ᠬᠥᠬᠡᠬᠤᠲᠠ ᠶᠢᠨ 2020 ᠣᠨ ᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠲᠤᠬᠠᠢ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠤᠨ ᠬᠢᠨ ᠤ ᠲᠠᠶᠢᠯᠤᠮᠵᠢ
ᠨᠡᠶᠢᠲᠡᠯᠡᠭᠰᠡᠨ ᠴᠠᠭ᠄
2020/6/10

     6 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠡᠭᠦᠨ ᠳᠤ ᠭᠡᠷ ᠤᠨ ᠠᠬᠠᠮᠠᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠠᠴᠠ ᠲᠠᠶᠢᠯᠤᠮᠵᠢ ᠬᠢᠪᠡ᠃
     ᠠᠰᠠᠭᠤᠯᠲᠠ᠄ ᠬᠥᠬᠡᠬᠤᠲᠠ ᠶᠢᠨ 2020 ᠣᠨ ᠤ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠦᠨᠳᠦᠰᠦᠨ ᠵᠠᠷᠴᠢᠮ ᠨᠢ ᠶᠠᠭᠤ ᠪᠣᠢ︖
     ᠬᠠᠷᠢᠭᠤᠯᠲᠠ᠄ ᠡᠯ᠎ᠡ ᠲᠣᠭᠤᠷᠢᠭ ᠠᠴᠠ ᠨᠢᠭᠡᠳᠦᠯᠲᠡᠢ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠯᠠᠭᠤᠯᠬᠤ ᠵᠠᠷᠴᠢᠮ ᠢ ᠪᠠᠷᠢᠮᠲᠠᠯᠠᠨ᠎ᠠ︔ ︽ᠬᠠᠷᠢᠶᠠᠯᠠᠭᠳᠠᠬᠤ ᠣᠷᠣᠨ ᠢᠶᠠᠷ ᠬᠠᠮᠢᠶᠠᠷᠤᠭᠤᠯᠵᠤ᠂ ᠰᠢᠶᠠᠨ ᠢᠶᠠᠷ ᠭᠤᠣᠯ ᠪᠣᠯᠭᠠᠬᠤ︾ ᠵᠠᠷᠴᠢᠮ ᠢ ᠪᠠᠷᠢᠮᠲᠠᠯᠠᠨ᠎ᠠ︔ ︽ᠰᠢᠯᠭᠠᠯᠲᠠ ᠪᠠᠷ ᠳᠠᠮᠵᠢᠬᠤ ᠦᠭᠡᠢ᠂ ᠬᠠᠷᠢᠴᠠᠩᠭᠤᠢ ᠣᠶᠢᠷᠠᠯᠴᠠᠭ᠎ᠠ ᠰᠤᠷᠭᠠᠭᠤᠯᠢ ᠳᠤ ᠣᠷᠣᠬᠤ︾ ᠪᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠵᠠᠷᠴᠢᠮ ᠢ ᠪᠠᠷᠢᠮᠲᠠᠯᠠᠨ᠎ᠠ︔ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠵᠠᠷᠴᠢᠮ ᠢ ᠪᠠᠷᠢᠮᠲᠠᠯᠠᠨ᠎ᠠ︔ ᠬᠠᠷᠢᠴᠠᠩᠭᠤᠢ ᠲᠣᠭᠲᠠᠪᠤᠷᠢᠲᠠᠢ᠂ ᠬᠡᠮᠵᠢᠶ᠎ᠡ ᠵᠣᠬᠢᠰᠲᠠᠢ ᠪᠠᠷ ᠲᠣᠬᠢᠷᠠᠭᠤᠯᠤᠯᠲᠠ ᠬᠢᠬᠦ ᠵᠠᠷᠴᠢᠮ ᠢ ᠪᠠᠷᠢᠮᠲᠠᠯᠠᠨ᠎ᠠ᠃
     ᠠᠰᠠᠭᠤᠯᠲᠠ᠄ ᠬᠥᠬᠡᠬᠤᠲᠠ ᠶᠢᠨ 2020 ᠣᠨ ᠤ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠨᠦᠭᠦᠴᠡᠯ ᠨᠢ ᠶᠠᠭᠤ ᠪᠣᠢ︖
     ᠬᠠᠷᠢᠭᠤᠯᠲᠠ᠄ ᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠡᠯᠰᠡᠬᠦ ᠰᠤᠷᠤᠭᠴᠢ ᠨᠢ ᠪᠦᠬᠦᠯᠢ 6 ᠨᠠᠰᠤ ︵2014 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠲᠥᠷᠥᠭᠰᠡᠨ︶ ᠬᠥᠷᠥᠭᠰᠡᠨ᠂ ᠰᠤᠷᠤᠯᠴᠠᠬᠤ ᠴᠢᠳᠠᠪᠤᠷᠢ ᠲᠠᠢ ᠮᠥᠷᠲᠡᠭᠡᠨ ᠳᠣᠣᠷᠠᠬᠢ ᠨᠥᠬᠦᠴᠡᠯ ᠤᠳ ᠤᠨ ᠨᠢᠭᠡ ᠳᠤ ᠨᠡᠶᠢᠴᠡᠭᠰᠡᠨ ᠪᠠᠶᠢᠬᠤ ᠬᠡᠷᠡᠭᠲᠡᠢ ᠲᠤᠬᠠᠶᠢᠯᠠᠪᠠᠯ᠄ ᠬᠤᠲᠠ ᠶᠢᠨ ᠳᠥᠷᠪᠡᠨ ᠲᠣᠭᠤᠷᠢᠭ ᠤᠨ ᠡᠷᠦᠬᠡ ᠠᠮᠠ ᠶᠢᠨ ᠬᠠᠷᠢᠶᠠᠯᠠᠯ ᠲᠠᠢ ᠬᠡᠦᠬᠡᠳ︔ ᠬᠤᠲᠠ ᠶᠢᠨ ᠲᠣᠭᠤᠷᠢᠭ ᠲᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠪᠠ ᠠᠵᠢᠯ ᠣᠯᠣᠭᠰᠠᠳ᠂ ᠬᠠᠮᠢᠶ᠎ᠠ ᠪᠦᠬᠦᠢ ᠦᠨᠡᠨ ᠪᠣᠳᠠᠲᠠᠢ᠂ ᠣᠨᠣᠪᠴᠢᠲᠠᠢ ᠮᠡᠳᠡᠭᠡ ᠵᠠᠩᠭᠢ ᠶᠢᠨ ᠮᠠᠲ᠋ᠧᠷᠢᠶᠠᠯ ᠬᠠᠩᠭᠠᠵᠤ ᠴᠢᠳᠠᠬᠤ ᠮᠥᠷᠲᠡᠭᠡᠨ ᠲᠣᠭᠲᠠᠭᠠᠯ ᠳᠤ ᠨᠡᠶᠢᠴᠡᠭᠰᠡᠨ ᠬᠤᠲᠠ ᠳᠤ ᠣᠷᠣᠵᠤ ᠬᠦᠴᠦ ᠶᠠᠪᠤᠭᠰᠠᠳ ᠤᠨ ᠳᠠᠭᠠᠯᠳᠤᠨ ᠨᠡᠭᠦᠭᠰᠡᠨ ᠦᠷ᠎ᠡ ᠬᠡᠦᠬᠡᠳ ᠪᠣᠯᠣᠨ᠎ᠠ᠃
     ᠠᠰᠠᠭᠤᠯᠲᠠ᠄ ᠬᠤᠲᠠ ᠶᠢᠨ ᠲᠣᠭᠤᠷᠢᠭ ᠤᠨ ᠨᠠᠰᠤᠨ ᠳᠤ ᠬᠦᠷᠦᠭᠰᠡᠨ ᠬᠡᠦᠬᠡᠳ ᠬᠡᠷᠪᠡ ᠨᠢᠭᠡᠳᠦᠯᠲᠡᠢ ᠪᠠᠷ ᠮᠡᠳᠡᠭᠡ ᠵᠠᠩᠭᠢ ᠴᠤᠭᠯᠠᠭᠤᠯᠬᠤ ᠳᠤ ᠣᠷᠣᠯᠴᠠᠭᠰᠠᠨ ᠦᠭᠡᠢ ᠪᠣᠯ᠂ ᠲᠡᠭᠦᠨ ᠤ ᠪᠠᠶᠢᠭ᠎ᠠ ᠲᠣᠭᠤᠷᠢᠭ ᠤᠨ ᠬᠠᠷᠢᠶ᠎ᠠ ᠪᠠᠭ᠎ᠠ ᠰᠤᠷᠭᠠᠭᠤᠯᠢ ᠳᠤ ᠣᠷᠣᠵᠤ ᠪᠢᠴᠢᠭ ᠦᠵᠡᠵᠦ ᠪᠣᠯᠣᠨ᠎ᠠ ᠦᠦ︖
     ᠬᠠᠷᠢᠭᠤᠯᠲᠠ᠄ ᠪᠣᠯᠬᠤ ᠦᠭᠡᠢ᠃
     ᠠᠰᠠᠭᠤᠯᠲᠠ᠄ ᠭᠡᠷ ᠤᠨ ᠠᠬᠠᠮᠠᠳ ᠠᠴᠠ ᠵᠢᠩᠬᠢᠨᠢ ᠪᠠᠷ ᠨᠡᠶᠢᠲᠡᠯᠡᠭᠰᠡᠨ ᠬᠤᠲᠠ ᠶᠢᠨ ᠡᠯ᠎ᠡ ᠲᠣᠭᠤᠷᠢᠭ ᠤᠨ

︽2020 ᠣᠨ ᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾ ᠢ ᠬᠠᠮᠢᠭ᠎ᠠ ᠠᠴᠠ ᠬᠠᠶᠢᠨ ᠯᠠᠪᠯᠠᠵᠤ ᠪᠣᠯᠬᠤ ᠪᠣᠢ︖
     ᠬᠠᠷᠢᠭᠤᠯᠲᠠ᠄ ︽ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ http᠄ //www.hhkszx.cn/︾ ᠪᠠᠷ ᠳᠠᠮᠵᠢᠨ ᠬᠠᠶᠢᠨ ᠯᠠᠪᠯᠠᠵᠤ ᠪᠣᠯᠣᠨ᠎ᠠ᠃
     ᠠᠰᠠᠭᠤᠯᠲᠠ᠄ ᠬᠥᠬᠡᠬᠤᠲᠠ ᠶᠢᠨ 2020 ᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭ᠎ᠠ ᠰᠤᠷᠭᠠᠭᠤᠯᠢ ᠳᠤ ᠣᠷᠣᠬᠤ ᠨᠠᠰᠤᠨ ᠳᠤ ᠬᠦᠷᠦᠭᠰᠡᠨ ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠳᠠᠩᠰᠠᠯᠠᠬᠤ ᠴᠠᠭ ᠢ ᠬᠡᠷᠬᠢᠨ ᠲᠣᠬᠢᠷᠠᠭᠤᠯᠤᠭᠰᠠᠨ ᠪᠣᠢ︖
     ᠬᠠᠷᠢᠭᠤᠯᠲᠠ᠄ 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠃
     ᠠᠰᠠᠭᠤᠯᠲᠠ᠄ ᠬᠤᠲᠠ ᠶᠢᠨ ᠡᠯ᠎ᠡ ᠲᠣᠭᠤᠷᠢᠭ ᠠᠴᠠ ᠲᠤᠰ ᠲᠣᠭᠤᠷᠢᠭ ᠤᠨ ᠢᠶᠠᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠬᠡᠰᠡᠭ ᠬᠤᠪᠢᠶᠠᠭᠰᠠᠨ ᠬᠡᠪᠴᠢᠶ᠎ᠡ ᠪᠠᠨ ᠬᠡᠵᠢᠶ᠎ᠡ ᠨᠡᠶᠢᠲᠡᠯᠡᠬᠦ ᠪᠣᠢ︖
     ᠬᠠᠷᠢᠭᠤᠯᠲᠠ᠄ ᠮᠡᠳᠡᠭᠡ ᠵᠠᠩᠭᠢ ᠴᠤᠭᠯᠠᠭᠤᠯᠬᠤ ᠠᠵᠢᠯ ᠳᠠᠭᠤᠰᠤᠭᠰᠠᠨ ᠤ ᠳᠠᠷᠠᠭ᠎ᠠ ᠬᠤᠲᠠ ᠶᠢᠨ ᠳᠥᠷᠪᠡᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠲᠤᠰ ᠲᠤᠰ ᠲᠤ ᠨᠢ ᠨᠡᠶᠢᠲᠡᠯᠡᠨ᠎ᠡ᠃
     ᠠᠰᠠᠭᠤᠯᠲᠠ᠄ 2020 ᠣᠨ ᠤ ᠬᠤᠲᠠ ᠶᠢᠨ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠭᠰᠠᠨ ᠦᠷ᠎ᠡ ᠳ᠋ᠦᠩ ᠢ ᠨᠡᠶᠢᠲᠡᠯᠡᠬᠦ ᠪᠠ ᠬᠠᠶᠢᠨ ᠯᠠᠪᠯᠠᠬᠤ ᠠᠷᠭ᠎ᠠ ᠬᠡᠯᠪᠡᠷᠢ ᠵᠢᠴᠢ ᠴᠠᠭ ᠢ ᠬᠡᠷᠬᠢᠨ ᠲᠣᠬᠢᠷᠠᠭᠤᠯᠤᠭᠰᠠᠨ ᠪᠣᠢ︖
     ᠬᠠᠷᠢᠭᠤᠯᠲᠠ᠄ ᠪᠠᠭ᠎ᠠ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠭᠰᠠᠨ ᠦᠷ᠎ᠡ ᠳ᠋ᠦᠩ ᠢ ᠬᠠᠶᠢᠨ ᠯᠠᠪᠯᠠᠬᠤ ᠰᠦᠯᠵᠢᠶᠡᠨ ᠤ ᠬᠠᠶ᠋ᠢᠭ᠄ ᠬᠥᠬᠡᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ http᠄ //www.hhkszx.cn/︔  ᠪᠠᠭ᠎ᠠ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠭᠰᠠᠨ ᠦᠷ᠎ᠡ ᠳ᠋ᠦᠩ ᠢ ᠬᠠᠶᠢᠨ ᠯᠠᠪᠯᠠᠬᠤ ᠴᠠᠭ᠄ 2020 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ ᠰᠡᠭᠦᠯᠡᠷ᠃
     ᠠᠰᠠᠭᠤᠯᠲᠠ᠄ ᠨᠠᠰᠤᠨ ᠳᠤ ᠬᠦᠷᠦᠭᠰᠡᠨ ᠬᠡᠦᠬᠡᠳ ᠤᠨ ᠭᠡᠷ ᠤᠨ ᠠᠬᠠᠮᠠᠳ ᠠᠴᠠ ︽2020 ᠣᠨ ᠤ ᠬᠥᠬᠡᠬᠤᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠬᠦᠰᠦᠨᠦᠭᠲᠦ︾ ᠶᠢ ᠳᠠᠩᠰᠠᠯᠠᠬᠤ ᠪᠠ ᠲᠠᠭᠯᠠᠬᠤ ᠦᠶ᠎ᠡ ᠳᠤ᠂ ᠶᠠᠮᠠᠷ ᠶᠠᠮᠠᠷ ᠠᠰᠠᠭᠤᠳᠠᠯ ᠢ ᠣᠨᠴᠠᠭᠠᠶᠢᠯᠠᠨ ᠠᠩᠬᠠᠷᠬᠤ ᠴᠢᠬᠤᠯᠠᠲᠠᠢ ᠪᠣᠢ︖
     ᠬᠠᠷᠢᠭᠤᠯᠲᠠ᠄ ᠬᠤᠪᠢ ᠬᠥᠮᠥᠨ ᠤ ᠡᠷᠦᠬᠡ ᠠᠮᠠ ᠶᠢᠨ ᠬᠠᠷᠢᠶᠠᠯᠠᠯ ᠤᠨ ᠪᠠᠶᠢᠳᠠᠯ ᠢᠶᠠᠨ ᠦᠨᠳᠦᠰᠦᠯᠡᠨ

︽ᠬᠤᠲᠠ ᠶᠢᠨ ᠳᠣᠲᠣᠷᠠᠬᠢ ᠣᠷᠣᠨ ᠰᠠᠭᠤᠴᠠ ᠲᠠᠢ ᠪᠠᠨ ᠨᠢᠭᠡᠳᠦᠯᠲᠡᠢ ᠡᠷᠦᠬᠡ ᠠᠮᠠ ᠶᠢᠨ ᠬᠠᠷᠢᠶᠠᠯᠠᠯ︾ ᠪᠤᠶᠤ

︽ᠬᠤᠲᠠ ᠶᠢᠨ ᠳᠣᠲᠣᠷᠠᠬᠢ ᠪᠤᠰᠤ ᠣᠷᠣᠨ ᠰᠠᠭᠤᠴᠠ ᠲᠠᠢ ᠪᠠᠨ ᠨᠢᠭᠡᠳᠦᠯᠲᠡᠢ ᠡᠷᠦᠬᠡ ᠠᠮᠠ ᠶᠢᠨ ᠬᠠᠷᠢᠶᠠᠯᠠᠯ︾ ᠢ ᠵᠥᠪ ᠢᠶᠠᠷ ᠰᠣᠩᠭᠤᠬᠤ ᠬᠡᠷᠡᠭᠲᠡᠢ︔ ᠳᠠᠩᠰᠠᠯᠠᠬᠤ ᠨᠢᠭᠤᠷ ᠲᠤ ᠨᠡᠪᠲᠡᠷᠡᠨ ᠣᠷᠣᠭᠰᠠᠨ ᠤ ᠳᠠᠷᠠᠭ᠎ᠠ᠂ ᠨᠢᠭᠤᠷ ᠤᠨ ᠪᠠᠷᠠᠭᠤᠨ ᠳᠡᠭᠡᠷ᠎ᠡ ᠲᠠᠯ᠎ᠠ ᠳᠤ ᠢᠯᠡᠷᠡᠭᠰᠡᠨ ︽ᠳᠠᠩᠰᠠᠯᠠᠬᠤ ᠳ᠋ᠤᠭᠠᠷᠯᠠᠯ︾ ᠢ ᠴᠠᠭ ᠲᠤᠬᠠᠢ ᠳᠤ ᠨᠢ ᠲᠡᠮᠳᠡᠭᠯᠡᠬᠦ ᠪᠠ ᠬᠠᠳᠠᠭᠠᠯᠠᠬᠤ ᠬᠡᠷᠡᠭᠲᠡᠢ︔ ᠪᠣᠢ ᠪᠦᠬᠦᠢ ᠪᠤᠯᠤᠩ ᠢ ᠡᠷᠬᠡᠪᠰᠢ ᠪᠦᠷᠢᠨ ᠭᠦᠢᠴᠡᠳ ᠰᠣᠩᠭᠤᠬᠤ ᠪᠤᠶᠤ ᠲᠠᠭᠯᠠᠵᠤ᠂ ᠣᠷᠬᠢᠭᠳᠠᠭᠤᠯᠵᠤ ᠪᠣᠯᠬᠤ ᠦᠭᠡᠢ᠃
     ᠲᠥᠷᠥᠭᠰᠡᠨ ᠣᠨ ᠰᠠᠷ᠎ᠠ ᠡᠳᠦᠷ ᠢ ᠡᠷᠬᠡᠪᠰᠢ ᠰᠢᠰᠲ᠋ᠧᠮ ᠤᠨ ᠬᠠᠩᠭᠠᠭᠰᠠᠨ ᠣᠨ ᠰᠠᠷ᠎ᠠ ᠡᠳᠦᠷ ᠤᠨ ᠬᠡᠪ ᠬᠡᠯᠪᠡᠷᠢ ᠶᠣᠰᠣᠭᠠᠷ ᠲᠠᠭᠯᠠᠬᠤ ᠬᠡᠷᠡᠭᠲᠡᠢ︔ ︽ᠣᠷᠣᠰᠢᠨ ᠰᠠᠭᠤᠭ᠎ᠠ ᠭᠠᠵᠠᠷ ᠤᠨ ᠨᠠᠷᠢᠨ ᠬᠠᠶ᠋ᠢᠭ︾ ᠢ ᠡᠷᠬᠡᠪᠰᠢ

︽ᠲᠣᠭᠤᠷᠢᠭ + ᠵᠡᠭᠡᠯᠢ ︵ᠭᠤᠳᠤᠮᠵᠢ᠂ ᠵᠠᠮ︶ + ᠰᠠᠭᠤᠭᠠᠯᠢ ᠲᠣᠭᠤᠷᠢᠭ ᠤᠨ ᠨᠡᠷᠡᠶᠢᠳᠦᠯ + ᠠᠰᠠᠷ ᠤᠨ ᠫᠠᠶᠢᠰᠠ ᠨᠣᠮᠧᠷ︾ ᠤᠨ ᠳᠡᠰ ᠳᠠᠷᠠᠭᠠᠯᠠᠯ ᠶᠣᠰᠣᠭᠠᠷ ᠲᠠᠭᠯᠠᠨ᠎ᠠ᠃ ᠵᠢᠱᠢᠶᠡᠯᠡᠪᠡᠯ᠄ ᠰᠠᠶᠢᠬᠠᠨ ᠲᠣᠭᠤᠷᠢᠭ ᠤᠨ ᠬᠥᠯᠥᠨ ᠪᠣᠶᠢᠷ ᠡᠮᠦᠨ᠎ᠡ ᠵᠠᠮ ᠤᠨ ᠠᠷᠠᠰᠤ ᠰᠢᠷᠢ ᠶᠢᠨ ᠦᠢᠯᠡᠳᠪᠦᠷᠢ ᠶᠢᠨ ᠹᠧᠩ ᠬᠤᠸᠠ ᠶᠤᠸᠠᠨ ᠰᠠᠭᠤᠭᠠᠯᠢ ᠲᠣᠭᠤᠷᠢᠭ ᠤᠨ 16 ᠳ᠋ᠤᠭᠠᠷ ᠠᠰᠠᠷ ᠤᠨ 4 ᠳ᠋ᠦ᠋ᠭᠡᠷ ᠨᠢᠭᠡᠴᠢ ᠶᠢᠨ 5 ᠳ᠋ᠤᠭᠠᠷ ᠳᠠᠪᠬᠤᠷᠯᠢᠭ ᠤᠨ ᠪᠠᠷᠠᠭᠤᠨ ᠡᠷᠦᠬᠡ᠃
     ᠠᠰᠠᠭᠤᠯᠲᠠ᠄ ᠭᠡᠷ ᠤᠨ ᠠᠬᠠᠮᠠᠳ ᠪᠠ ᠬᠠᠮᠢᠶ᠎ᠠ ᠪᠦᠬᠦᠢ ᠬᠡᠷᠡᠭᠯᠡᠭᠴᠢ ᠠᠴᠠ ᠲᠤᠰ ᠤᠳᠠᠭᠠᠨ ᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠶᠢ ᠰᠦᠯᠵᠢᠶᠡᠨ ᠳᠡᠭᠡᠷ᠎ᠡ ᠳᠠᠩᠰᠠᠯᠠᠨ ᠨᠡᠷ᠎ᠡ ᠮᠡᠳᠡᠭᠦᠯᠬᠦ ᠪᠠᠷ ᠭᠦᠢᠴᠡᠳᠬᠡᠬᠦ ᠦᠶ᠎ᠡ ᠳᠤ᠂ ᠶᠠᠮᠠᠷ ᠭᠦᠢᠯᠭᠡᠭᠡᠨ ᠬᠠᠶᠢᠭᠴᠢ ᠶᠢ ᠰᠣᠩᠭᠤᠨ ᠬᠡᠷᠡᠭᠯᠡᠪᠡᠯ ᠦᠷ᠎ᠡ ᠪᠦᠲᠦᠮᠵᠢ ᠨᠢ ᠬᠠᠮᠤᠭ ᠤᠨ ᠰᠠᠶᠢᠨ

ᠪᠣᠢ︖
     ᠬᠠᠷᠢᠭᠤᠯᠲᠠ᠄ ︽ᠭᠦᠦᠭᠧᠯ ︵Googel︶ ᠬᠠᠶᠢᠭᠴᠢ︾ ᠶᠢ ᠰᠣᠩᠭᠤᠨ ᠬᠡᠷᠡᠭᠯᠡᠬᠦ ᠶᠢ ᠰᠠᠨᠠᠭᠠᠴᠢᠯᠠᠵᠤ ᠪᠠᠶᠢᠨ᠎ᠠ᠃
     ᠠᠰᠠᠭᠤᠯᠲᠠ᠄ ᠭᠡᠷ ᠤᠨ ᠠᠬᠠᠮᠠᠳ ᠠᠴᠠ ᠰᠦᠯᠵᠢᠶᠡᠨ ᠳᠡᠭᠡᠷ᠎ᠡ ᠬᠤᠪᠢ ᠬᠥᠮᠥᠨ ᠤ ᠮᠠᠲ᠋ᠧᠷᠢᠶᠠᠯ ᠤᠨ ᠮᠡᠳᠡᠭᠡ ᠵᠠᠩᠭᠢ ᠪᠠᠨ ᠳᠠᠩᠰᠠᠯᠠᠨ ᠲᠠᠭᠯᠠᠬᠤ ᠦᠶ᠎ᠡ ᠳᠤ᠂ ︽ᠬᠠᠷᠠᠭᠠᠯᠵᠠᠨ ᠬᠠᠮᠠᠭᠠᠯᠠᠭᠴᠢ ᠶᠢᠨ ᠦᠨᠡᠮᠯᠡᠯ ᠤᠨ ᠨᠣᠮᠧᠷ︾ ᠭᠡᠬᠦ ᠬᠦᠰᠦᠨᠦᠭᠲᠦ ᠳᠤ ᠬᠠᠷᠠᠭᠠᠯᠵᠠᠨ ᠬᠠᠮᠠᠭᠠᠯᠠᠭᠴᠢ ᠶᠢᠨ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠲᠠᠭᠯᠠᠨ᠎ᠠ ᠦᠦ︖
     ᠬᠠᠷᠢᠭᠤᠯᠲᠠ᠄ ᠲᠡᠶᠢᠮᠦ᠃ ᠬᠡᠷᠪᠡ ᠣᠨᠴᠠᠭᠠᠢ ᠪᠠᠶᠢᠳᠠᠯ ᠠᠴᠠ ᠪᠣᠯᠵᠤ ᠪᠡᠶ᠎ᠡ ᠶᠢᠨ ᠦᠨᠡᠮᠯᠡᠯ ᠤᠨ ᠨᠣᠮᠧᠷ ᠪᠠᠶᠢᠬᠤ ᠦᠭᠡᠢ ᠪᠣᠯ᠂ ᠴᠠᠭ ᠲᠤᠬᠠᠢ ᠳᠤ ᠨᠢ ᠲᠣᠭᠤᠷᠢᠭ ᠤᠨ ᠬᠠᠷᠢᠶ᠎ᠠ ᠰᠤᠷᠭᠠᠨ ᠬᠥᠮᠥᠵᠢᠯ ᠤᠨ ᠲᠣᠪᠴᠢᠶ᠎ᠠ ᠲᠠᠢ ᠬᠠᠷᠢᠯᠴᠠᠵᠤ ᠰᠢᠢᠳᠪᠦᠷᠢᠯᠡᠬᠦ ᠬᠡᠷᠡᠭᠲᠡᠢ᠃
     ᠠᠰᠠᠭᠤᠯᠲᠠ᠄ ᠭᠠᠯᠢᠭ ᠦᠰᠦᠭ ︽X︾ ᠢᠶᠠᠷ ᠲᠡᠭᠦᠰᠦᠭᠰᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ ᠢ ᠲᠠᠭᠯᠠᠬᠤ ᠦᠶ᠎ᠡ ᠳᠤ᠂ ᠪᠠᠭ᠎ᠠ ᠪᠢᠴᠢᠯᠭᠡ ᠶᠢᠨ ᠭᠠᠯᠢᠭ ᠦᠰᠦᠭ ︽x︾ ᠢ ᠬᠡᠷᠡᠭᠯᠡᠵᠦ ᠪᠣᠯᠣᠨ᠎ᠠ ᠦᠦ︖
     ᠬᠠᠷᠢᠭᠤᠯᠲᠠ᠄ ᠪᠣᠯᠬᠤ ᠦᠭᠡᠢ᠃ ᠡᠷᠬᠡᠪᠰᠢ ᠲᠣᠮᠣ ᠪᠢᠴᠢᠯᠭᠡ ᠶᠢᠨ ᠭᠠᠯᠢᠭ ᠦᠰᠦᠭ ︽X︾ ᠢ ᠬᠡᠷᠡᠭᠯᠡᠬᠦ ᠬᠡᠷᠡᠭᠲᠡᠢ᠃
     ᠠᠰᠠᠭᠤᠯᠲᠠ᠄ ᠭᠡᠷ ᠤᠨ ᠠᠬᠠᠮᠠᠳ ᠠᠴᠠ ︽2020 ᠣᠨ ᠤ ᠬᠥᠬᠡᠬᠤᠲᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠬᠦᠰᠦᠨᠦᠭᠲᠦ︾ ᠶᠢ ᠬᠡᠵᠢᠶ᠎ᠡ ᠳᠠᠷᠤᠮᠠᠯᠯᠠᠵᠤ ᠪᠣᠯᠬᠤ ᠪᠣᠢ︖
     ᠬᠠᠷᠢᠭᠤᠯᠲᠠ᠄ 7 ᠳ᠋ᠤᠭᠠᠷ ᠰᠠᠷ᠎ᠠ ᠶᠢᠨ 1 ᠤ ᠡᠳᠦᠷ᠃
     ᠠᠰᠠᠭᠤᠯᠲᠠ᠄ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠪᠠ ᠳᠠᠩᠰᠠᠯᠠᠬᠤ ᠴᠠᠭ ᠨᠢ ᠲᠤᠯᠤᠭᠰᠠᠨ ᠤ ᠳᠠᠷᠠᠭ᠎ᠠ᠂ ᠮᠡᠳᠡᠭᠡ ᠵᠠᠩᠭᠢ ᠪᠠᠨ ᠵᠠᠰᠠᠨ ᠥᠭᠡᠷᠡᠴᠢᠯᠡᠵᠦ ᠪᠣᠯᠣᠨ᠎ᠠ ᠦᠦ︖
     ᠬᠠᠷᠢᠭᠤᠯᠲᠠ᠄ ᠪᠣᠯᠬᠤ ᠦᠭᠡᠢ᠃ ᠮᠡᠳᠡᠭᠡ ᠵᠠᠩᠭᠢ ᠶᠢ ᠴᠤᠭᠯᠠᠭᠤᠯᠬᠤ ᠪᠠ ᠳᠠᠩᠰᠠᠯᠠᠬᠤ ᠬᠠᠮᠤᠭ ᠤᠨ ᠡᠴᠦᠰ ᠤᠨ ᠴᠠᠭ ᠪᠣᠯᠬᠤ 6 ᠳ᠋ᠤᠭᠠᠷ ᠰᠠᠷ᠎ᠠ ᠶᠢᠨ 30 ᠤ ᠡᠳᠦᠷ ᠤᠨ 18᠄ 00 ᠳᠠᠷᠠᠭ᠎ᠠ᠂ ᠵᠥᠪᠬᠡᠨ ︽ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠬᠦᠰᠦᠨᠦᠭᠲᠦ︾ ᠶᠢ ᠳᠠᠷᠤᠮᠠᠯᠯᠠᠵᠤ ᠪᠣᠯᠬᠤ ᠠᠴᠠ ᠪᠢᠰᠢ᠂ ᠳᠠᠬᠢᠵᠤ ᠵᠠᠰᠠᠨ ᠥᠭᠡᠷᠡᠴᠢᠯᠡᠵᠦ ᠪᠣᠯᠬᠤ ᠦᠭᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ