ᠰᠢᠯᠢ ᠶᠢᠨ ᠭᠤᠤᠯ ᠠᠶᠢᠮᠠᠭ ︽ᠨᠢᠭᠡᠳᠦᠯᠲᠡᠶ ᠲᠥᠷᠥᠯ ᠬᠤᠪᠢᠶᠠᠬᠤ᠂ ᠨᠢᠭᠡᠳᠦᠯᠲᠡᠶ ᠳ᠋ᠤᠭᠠᠷᠯᠠᠬᠤ᠂ | ᠨᠢᠭᠡᠳᠦᠯᠲᠡᠶ ᠬᠠᠮᠠᠭᠠᠯᠠᠬᠤ᠂ ᠨᠢᠭᠡᠳᠦᠯᠲᠡᠶ ᠨᠡᠶᠢᠲᠡᠯᠡᠬᠦ᠂ ᠨᠢᠭᠡᠳᠦᠯᠲᠡᠶ ᠬᠠᠮᠢᠶᠠᠷᠬᠤ︾ ᠶᠡᠷᠦᠩᠬᠡᠶ ᠱᠠᠭᠠᠷᠳᠠᠯᠭ᠎ᠠ | ᠶᠣᠰᠣᠭᠠᠷ᠂ ᠪᠥᠬᠦ ᠠᠶᠢᠮᠠᠭ ᠤᠨ 204 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ 595 | ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ 2273 ᠡᠮ ᠡᠮᠨᠡᠯᠭᠡ ᠶᠢᠨ ᠳᠠᠭᠠᠳᠬᠠᠯ ᠤᠨ | ᠡᠮᠴᠢ᠂ 2482 ᠡᠮ ᠡᠮᠨᠡᠯᠭᠡ ᠶᠢᠨ ᠳᠠᠭᠠᠳᠬᠠᠯ ᠤᠨ ᠰᠤᠪᠢᠯᠠᠭᠴᠢ᠂ 635 ᠡᠮ ᠡᠮᠨᠡᠯᠭᠡ ᠶᠢᠨ ᠳᠠᠭᠠᠳᠬᠠᠯ ᠤᠨ | ᠡᠮ ᠨᠠᠶᠢᠷᠠᠭᠴᠢ᠂ 68 ᠵᠦᠢᠯ ᠤᠨ ᠡᠭᠦᠳᠡᠨ ᠡᠮᠨᠡᠯᠭᠡ ᠶᠢᠨ ᠣᠨᠴᠠ ᠪᠠ ᠤᠵᠢᠭ ᠴᠢᠨᠠᠷᠲᠠᠢ ᠡᠪᠡᠳᠴᠢᠨ ᠤ ᠲᠥᠷᠥᠯ᠂ | 146 ᠵᠦᠢᠯ ᠤᠨ ᠡᠪᠡᠳᠴᠢᠨ ᠤ ᠲᠥᠷᠥᠯ ᠢᠶᠠᠷ ᠳ᠋ᠦᠩᠨᠡᠨ ᠪᠤᠳᠤᠬᠤ ᠡᠪᠡᠳᠴᠢᠨ ᠤ ᠲᠥᠷᠥᠯ ᠪᠠ 32 ᠵᠦᠢᠯ ᠤᠨ | ᠡᠳᠦᠷ ᠤᠨ ᠮᠡᠰᠡ ᠵᠠᠰᠠᠯ ᠤᠨ ᠡᠪᠡᠳᠴᠢᠨ ᠤ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ | ᠲᠤᠬᠠᠶᠢᠯᠠᠭᠰᠠᠨ ᠠᠵᠢᠯ ᠢ ᠳ᠋ᠤᠭᠠᠷᠯᠠᠬᠤ ᠬᠠᠮᠠᠭᠠᠯᠠᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ | ᠪᠡᠶᠡᠯᠡᠭᠦᠯᠪᠡ᠃ |