ᠰᠢᠨᠬᠤᠸᠠ ᠰᠦᠯᠵᠢᠶᠡᠨ ᠤ ᠮᠡᠳᠡᠭᠡ ᠶᠢ ᠦᠨᠳᠦᠰᠦᠯᠡᠪᠡᠯ᠂ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶᠠᠨ ᠤ ᠠᠯᠪᠠᠨ ᠬᠡᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ 6 ᠰᠠᠷ᠎ᠠ ᠶᠢᠨ 9 ᠤ ᠡᠳᠦᠷ | ᠮᠡᠳᠡᠭᠳᠡᠯ ᠨᠡᠶᠢᠲᠡᠯᠡᠵᠦ᠂ 6 ᠰᠠᠷ᠎ᠠ ᠶᠢᠨ 10 ᠠᠴᠠ 9 ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ | ᠭᠠᠷᠠᠭ ᠤᠨ ᠰᠡᠭᠦᠯᠴᠢ ᠶᠢᠨ 2.5 ᠡᠳᠦᠷ ᠤᠨ ᠤᠶᠠᠨ ᠬᠠᠳᠠᠨ ᠴᠢᠨᠠᠷᠲᠠᠶ ᠠᠮᠠᠷᠠᠯᠲᠠ ᠶᠢᠨ ᠠᠵᠢᠯ ᠤᠨ ᠲᠦᠷᠢᠮ ᠢ | ᠲᠦᠷ ᠬᠡᠷᠡᠭᠵᠢᠭᠦᠯᠵᠦ᠂ ᠤᠶᠠᠨ ᠬᠠᠳᠠᠨ ᠴᠢᠨᠠᠷᠲᠠᠶ ᠠᠮᠠᠷᠠᠯᠲᠠ ᠶᠢᠨ ᠴᠠᠭ ᠤᠨ ᠵᠥᠷᠢᠶ᠎ᠡ ᠶᠢ ᠡᠳᠦᠷ ᠪᠦᠷᠢ ᠶᠢᠨ | ᠦᠳᠡ ᠶᠢᠨ ᠬᠤᠶᠢᠨ᠎ᠠ 40 ᠮᠢᠨᠦ᠋ᠲ ᠠᠵᠢᠯᠯᠠᠬᠤ ᠴᠠᠭ ᠨᠡᠮᠡᠬᠦ ᠠᠷᠭ᠎ᠠ ᠮᠠᠶ᠋ᠢᠭ ᠢᠶᠠᠷ ᠨᠥᠬᠦᠪᠥᠷᠢᠯᠡᠬᠦ ᠪᠣᠯᠤᠨ᠎ᠠ᠃ | ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠬᠡᠪ ᠤᠨ | ᠠᠵᠢᠯ ᠪᠠ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠪᠣᠳᠠᠲᠤ ᠪᠠᠶᠢᠳᠠᠯ ᠢᠶᠠᠨ | ᠦᠨᠳᠦᠰᠦᠯᠡᠨ᠂ ᠭᠠᠷᠠᠭ ᠤᠨ ᠰᠡᠭᠦᠯᠴᠢ ᠶᠢᠨ 2.5 ᠡᠳᠦᠷ ᠤᠨ ᠤᠶᠠᠨ ᠬᠠᠳᠠᠨ ᠴᠢᠨᠠᠷᠲᠠᠢ ᠠᠮᠠᠷᠠᠯᠲᠠ ᠶᠢᠨ | ᠠᠵᠢᠯ ᠤᠨ ᠳᠦᠷᠢᠮ ᠢ ᠲᠦᠷ ᠬᠡᠷᠡᠭᠵᠢᠭᠦᠯᠬᠦ ᠶᠢ ᠵᠣᠷᠢᠭᠵᠢᠭᠤᠯᠵᠤ᠂ ᠪᠦᠬᠦ ᠬᠤᠲᠠ ᠶᠢᠨ ᠨᠠᠮ ᠵᠠᠰᠠᠭ ᠤᠨ | ᠪᠠᠶᠢᠭᠤᠯᠭ᠎ᠠ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ | ᠠᠵᠢᠯᠲᠠᠨ ᠠᠵᠢᠯᠴᠢᠨ ᠤ ᠭᠠᠳᠠᠭᠰᠢ ᠭᠠᠷᠴᠤ ᠵᠤᠭᠠᠴᠠᠬᠤ᠂ ᠰᠡᠯᠡᠭᠦᠴᠡᠨ ᠠᠮᠠᠷᠠᠬᠤ ᠶᠢ ᠵᠣᠷᠢᠭᠵᠢᠭᠤᠯᠤᠨ᠎ᠠ ᠭᠡᠵᠡᠢ᠃ | ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠠᠵᠢᠯ ᠤᠨ | ᠪᠠᠶᠢᠷᠢ ᠳᠤ ᠦᠷᠭᠦᠯᠵᠢ ᠠᠵᠢᠯᠲᠠᠨ ᠪᠠᠶᠢᠬᠤ ᠶᠢ ᠪᠠᠲᠤᠯᠠᠵᠤ᠂ ᠠᠵᠢᠯᠲᠠᠨ ᠨᠢᠭᠡᠪᠦᠷᠢ ᠶᠢᠨ 2.5 ᠡᠳᠦᠷ ᠤᠨ ᠤᠶᠠᠨ | ᠬᠠᠳᠠᠨ ᠴᠢᠨᠠᠷᠲᠠᠢ ᠠᠮᠠᠷᠠᠯᠲᠠ ᠳᠤ ᠣᠷᠣᠯᠴᠠᠬᠤ ᠶᠢ ᠪᠠᠲᠤᠯᠠᠬᠤ ᠶᠢᠨ ᠬᠠᠮᠲᠤ᠂ ᠪᠠᠰᠠ ᠡᠯ᠎ᠡ ᠰᠠᠯᠠᠭ᠎ᠠ ᠮᠥᠴᠢᠷ ᠡᠯ᠎ᠡ | ᠨᠢᠭᠡᠴᠡ ᠶᠢᠨ ᠡᠯ᠎ᠡ ᠵᠦᠢᠯ ᠤᠨ ᠠᠵᠢᠯ ᠤᠨ ᠬᠡᠪ ᠤᠨ ᠶᠣᠰᠣᠭᠠᠷ ᠥᠷᠨᠢᠬᠦ ᠶᠢ ᠪᠠᠲᠤᠯᠠᠬᠤ ᠬᠡᠷᠡᠭᠲᠡᠶ᠃ ᠺᠠᠳ᠋ᠷ | ᠠᠵᠢᠯᠲᠠᠨ ᠠᠵᠢᠯᠴᠢᠨ ᠤᠶᠠᠨ ᠬᠠᠳᠠᠨ ᠠᠮᠠᠷᠠᠯᠲᠠ ᠶᠢᠨ ᠴᠠᠭ ᠢ ᠠᠰᠢᠭᠯᠠ ᠵᠤᠭᠠᠴᠠᠬᠤ ᠪᠠᠷ ᠭᠠᠷᠬᠤ ᠳᠤ ᠰᠠᠯᠠᠭ᠎ᠠ | ᠮᠥᠴᠢᠷ ᠨᠢᠭᠡᠴᠡ ᠳᠡᠭᠡᠨ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠬᠦ ᠴᠢᠬᠤᠯᠠᠲᠠᠢ᠂ ᠠᠮᠠᠷᠠᠯᠲᠠ ᠪᠠᠨ | ᠳᠠᠭᠤᠰᠬᠠᠭᠰᠠᠨ ᠤ ᠳᠠᠷᠠᠭ᠎ᠠ ᠵᠤᠭᠠᠴᠠᠬᠤ ᠪᠠᠷ ᠭᠠᠷᠤᠭᠰᠠᠨ ᠢ ᠭᠡᠷᠡᠴᠢᠯᠡᠵᠦ ᠴᠢᠳᠠᠬᠤ ᠬᠦᠴᠦᠨ ᠲᠠᠢ ᠫᠢᠶᠣᠣ ᠪᠠᠷᠢᠮᠲᠠ | ᠬᠠᠩᠭᠠᠬᠤ ᠮᠥᠷᠲᠡᠭᠡᠨ ᠳᠠᠷᠠᠭ᠎ᠠ ᠭᠠᠷᠠᠭ ᠤᠨ ᠠᠵᠢᠯᠯᠠᠬᠤ ᠡᠳᠦᠷ ᠤᠨ ᠡᠳᠦᠷ ᠪᠦᠷᠢ ᠶᠢᠨ ᠦᠳᠡ ᠶᠢᠨ ᠬᠤᠶᠢᠨ᠎ᠠ 40 | ᠮᠢᠨᠦ᠋ᠲ ᠨᠡᠮᠡᠵᠦ ᠠᠵᠢᠯᠯᠠᠬᠤ ᠠᠷᠭ᠎ᠠ ᠪᠠᠷ ᠳᠠᠮᠵᠢᠨ ᠤᠶᠠᠨ ᠬᠠᠳᠠᠨ ᠴᠢᠨᠠᠷᠲᠠᠶ ᠠᠮᠠᠷᠠᠯᠲᠠ ᠶᠢᠨ ᠴᠠᠭ ᠤᠨ ᠵᠥᠷᠢᠶ᠎ᠡ ᠶᠢ | ᠨᠥᠬᠦᠪᠥᠷᠢᠯᠡᠨ᠎ᠡ ᠭᠡᠵᠦ ᠮᠡᠳᠡᠭᠳᠡᠯ ᠳᠤ ᠲᠣᠳᠣᠷᠬᠠᠶ ᠲᠤᠭᠲᠠᠭᠠᠵᠠᠢ᠃ | ᠲᠤᠬᠠᠶ ᠶᠢᠨ ᠭᠠᠵᠠᠷ ᠤᠨ ᠪᠤᠢ ᠪᠦᠬᠦᠢ ᠭᠠᠳᠠᠭᠰᠢ ᠨᠡᠭᠡᠭᠡᠯᠲᠡ ᠬᠢᠭᠰᠡᠨ ᠣᠷᠣᠨ ᠰᠠᠭᠤᠴᠠ᠂ ᠢᠳᠡᠭᠡᠨ | ᠤᠮᠳᠠᠭᠠᠨ᠂ ᠵᠤᠭ᠎ᠠ ᠴᠡᠩᠭᠡᠯ᠂ ᠵᠠᠮ ᠨᠡᠪᠲᠡᠷᠡᠯᠭᠡ᠂ ᠴᠢᠮᠡᠭᠡ ᠬᠤᠯᠪᠣᠭ᠎ᠠ᠂ ᠮᠥᠩᠭᠦᠨ ᠭᠦᠢᠯᠭᠡᠭᠡ ᠵᠡᠷᠭᠡ ᠠᠵᠢᠯ | ᠲᠥᠷᠥᠯ ᠤᠨ ᠬᠢᠨ 2.5 ᠡᠳᠦᠷ ᠤᠨ ᠤᠶᠠᠨ ᠬᠠᠳᠠᠨ ᠴᠢᠨᠠᠷᠲᠠᠶ ᠠᠮᠠᠷᠠᠯᠲᠠ ᠶᠢᠨ ᠳᠦᠷᠢᠮ ᠢ ᠳᠠᠭᠠᠵᠤ᠂ ᠭᠠᠷᠠᠭ ᠤᠨ | ᠲᠠᠪᠤᠨ ᠠᠴᠠ ᠭᠠᠷᠠᠭ ᠤᠨ ᠡᠳᠦᠷ ᠬᠦᠷᠲᠡᠯᠡᠬᠢ ᠬᠡᠷᠡᠭᠯᠡᠭᠡᠨ ᠤ ᠰᠠᠭᠤᠳᠬᠠᠯ᠂ ᠬᠠᠷᠠᠭᠠᠯᠵᠠᠯ ᠦᠵᠡᠭᠦᠯᠬᠦ ᠢᠵᠢ | ᠦᠢᠯᠡᠴᠢᠯᠡᠭᠡ ᠪᠤᠶᠤ ᠠᠰᠠᠷᠠᠮᠵᠢ ᠶᠢᠨ ᠲᠡᠮᠳᠡᠭᠲᠦ ᠵᠡᠷᠭᠡ ᠤᠯᠠᠨ ᠵᠦᠢᠯ ᠤᠨ ᠬᠡᠷᠡᠭᠯᠡᠭᠡᠨ ᠤ ᠠᠰᠢᠭ ᠬᠦᠷᠲᠡᠭᠡᠬᠦ | ᠠᠷᠭ᠎ᠠ ᠶᠢ ᠨᠡᠶᠢᠲᠡᠯᠡᠬᠦ ᠶᠢ ᠮᠡᠳᠡᠭᠳᠡᠯ ᠳᠤ ᠤᠷᠢᠶᠠᠯᠠᠪᠠ᠃ ᠡᠭᠦᠨ ᠠᠴᠠ ᠭᠠᠳᠠᠨ᠎ᠠ᠂ ᠬᠥᠯᠥᠨ ᠪᠤᠶᠢᠷ ᠬᠤᠲᠠ | ᠬᠤᠲᠠ ᠶᠢᠨ ᠬᠡᠪᠴᠢᠶᠡᠨ ᠳᠠᠬᠢ ᠡᠯ᠎ᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠡᠨᠡᠬᠦ ᠤᠷᠢᠶᠠᠯᠭ᠎ᠠ ᠶᠢ | ᠴᠤᠤᠷᠢᠶᠠᠳᠤᠵᠦ᠂ ᠠᠵᠢᠯᠲᠠᠨ ᠠᠵᠢᠯᠴᠢᠨ ᠢᠶᠠᠨ 2.5 ᠡᠳᠦᠷ ᠤᠨ ᠤᠶᠠᠨ ᠬᠠᠳᠠᠨ ᠴᠢᠨᠠᠷᠲᠠᠶ ᠠᠮᠠᠷᠠᠯᠲᠠ ᠳᠤ | ᠢᠳᠡᠪᠬᠢᠲᠡᠶ ᠣᠷᠣᠯᠴᠠᠭᠤᠯᠬᠤ ᠶᠢ ᠰᠠᠨᠠᠭᠠᠴᠢᠯᠠᠵᠠᠢ᠃ |