ᠬᠢᠩᠭᠠᠨ ᠠᠶᠢᠮᠠᠭ ᠠᠩᠬ᠎ᠠ ᠤᠳᠠᠭ᠎ᠠ ᠶᠡᠭᠡ ᠬᠡᠪᠴᠢᠶ᠎ᠡ ᠪᠠᠷ ᠬᠠᠭᠤᠷᠠᠶ ᠶᠢᠨ ᠲᠤᠲᠤᠷᠭ᠎ᠠ ᠲᠠᠷᠢᠪᠠ
ᠨᠡᠶᠢᠲᠡᠯᠡᠭᠰᠡᠨ ᠴᠠᠭ᠄
2020/5/6
     5 ᠳ᠋ᠤᠭᠠᠷ ᠰᠠᠷ᠎ᠠ ᠶᠢᠨ 4᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠠᠩᠬ᠎ᠠ ᠤᠳᠠᠭ᠎ᠠ ᠶᠡᠭᠡ ᠬᠡᠪᠴᠢᠶ᠎ᠡ ᠪᠠᠷ ᠬᠠᠭᠤᠷᠠᠶ ᠲᠤᠲᠤᠷᠭ᠎ᠠ ᠳᠠᠷᠢᠵᠤ᠂ ︽ᠲᠤᠲᠤᠷᠭ᠎ᠠ ᠤᠰᠤ ᠠᠴᠠ ᠰᠠᠯᠵᠤ ᠴᠢᠳᠠᠬᠤ ᠥᠬᠡᠶ︾ ᠭᠡᠬᠦ ᠡᠨᠡ ᠬᠦ ᠵᠢᠮ᠎ᠡ ᠶᠣᠰᠣ ᠶᠢ ᠠᠮᠵᠢᠯᠲᠠᠲᠠᠶ ᠰᠢᠪᠲᠤᠯᠵᠤ᠂ ᠲᠤᠬᠠᠶ ᠶᠢᠨ ᠭᠠᠵᠠᠷ ᠢ ᠳᠠᠶᠢᠴᠢᠯᠠᠨ ᠤᠰᠤ ᠠᠷᠪᠢᠯᠠᠵᠤ ᠤᠨᠠᠯᠲᠠ ᠶᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠪᠠ᠃      ᠬᠢᠩᠭᠠᠨ ᠠᠶᠢᠮᠠᠭ ᠨᠢ ᠤᠮᠠᠷᠠᠲᠤ ᠥᠷᠭᠡᠷᠢᠭ ᠤᠨ 46°᠎ ᠤᠨ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠶᠢᠨ ᠠᠮᠢ ᠠᠬᠤᠶ ᠶᠢᠨ ᠲᠣᠭᠤᠷᠢᠭ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠬᠠᠭᠤᠷᠠᠢ ᠭᠠᠵᠠᠷ ᠤᠨ ᠤᠰᠤᠨ ᠲᠤᠲᠤᠷᠭ᠎ᠠ ᠲᠠᠷᠢᠬᠤ ᠰᠢᠵᠢᠷ ᠠᠯᠲᠠᠨ ᠪᠦᠰᠡ ᠳᠤ ᠣᠷᠣᠰᠢᠵᠤ᠂ ᠪᠠᠶᠢᠭᠠᠯᠢ ᠶᠢᠨ ᠭᠤᠤᠯ ᠮᠥᠷᠡᠨ ᠤ ᠤᠰᠤᠨ ᠤ ᠡᠬᠢ ᠰᠤᠷᠪᠤᠯᠵᠢ ᠪᠠ ᠬᠠᠷ᠎ᠠ ᠬᠥᠷᠥᠰᠥ ᠲᠠᠢ ᠪᠠᠶᠢᠳᠠᠭ ᠢᠶᠠᠷ ᠢᠶᠠᠨ ᠳᠤᠮᠳᠠᠳᠤ ᠤᠯᠤᠰ ᠤᠨ ᠲᠤᠲᠤᠷᠭ᠎ᠠ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠤᠨ᠎ᠠ᠃ ᠲᠤᠭ᠎ᠠ ᠪᠠᠷᠢᠮᠲᠠ ᠶᠢᠨ ᠪᠦᠷᠢᠳᠬᠡᠯ ᠠᠴᠠ ᠦᠵᠡᠪᠡᠯ᠂ 2020 ᠣᠨ ᠳᠤ ᠬᠢᠩᠭᠠᠨ ᠠᠶᠢᠮᠠᠭ ᠤᠨ ᠲᠤᠲᠤᠷᠭ᠎ᠠ ᠲᠠᠷᠢᠬᠤ ᠲᠠᠯᠠᠪᠠᠶ 140 ᠲᠦᠮᠡᠨ ᠮᠥ ᠳᠤ ᠬᠦᠷᠴᠦ᠂ ᠡᠭᠦᠨ ᠳᠤ ᠵᠠᠯᠠᠶᠢᠳ ᠬᠤᠰᠢᠭᠤ ᠶᠢᠨ ᠳᠠᠷᠢᠬᠤ ᠲᠠᠯᠠᠪᠠᠶ ᠪᠠ ᠤᠨᠠᠯᠲᠠ ᠨᠢ ᠬᠠᠮᠤᠭ ᠤᠨ ᠥᠨᠳᠥᠷ ᠪᠠᠶᠢᠵᠤ᠂ ᠬᠠᠭᠤᠷᠠᠶ ᠶᠢᠨ ᠲᠤᠲᠤᠷᠭ᠎ᠠ ᠳᠠᠷᠢᠬᠤ ᠲᠠᠯᠠᠪᠠᠶ ᠨᠢ 12 ᠲᠦᠮᠡᠨ ᠮᠥ᠂ ᠤᠰᠤᠨ ᠲᠤᠲᠤᠷᠭ᠎ᠠ ᠳᠠᠷᠢᠬᠤ ᠲᠠᠯᠠᠪᠠᠶ ᠨᠢ 78 ᠲᠦᠮᠡᠨ ᠮᠥ ᠪᠣᠢ᠃      ᠵᠠᠯᠠᠶᠢᠳ ᠬᠤᠰᠢᠭᠤ ᠶᠢᠨ ᠲᠠᠷᠢᠶᠠᠯᠠᠩ ᠤᠨ ᠮᠡᠷᠭᠡᠵᠢᠯᠲᠡᠨ ᠯᠢᠦ ᠹᠦ᠋ ᠸᠧᠶ ᠲᠠᠨᠢᠯᠴᠠᠭᠤᠯᠬᠤ ᠳᠤ ᠪᠠᠨ᠂ ᠬᠠᠭᠤᠷᠠᠢ ᠶᠢᠨ ᠲᠤᠲᠤᠷᠭ᠎ᠠ ᠲᠠᠷᠢᠬᠤ ᠭᠡᠳᠡᠭ ᠪᠣᠯ ᠴᠢᠬᠢ ᠪᠤᠶᠢᠵᠢᠭᠤᠯᠬᠤ ᠪᠠ ᠴᠢᠬᠢ ᠰᠠᠭᠤᠯᠭᠠᠬᠤ ᠥᠬᠡᠶ ᠪᠠᠷ ᠰᠢᠭᠤᠳ ᠬᠠᠭᠤᠷᠠᠶ ᠲᠠᠷᠢᠶᠠᠨ ᠭᠠᠵᠠᠷ ᠤᠨ ᠨᠥᠬᠦᠴᠡᠯ ᠳᠣᠤᠷ᠎ᠠ ᠳᠠᠷᠢᠬᠤ᠂ ᠪᠣᠷᠲᠣᠭᠤᠷ ᠣᠷᠣᠭᠤᠯᠬᠤ᠂ ᠡᠪᠡᠰᠦ ᠠᠷᠢᠯᠭᠠᠬᠤ᠂ ᠡᠪᠡᠳᠴᠢᠨ ᠬᠤᠷᠣᠬᠠᠶ ᠡᠪᠡᠰᠦᠨ ᠤ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠷᠢᠶᠠᠨ ᠭᠠᠵᠠᠷ ᠤᠨ ᠠᠵᠢᠯ ᠢ ᠴᠥᠮ ᠬᠠᠭᠤᠷᠠᠶ ᠲᠠᠷᠢᠶᠠᠨ ᠭᠠᠵᠠᠷ ᠤᠨ ᠨᠥᠬᠦᠴᠡᠯ ᠳᠣᠤᠷ᠎ᠠ ᠬᠢᠬᠦ ᠶᠢ ᠵᠢᠭᠠᠵᠤ ᠪᠣᠶ᠃ 2016 ᠣᠨ ᠳᠤ ᠵᠠᠯᠠᠶᠢᠳ ᠬᠤᠰᠢᠭᠤ ᠨᠢ ᠬᠠᠭᠤᠷᠠᠢ ᠪᠠᠷ ᠲᠠᠷᠢᠬᠤ ᠲᠤᠲᠤᠷᠭ᠎ᠠ ᠶᠢ ᠰᠦᠯᠢᠶᠥᠦ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠵᠤ ᠲᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠷᠰᠢᠯᠲᠠ ᠬᠢᠭᠡᠳ ᠠᠮᠵᠢᠯᠲᠠ ᠣᠯᠵᠠᠢ᠃ ᠤᠨᠠᠯᠲᠠ ᠶᠢ ᠬᠡᠮᠵᠢᠬᠦ ᠪᠠᠷ ᠳᠠᠮᠵᠢᠨ᠂ ᠬᠠᠭᠤᠷᠠᠶ ᠶᠢᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠨᠢ 473 ᠺᠢᠯᠣᠭ᠍ᠷᠠᠮ ᠠᠴᠠ ᠳᠡᠭᠡᠭᠰᠢ ᠬᠦᠷᠦᠨ᠎ᠡ ᠭᠡᠵᠡᠢ᠃      ︽ᠤᠯᠠᠮᠵᠢᠯᠠᠯᠲᠤ ᠤᠰᠤᠨ ᠲᠤᠲᠤᠷᠭ᠎ᠠ ᠳᠠᠷᠢᠬᠤ ᠲᠠᠢ ᠬᠠᠷᠢᠴᠠᠭᠤᠯᠪᠠᠯ᠂ ᠬᠠᠭᠤᠷᠠᠶ ᠪᠠᠷ ᠳᠠᠷᠢᠪᠠᠯ 70% ᠣᠷᠴᠢᠮ ᠤᠰᠤ ᠠᠷᠪᠢᠯᠠᠬᠤ ᠮᠥᠷᠲᠡᠭᠡᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠬᠡᠷᠡᠭᠯᠡᠭᠰᠡᠨ ᠠᠴᠠ ᠮᠥ ᠪᠦᠷᠢ 7.5 ᠺᠢᠯᠣᠭ᠍ᠷᠠᠮ ᠣᠷᠴᠢᠮ ᠪᠣᠷᠳᠣᠭᠤᠷ ᠠᠷᠪᠢᠯᠠᠬᠤ ᠪᠣᠯᠪᠠ︾ ᠬᠡᠮᠡᠨ ᠯᠢᠦ ᠹᠦ᠋ ᠸᠧᠶ ᠬᠡᠯᠡᠪᠡ᠂ ᠬᠠᠭᠤᠷᠠᠶ ᠪᠠᠷ ᠲᠠᠷᠢᠬᠤ ᠲᠤᠲᠤᠷᠭ᠎ᠠ ᠶᠢᠨ ᠡᠪᠡᠳᠴᠢᠨ ᠢ ᠡᠰᠡᠷᠭᠦᠴᠡᠬᠦ ᠴᠢᠨᠠᠷ᠂ ᠨᠠᠯᠠᠵᠤ ᠤᠨᠠᠬᠤ ᠶᠢ ᠡᠰᠡᠷᠭᠦᠴᠡᠬᠦ ᠴᠢᠳᠠᠪᠤᠷᠢ ᠨᠠᠩ ᠴᠢᠩᠭ᠎ᠠ ᠪᠠᠶᠢᠵᠤ᠂ ᠡᠰᠢ ᠰᠦᠷᠡᠯ ᠴᠦ ᠰᠢᠩᠬᠡᠭ ᠦᠨᠦᠷ ᠥᠬᠡᠶ ᠪᠠᠶᠢᠵᠤ᠂ ᠲᠡᠵᠢᠭᠡᠨ ᠦᠷᠡᠵᠢᠭᠦᠯᠬᠦ ᠦᠢᠯᠡᠰ ᠲᠤ ᠴᠢᠨᠠᠷ ᠰᠠᠶᠢᠲᠠᠶ ᠪᠣᠷᠳᠤᠭ᠎ᠠ ᠬᠠᠩᠭᠠᠵᠤ ᠪᠣᠯᠳᠠᠭ᠃      ᠠᠵᠤ ᠠᠬᠤᠶ ᠶᠢᠨ ᠦᠷ᠎ᠡ ᠠᠰᠢᠭ ᠠᠴᠠ ᠠᠪᠴᠤ ᠦᠵᠡᠪᠡᠯ᠂ ᠬᠠᠭᠤᠷᠠᠶ ᠶᠢᠨ ᠲᠤᠲᠤᠷᠭ᠎ᠠ ᠨᠢ ᠡᠷᠳᠡᠨᠢ ᠰᠢᠰᠢ ᠶᠢ ᠪᠣᠳᠤᠪᠠᠯ ᠳᠤᠮᠳᠠᠴᠢ ᠪᠠᠷ ᠮᠥ ᠪᠦᠷᠢ ᠠᠴᠠ ᠢᠯᠡᠭᠦᠦ 280 ᠲᠥᠭᠦᠷᠢᠭ ᠣᠷᠴᠢᠮ ᠤᠨ ᠣᠷᠣᠯᠭ᠎ᠠ ᠣᠯᠵᠤ᠂ ᠤᠯᠠᠮᠵᠢᠯᠠᠯᠲᠤ ᠤᠰᠤᠨ ᠲᠤᠲᠤᠷᠭ᠎ᠠ ᠶᠢ ᠪᠣᠳᠤᠪᠠᠯ ᠮᠥ ᠪᠦᠷᠢ ᠠᠴᠠ ᠢᠯᠡᠭᠦᠦ 80 ᠲᠥᠭᠦᠷᠢᠭ ᠣᠷᠴᠢᠮ ᠣᠷᠣᠯᠭ᠎ᠠ ᠣᠯᠣᠨ᠎ᠠ᠃ ᠵᠠᠯᠠᠶᠢᠳ ᠬᠤᠰᠢᠭᠤᠨ ᠤ ᠳᠡᠳ᠋ ᠳᠠᠷᠤᠭ᠎ᠠ ᠯᠢᠦ ᠬᠠᠶ ᠲᠤᠤ᠄ ︽ᠬᠠᠭᠤᠷᠠᠶ ᠶᠢᠨ ᠲᠤᠲᠤᠷᠭ᠎ᠠ ᠲᠠᠷᠢᠬᠤ ᠮᠡᠷᠭᠡᠵᠢᠯ ᠢ ᠳᠡᠯᠭᠡᠷᠡᠭᠦᠯᠦᠨ ᠲᠤᠷᠰᠢᠭᠰᠠᠨ ᠨᠢ ᠥᠪᠥᠷ ᠮᠣᠩᠭᠤᠯ ᠤᠨ ᠤᠰᠤᠨ ᠲᠤᠲᠤᠷᠭ᠎ᠠ ᠲᠠᠷᠢᠬᠤ ᠲᠠᠯ᠎ᠠ ᠪᠠᠷ ᠰᠢᠨ᠎ᠡ ᠬᠡᠯᠪᠡᠷᠢ ᠶᠢᠨ ᠤᠰᠤ ᠠᠷᠪᠢᠯᠠᠵᠤ ᠤᠨᠠᠯᠲᠠ ᠶᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ ᠬᠥᠭᠵᠢᠯᠲᠡ ᠶᠢᠨ ᠵᠠᠮ ᠢᠶᠠᠷ ᠵᠠᠮᠨᠠᠭᠤᠯᠵᠤ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠶᠢ ᠲᠦᠢᠯ ᠤᠨ ᠶᠡᠭᠡ ᠠᠬᠢᠭᠤᠯᠵᠤ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ︾ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号