ ᠶᠢ ᠳᠠᠶᠢᠴᠢᠯᠠᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠳᠠᠭᠠᠭᠠᠴᠠ ᠶᠢ ᠴᠤ ᠰᠢᠨᠵᠢᠯᠡᠪᠡ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ 2.7 ᠳ᠋ᠦᠩᠰᠢᠭᠤᠷ ᠮᠥ ᠠᠰᠢᠭᠯᠠᠵᠤ ᠪᠣᠯᠬᠤᠶᠢᠴᠠ ᠲᠠᠯ᠎ᠠ ᠨᠤᠲᠤᠭ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ 0.5 ᠳ᠋ᠦᠩᠰᠢᠭᠤᠷ ᠮᠥ ᠵᠠᠭᠠᠭᠯᠠᠨ ᠲᠣᠭᠲᠠᠭᠠᠵᠤ᠂ ᠦᠯᠡᠳᠡᠭᠰᠡᠨ 2.2 ᠳ᠋ᠦᠩᠰᠢᠭᠤᠷ ᠮᠦ ᠨᠤᠲᠤᠭ ᠪᠡᠯᠴᠢᠭᠡᠷ ᠢ ᠪᠦᠬᠦᠨ ᠢ ᠮᠠᠯ ᠪᠡᠯᠴᠢᠭᠡᠷ ᠤᠨ ᠲᠡᠩᠴᠡᠭᠦᠷᠢ ᠶᠢᠨ ᠶᠣᠰᠣᠭᠠᠷ ᠬᠠᠮᠢᠶᠠᠷᠬᠤ ᠣᠷᠣᠨ ᠪᠣᠯᠭᠠᠪᠠ᠃      ᠣᠳᠣᠬᠠᠨ ᠳᠤ᠂ ᠪᠦᠬᠦ ᠠᠶᠢᠮᠠᠭ ᠤᠨ ᠮᠠᠯ ᠠᠵᠤ ᠠᠬᠤᠢ ᠶᠢᠨ ᠮᠠᠯ ᠤᠨ ᠲᠤᠭ᠎ᠠ ᠶᠢ 1298 ᠲᠦᠮᠡ ᠪᠣᠯᠭᠠᠨ ᠴᠥᠬᠡᠳᠬᠡᠵᠦ᠂ 2015 ᠣᠨ ᠤ ᠬᠢ ᠠᠴᠠ 250 ᠲᠦᠮᠡ ᠴᠥᠬᠡᠳᠬᠡᠵᠦ᠂ ᠪᠡᠯᠴᠢᠭᠡᠷ ᠤᠨ ᠪᠠᠭᠲᠠᠭᠠᠮᠵᠢ ᠶᠢ ᠵᠦᠶ ᠵᠣᠬᠢᠰᠲᠠᠶ ᠳᠠᠭᠠᠭᠠᠴᠠ ᠶᠢᠨ ᠬᠡᠪᠴᠢᠶᠡᠨ ᠳᠤ ᠬᠢᠵᠠᠭᠠᠷᠯᠠᠨ᠎ᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠳᠤ᠂ ᠮᠠᠯᠴᠢᠳ ᠭᠤᠣᠯᠳᠠᠭᠤ ︽ᠪᠡᠯᠴᠢᠭᠡᠷᠯᠡᠭᠦᠯᠬᠦ + ᠬᠠᠰᠢᠶᠠᠯᠠᠨ ᠲᠡᠵᠢᠭᠡᠬᠦ︾ ᠬᠡᠯᠪᠡᠷᠢ ᠶᠢ ᠠᠪᠤᠨ᠎ᠠ᠃      ᠪᠦᠬᠦ ᠠᠶᠢᠮᠠᠭ 2018 ᠣᠨ ᠠᠴᠠ ᠡᠬᠢᠯᠡᠨ ᠬᠠᠪᠤᠷ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠬᠠᠮᠢᠶᠠᠷᠤᠯᠲᠠ ᠶᠣᠰᠣᠭᠠᠷ ᠵᠢᠯ ᠪᠦᠷᠢ 2.2 ᠳ᠋ᠦᠩᠰᠢᠭᠤᠷ ᠮᠦ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠵᠦ᠂ ᠡᠪᠡᠰᠦ ᠪᠡᠯᠴᠢᠭᠡᠷ ᠤᠨ ᠥᠪᠡᠰᠦᠪᠡᠨ ᠰᠡᠷᠭᠦᠬᠦ ᠶᠢ ᠠᠬᠢᠭᠤᠯᠪᠠ᠃ ᠬᠢᠨᠠᠨ ᠬᠡᠮᠵᠢᠭᠰᠡᠨ ᠦᠷ᠎ᠡ ᠳ᠋ᠦᠩ ᠢᠶᠠᠷ᠂ ᠡᠨᠡ ᠵᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠨᠢ 24.4%᠎ ᠳᠤ ᠬᠦᠷᠴᠦ᠂ ᠳᠤᠮᠳᠠᠴᠢ ᠪᠠᠷ 8 ᠰᠠᠨᠲ᠋ᠢᠮᠧᠲᠷ ᠦᠨᠳᠦᠷ ᠤᠷᠭᠤᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠲᠣᠰ ᠲᠣᠰ 0.5 ᠵᠠᠭᠤᠨ ᠤ ᠨᠢᠭᠡᠴᠢ ᠪᠠ 1.4 ᠰᠠᠨᠲ᠋ᠢᠮᠧᠲᠷ ᠨᠡᠮᠡᠭᠳᠡᠵᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号