ᠮᠠᠨᠵᠤᠤᠷ᠄ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢᠳᠤᠷᠠᠯ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠠᠩᠬᠠᠷᠴᠤ ᠪᠠᠶᠢᠨ᠎ᠠ
ᠨᠡᠶᠢᠲᠡᠯᠡᠭᠰᠡᠨ ᠴᠠᠭ᠄
2020/6/11
     ᠪᠣᠳᠠᠲᠤ ᠭᠠᠵᠠᠷ ᠲᠤ ᠨᠢ ᠬᠦᠷᠴᠦ ᠡᠷᠦᠬᠡ ᠶᠢ ᠰᠤᠷᠪᠤᠯᠵᠢᠯᠠᠬᠤ ᠠᠵᠢᠯ ᠤᠨ ᠭᠦᠨᠵᠡᠭᠡᠶᠢᠷᠡᠬᠦ ᠶᠢ ᠳᠠᠭᠠᠯᠳᠤᠨ᠂ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ᠂ ᠡᠷᠦᠬᠡ ᠳᠤ ᠨᠢ ᠣᠴᠢᠵᠤ ᠰᠦᠢᠳᠬᠡᠯ ᠬᠤᠷᠢᠶᠠᠨ ᠠᠪᠬᠤ ᠵᠡᠷᠭᠡ ᠣᠯᠠᠨ ᠵᠦᠢᠯ ᠤᠨ ᠪᠣᠳᠠᠲᠠᠶ ᠠᠵᠢᠯ ᠢᠶᠠᠷ ᠳᠠᠮᠵᠢᠭᠤᠯᠤᠨ᠂ ᠮᠠᠨᠵᠤᠤᠷ ᠬᠤᠲᠠ ᠶᠢᠨ ᠲᠠᠩᠰᠠ ᠪᠠ ᠺᠠᠷᠲ ᠲᠠᠢ ᠬᠥᠮᠦᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠬᠢᠪᠡᠰᠦ ᠵᠣᠬᠢᠬᠤ ᠬᠥᠮᠥᠨ ᠪᠦᠬᠦᠨ ᠢ ᠳᠠᠭᠠᠳᠬᠠᠯ ᠬᠢᠯᠭᠡᠬᠦ ᠶᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠦᠭᠰᠡᠨ ᠪᠥᠭᠡᠳ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠮᠢᠳᠤᠷᠠᠯ ᠤᠨ ᠬᠦᠴᠢᠷᠳᠡᠯ ᠤᠨ ᠣᠳᠣᠬᠢ ᠪᠠᠶᠢᠳᠠᠯ ᠨᠢ ᠴᠤ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠤ ᠰᠡᠳᠬᠢᠯ ᠢ ᠤᠯᠠᠮ ᠠᠴᠠ ᠤᠯᠠᠮ ᠲᠠᠲᠠᠵᠤ ᠪᠠᠶᠢᠨ᠎ᠠ᠃ ᠶᠠᠳᠠᠭᠤ ᠶᠢ ᠲᠡᠳᠬᠦᠬᠦ ᠬᠡᠯᠪᠡᠷᠢ ᠶᠢ ᠥᠷᠭᠡᠳᠬᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠪᠤᠳᠠᠲᠠᠢ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠶᠠᠪᠤᠳᠠᠯ ᠨᠢ ᠲᠣᠪᠴᠢᠶᠠᠨ ᠤ ᠺᠠᠳ᠋ᠷ ᠠᠵᠢᠯᠲᠠᠨ ᠠᠵᠢᠯᠴᠢᠨ ᠤ ᠪᠠᠰᠠ ᠨᠢᠭᠡᠨ ᠰᠠᠨᠠᠭᠠᠰᠢᠷᠠᠯ ᠪᠣᠯᠵᠠᠢ᠃ ᠣᠶᠢᠷ᠎ᠠ ᠳᠤ᠂ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠬᠤᠪᠴᠠᠰᠤ ᠬᠤᠨᠠᠷ ᠬᠠᠨᠳᠢᠪᠯᠠᠬᠤ ᠶᠢᠨ ᠬᠠᠮᠲᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠳ ᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠴᠦ ᠬᠠᠶᠢᠷ᠎ᠠ ᠬᠠᠯᠠᠮᠵᠢ ᠬᠦᠷᠲᠡᠭᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠨᠢ ᠤᠷᠢᠶᠠᠯᠠᠨ᠂ ᠤᠷᠢᠳ ᠬᠤᠵᠢᠳ ᠮᠢᠩᠭ᠎ᠠ ᠭᠠᠷᠤᠶ ᠵᠠᠬ᠎ᠠ ᠬᠤᠪᠴᠠᠰᠤ ᠬᠤᠨᠠᠷ ᠢ ᠡᠮᠬᠢᠯᠡᠨ ᠠᠷᠢᠭᠤᠳᠬᠠᠨ ᠴᠡᠪᠡᠷᠯᠡᠵᠡᠶ᠃      ᠮᠠᠨᠵᠤᠤᠷ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠳᠠᠭᠠᠭᠤᠯᠵᠤ᠂ ᠳ᠋ᠦᠩ ᠬᠤ᠋ ᠲᠣᠭᠤᠷᠢᠭ ᠤᠨ ᠰᠢᠨ ᠺᠠᠶ ᠾᠧ ᠪᠠᠯᠭᠠᠰᠤᠨ ᠤ ᠨᠡᠶᠢᠭᠡᠮ ᠲᠣᠭᠤᠷᠢᠭ ᠤᠨ ᠺᠠᠳ᠋ᠷ ᠲᠠᠢ ᠬᠠᠮᠲᠤ ᠣᠯᠠᠨ ᠤᠳᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠬᠤᠪᠴᠠᠰᠤ ᠬᠤᠨᠠᠷ ᠤᠳ ᠢ ᠶᠠᠳᠠᠭᠤ ᠠᠶᠢᠯ ᠡᠷᠦᠬᠡ ᠳᠤ ᠬᠦᠷᠭᠡᠨ ᠥᠭᠴᠦ᠂ ᠪᠠᠭᠯᠠᠭ᠎ᠠ ᠪᠠᠭᠯᠠᠭ᠎ᠠ ᠬᠤᠪᠴᠠᠰᠤᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠰᠢᠩᠭᠡᠵᠦ᠂  ᠬᠠᠯᠭᠤᠨ ᠲᠤᠲᠤᠨᠤ ᠬᠠᠶᠢᠷ᠎ᠠ ᠰᠡᠳᠬᠢᠯᠭᠡ ᠨᠢ ᠲᠡᠳᠡᠨ ᠤ ᠵᠣᠪᠠᠵᠤ ᠵᠦᠳᠡᠭᠰᠡᠨ ᠰᠡᠳᠬᠢᠯ ᠢ ᠨᠢ ᠳᠤᠯᠠᠭᠠᠴᠠᠭᠤᠯᠪᠠ᠃ ᠬᠤᠶᠢᠰᠢᠳᠠ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠮᠥᠨ ᠬᠦ ᠶᠠᠳᠠᠭᠤ ᠬᠦᠴᠢᠷᠳᠡᠯᠲᠡᠶ ᠬᠥᠮᠦᠨ ᠠᠮᠠ ᠢᠯᠠᠩᠭᠤᠶ᠎ᠠ ᠡᠪᠡᠳᠴᠢᠯᠡᠭᠰᠡᠨ ᠬᠥᠮᠦᠰ ᠤᠨ ᠠᠮᠢᠳᠤᠷᠠᠯ ᠪᠠ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠹᠷᠣᠨᠲ ᠤᠨ ᠪᠥᠬᠦ ᠺᠠᠳ᠋ᠷ ᠠᠵᠢᠯᠲᠠᠨ ᠠᠵᠢᠯᠴᠢᠨ ᠴᠥᠮ ᠠᠷᠠᠳ ᠣᠯᠠᠨ ᠤ ᠬᠠᠮᠤᠭ ᠤᠨ ᠢᠳᠡᠷ ᠬᠠᠮᠠᠭᠠᠯᠠᠭᠴᠢ ᠪᠣᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号