| | ᠤᠯᠠᠨ ᠲᠦᠮᠡᠨ ᠤ ᠡᠷᠡᠬᠦᠯ ᠮᠡᠨᠳᠦ ᠶᠢ ᠬᠠᠯᠠᠮᠵᠢᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠳᠤ ᠬᠦᠴᠦᠨ ᠨᠡᠮᠡᠷᠢᠯᠡᠨ᠎ᠠ᠃ 6 ᠰᠠᠷ᠎ᠠ ᠶᠢᠨ 13 ᠠᠴᠠ 15 ᠤ ᠡᠳᠦᠷ ᠪᠤᠯᠳᠠᠯ᠎ᠠ᠂ 2020 ᠤᠨ ᠤ | ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ | ᠤᠯᠠᠭᠠᠨᠬᠠᠳᠠ ᠳᠤ ᠶᠠᠪᠤᠬᠳᠠᠪᠠ᠃ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ ᠤᠨ | ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠭᠡᠰᠢᠬᠦᠨ ᠪᠦ᠋ | ᠰᠢᠶᠤᠤ ᠯᠢᠨ ᠡᠬᠢᠯᠡᠯᠳᠠ ᠶᠢᠨ ᠶᠤᠰᠤᠯᠠᠯ ᠳᠤ ᠤᠷᠤᠯᠴᠠᠬᠰᠠᠨ ᠪᠦᠬᠡᠳ ᠭᠡᠰᠡᠭ ᠬᠤᠰᠢᠭᠤ ᠰᠢᠶᠠᠨ ᠳᠤ ᠬᠦᠨᠵᠡᠭᠡᠶᠢᠷᠡᠨ | ᠮᠡᠰᠡ ᠵᠠᠰᠠᠯ ᠬᠢᠯᠭᠡᠭᠰᠡᠨ ᠬᠦᠴᠢᠷᠳᠡᠯ ᠲᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠳᠡᠨ ᠪᠤᠯᠤᠨ ᠨᠢᠳᠤᠨ ᠤ | ᠡᠷᠡᠬᠦᠯ ᠮᠡᠨᠳᠦ ᠶᠢ ᠬᠠᠯᠠᠮᠵᠢᠯᠠᠨ ᠨᠢᠳᠤ ᠪᠠᠨ ᠬᠠᠮᠠᠭᠠᠯᠠᠬᠤ ᠠᠵᠢᠯᠯᠠᠭ᠎ᠠ ᠠᠴᠠ ᠠᠰᠢᠬ ᠬᠦᠷᠳᠡᠭᠰᠡᠨ ᠬᠡᠤᠬᠡᠳ | ᠵᠠᠯᠠᠭᠤᠴᠤᠳ ᠪᠠᠭᠠᠴᠤᠳ ᠢ ᠡᠷᠬᠢᠨ ᠦᠵᠡᠪᠡ᠃ | ᠡᠬᠢᠯᠡᠯᠳᠡ ᠶᠢᠨ ᠶᠤᠰᠤᠯᠠᠯ ᠳᠡᠭᠡᠷ᠎ᠠ ᠪᠦ᠋ ᠰᠢᠶᠤᠤ ᠯᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠳ᠋ | ᠪᠤᠳᠠᠰ ᠬᠠᠨᠳᠢᠪᠯᠠᠭᠰᠠᠨ ᠬᠠᠯᠠᠭᠤᠨ ᠰᠡᠳᠬᠢᠯᠳᠦ ᠠᠵᠤ ᠠᠬᠤᠢᠢᠯᠠᠯ ᠳᠤ ᠲᠠᠯᠠᠷᠬᠠᠯ ᠤᠨ ᠪᠢᠴᠢᠭ ᠭᠠᠷᠳᠠᠭᠤᠯᠵᠠᠢ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ᠂ | ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ | ᠵᠤᠬᠢᠶᠠᠨ ᠪᠠᠶᠢᠭᠤᠯᠬᠤ ᠺᠤᠮᠢᠰ ᠤᠨ ᠳᠡᠳ᠋ ᠡᠷᠬᠢᠯᠡᠭᠴᠢ ᠭᠡᠰᠢᠬᠦᠨ ᠡᠸᠦ ᠶᠠᠩ ᠰᠢᠶᠤᠤ ᠬᠤᠢ ᠡᠬᠢᠯᠡᠯᠳᠡ ᠶᠢᠨ | ᠶᠤᠰᠤᠯᠠᠯ ᠢ ᠡᠷᠬᠢᠯᠡᠵᠡᠢ᠃ ᠤᠯᠠᠭᠠᠨᠬᠠᠳᠠ ᠬᠤᠳᠠ ᠶᠢᠨ ᠬᠠᠷᠢᠭᠤᠴᠠᠯᠭᠠᠳᠠᠨ ᠪᠠᠶᠠᠷ ᠤᠨ ᠦᠭᠡ ᠭᠡᠯᠡᠵᠦ᠂ ᠠᠰᠢᠬ | ᠬᠦᠷᠳᠡᠭᠰᠡᠨ ᠴᠠᠭᠠᠨ ᠬᠠᠷᠠᠩ ᠡᠪᠡᠳᠴᠢᠳᠡᠨ ᠤ ᠲᠦᠯᠦᠭᠡᠯᠡᠭᠴᠢ ᠦᠭᠡ ᠭᠡᠯᠡᠵᠤ᠂ ᠪᠦᠬᠦ ᠤᠷᠤᠨ ᠤ ︽ᠬᠡᠷᠡᠯ | ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ | ᠺᠤᠮᠢᠰ ᠤᠨ ᠠᠯᠪᠡᠨ ᠭᠡᠷ ᠤᠨ ᠬᠠᠷᠢᠭᠤᠴᠠᠯᠭᠠᠳᠠᠨ ᠬᠤᠯᠪᠤᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ᠃ | ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠤᠯᠠᠭᠠᠨᠬᠠᠳᠠ ᠬᠤᠳᠠ ᠳᠤ 109.6 | ᠲᠦᠮᠡᠨ ᠲᠦᠬᠦᠷᠢᠭ ᠤᠨ ᠵᠤᠭᠤᠰ ᠮᠦᠩᠬᠦ ᠡᠳ᠋ ᠪᠤᠳᠠᠰ ᠢᠶᠠᠷ ᠲᠤᠰᠠᠯᠠᠪᠠ᠃ | ᠠᠵᠢᠯᠯᠠᠭᠠᠨ ᠤ ᠬᠤᠭᠤᠴᠠᠭᠠᠨ ᠳᠤ᠂ ᠪᠦ᠋ ᠰᠢᠶᠤᠤ ᠯᠢᠨ ᠨᠠᠷ ᠨᠢᠩᠴᠧᠩ ᠰᠢᠶᠠᠨ ᠤ ᠭᠤᠤᠯ ᠡᠮᠨᠡᠯᠭᠡ ᠶᠢᠨ | ᠬᠤᠷᠢᠶ᠎ᠠ᠂ ᠤᠩᠨᠢᠭᠤᠳ ᠬᠤᠰᠢᠭᠤᠨ ᠤ ᠮᠤᠩᠭᠤᠯ ᠬᠢᠳᠡᠳ ᠡᠮᠨᠡᠯᠭᠡ ᠶᠢᠨ ᠬᠤᠷᠢᠶ᠎ᠠ᠂ ᠪᠠᠭᠠᠷᠢᠨ ᠵᠡᠬᠦᠨ | ᠬᠤᠰᠢᠭᠤᠨ ᠤ ᠡᠮᠨᠡᠯᠭᠡ ᠶᠢᠨ ᠬᠤᠷᠢᠶ᠎ᠠ᠂ ᠠᠷᠤ ᠬᠤᠷᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠦᠷᠴᠦ᠂ | ᠤᠯᠠᠨ ᠲᠦᠮᠡᠨ ᠤ ᠡᠷᠡᠬᠦᠯ ᠮᠡᠨᠳᠦ ᠶᠢ ᠬᠠᠯᠠᠮᠵᠢᠯᠠᠬᠤ ᠦᠢᠯᠡᠰ ᠢ ᠠᠬᠢᠭᠤᠯᠤᠭᠰᠠᠨ ᠪᠠᠶᠢᠳᠠᠯ ᠢ ᠤᠢᠢᠯᠠᠭᠠᠨ᠂ | ᠡᠪᠡᠳᠴᠢᠳᠡᠨ ᠤ ᠦᠷᠦᠭᠡ ᠳᠤ ᠤᠷᠤᠵᠦ᠂ ᠮᠠᠰᠡ ᠵᠠᠰᠠᠯ ᠬᠢᠯᠭᠡᠵᠤ ᠡᠳᠡᠬᠡᠷᠡᠭᠰᠡᠨ ᠴᠠᠭᠠᠨ ᠬᠠᠷᠠᠩ ᠡᠪᠡᠳᠴᠢᠳᠡᠨ ᠤ | ᠤᠷᠢᠶᠠᠯᠳᠠ ᠶᠢ ᠵᠠᠳᠠᠯᠤᠨ᠂ ᠡᠷᠡᠬᠦᠯᠵᠢᠭᠰᠡᠨ ᠪᠠᠶᠢᠳᠠᠯ ᠢ ᠨᠢ ᠬᠠᠯᠠᠮᠵᠢᠯᠠᠨ ᠠᠰᠠᠭᠤᠬᠤ ᠶᠢᠨ ᠬᠠᠮᠳᠦ ᠬᠠᠶᠢᠷ᠎ᠠ | ᠬᠠᠯᠠᠮᠵᠢ ᠶᠢᠨ ᠬᠦᠨᠵᠢᠯᠠ ᠪᠠ ᠡᠷᠡᠬᠦᠯ ᠮᠡᠨᠳᠦ ᠶᠢᠨ ᠬᠠᠶᠢᠷᠴᠠᠭ ᠬᠦᠷᠭᠡᠵᠦ᠂ ᠳᠡᠳᠡᠨ ᠤ ᠲᠠᠬᠢᠨ ᠬᠠᠷᠠᠭ᠎ᠠ | ᠤᠷᠤᠬᠰᠠᠨ ᠳᠤ ᠪᠠᠶᠠᠷ ᠬᠦᠷᠭᠡᠪᠡ᠃ ᠡᠳᠡᠭᠡᠷ ᠡᠪᠡᠳᠴᠢᠳᠡᠨ ᠳᠤ ᠶᠠᠪᠤᠵᠦ ᠰᠠᠭᠤᠬᠤ ᠳᠠᠭᠠᠨ ᠵᠦᠪ ᠦᠭᠡᠢ ᠪᠤᠯᠵᠦ᠂ | ᠤᠷᠳᠤ ᠬᠤᠭᠤᠴᠠᠭ᠎ᠠ ᠪᠠᠷ ᠬᠦᠮᠦᠨ ᠤ ᠭᠠᠷ ᠲᠤ ᠤᠷᠤᠭᠰᠠᠳ ᠪᠤᠢ︔ ᠤᠳᠠᠭᠠᠨ ᠬᠤᠭᠤᠴᠠᠭ᠎ᠠ ᠪᠠᠷ ᠬᠠᠷᠠᠭ᠎ᠠ | ᠠᠯᠳᠠᠵᠦ᠂ ᠴᠢᠨᠠᠬᠰᠢᠯᠠᠪᠠᠯ ᠤᠮᠪᠤᠯᠤ ᠶᠢᠨ ᠢᠶᠠᠨ ᠴᠢᠷᠠᠢ ᠵᠢᠰᠦ ᠶᠢ ᠴᠦ ᠮᠡᠳᠡᠬᠦ ᠦᠬᠡᠢ᠂ ᠵᠦᠪᠬᠡᠨᠬᠠᠴᠠᠷ | ᠨᠢᠭᠤᠷ ᠢ ᠨᠢ ᠳᠡᠮᠳᠡᠷᠢᠨ ᠬᠠᠶᠢᠷ᠎ᠠ ᠰᠡᠳᠬᠢᠯᠭᠡ ᠪᠠᠨ ᠢᠯᠡᠳᠭᠡᠭᠰᠡᠳ ᠪᠤᠢ︔ ᠭᠡᠷ ᠪᠦᠯᠢ ᠶᠢᠨ ᠢᠶᠠᠨ ᠴᠢᠬᠤᠯᠠ | ᠬᠦᠳᠡᠯᠮᠦᠷᠢ ᠬᠦᠴᠦ ᠪᠠᠶᠢᠬᠰᠠᠨ ᠴᠦ ᠨᠢᠳᠤᠨ ᠤ ᠠᠷᠬᠠᠭ ᠠᠴᠠ ᠪᠤᠯᠵᠦ ᠭᠡᠷ ᠪᠦᠯᠢ ᠶᠢᠨ ᠢᠶᠠᠨ ᠨᠢᠷᠤᠭᠤ | ᠲᠤᠯᠭᠠᠭᠤᠷᠢ ᠶᠢᠨ ᠦᠢᠯᠡᠳᠤᠯ ᠢᠶᠠᠨ ᠠᠯᠳᠠᠭᠰᠠᠳ ᠪᠤᠢ ᠁ ᠤᠷᠢᠶᠠᠯᠳᠠ ᠪᠠᠨ ᠠᠪᠴᠤ ᠬᠠᠶᠠᠭᠠᠳ ᠬᠦᠮᠦᠨ | ᠬᠠᠷ᠎ᠠ ᠶᠢ ᠤᠯᠵᠦ ᠦᠵᠡᠬᠦ ᠪᠤᠯᠤᠬᠰᠠᠨ ᠬᠢᠷᠢ ᠳᠤ᠂ ᠳᠡᠳᠡ ᠪᠠᠶᠠᠷᠯᠠᠵᠦ ᠲᠤᠬᠳᠤᠯᠤᠭᠰᠠᠨ ᠰᠡᠳᠬᠢᠯᠭᠡ ᠪᠠᠨ ᠳᠠᠷᠤᠵᠦ | ᠶᠠᠳᠠᠨ᠂ ᠲᠤᠬᠠᠢ ᠶᠢᠨ ᠲᠠᠯᠠᠪᠠᠢ ᠶᠢᠨ ᠬᠦᠮᠦᠨ ᠪᠦᠬᠦᠨ ᠢ ᠤᠶᠠᠷᠠᠭᠤᠯᠵᠦ ᠭᠠᠷᠤᠯ᠎ᠠ᠃ | ᠠᠰᠢᠬ ᠬᠦᠷᠳᠡᠭᠰᠡᠨ ᠴᠠᠭᠠᠨ ᠬᠠᠷᠠᠩ ᠡᠪᠡᠳᠴᠢᠳᠡᠨ ᠤ ᠪᠠᠶᠠᠷᠯᠠᠵᠦ ᠪᠠᠶᠢᠭ᠎ᠠ ᠪᠠᠶᠢᠳᠠᠯ ᠢ ᠬᠠᠷᠠᠭᠠᠳ ᠪᠦ᠋ | ᠰᠢᠶᠤᠤ ᠯᠢᠨ ᠮᠠᠰᠢ ᠪᠠᠶᠠᠷᠳᠠᠢ ᠪᠠᠶᠢᠯ᠎ᠠ᠃ ᠲᠡᠷᠡ᠂ ᠨᠢᠭᠡ ᠬᠦᠮᠦᠨ ᠳᠤ ᠬᠠᠷᠠᠭ᠎ᠠ ᠤᠷᠤᠭᠤᠯᠪᠠᠯ ᠨᠢᠭᠡ ᠭᠡᠷ ᠪᠦᠯᠢ ᠳᠤ | ᠠᠵᠠ ᠵᠢᠷᠭᠠᠯ ᠤᠯᠭᠤᠵᠤ᠂ ᠨᠢᠭᠡ ᠭᠠᠵᠠᠷ ᠤᠷᠤᠨ ᠳᠤ ᠠᠵᠠ ᠵᠢᠷᠭᠠᠯ ᠡᠳ᠋ᠯᠡᠭᠦᠯᠤᠨᠡ᠃ ᠠᠷᠠᠳ ᠲᠦᠮᠡᠨ ᠢᠶᠠᠷ | ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠳᠤ ᠪᠤᠢ ᠪᠤᠯᠭᠠᠵᠦ᠂ ᠪᠦᠬᠦ ᠤᠷᠤᠨ ᠤ ︽ᠬᠡᠷᠡᠯ | ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠷᠡᠬᠦᠯ ᠮᠡᠨᠳᠦ ᠪᠠᠷ ᠶᠠᠳᠠᠭᠤ ᠶᠢ | ᠳᠡᠳᠬᠦᠬᠦ ᠶᠢᠨ ᠴᠢᠬᠤᠯᠠ ᠠᠷᠭ᠎ᠠ ᠭᠡᠮᠵᠢᠶ᠎ᠠ ᠪᠠᠨ ᠪᠤᠯᠭᠠᠵᠦ᠂ ᠰᠤᠷᠳᠠᠯ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠤᠨ᠂ ᠨᠡᠶᠢᠭᠡᠮ ᠤᠨ ᠬᠦᠴᠦᠨ ᠢ ᠨᠢᠬᠳᠠᠷᠠᠭᠤᠯᠵᠦ᠂ ᠨᠡᠩ ᠤᠯᠠᠨ ᠶᠠᠳᠠᠭᠤ ᠬᠦᠴᠢᠷᠳᠡᠯᠳᠠᠢ ᠴᠠᠭᠠᠨ | ᠬᠠᠷᠠᠩ ᠡᠪᠡᠳᠴᠢᠳᠡᠨ ᠳᠤ ᠲᠠᠬᠢᠨ ᠬᠠᠷᠠᠭ᠎ᠠ ᠤᠷᠤᠭᠤᠯᠵᠦ ᠦᠭᠬᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠰᠢᠢᠳᠪᠤᠷᠢᠳᠦ ᠲᠠᠶᠢᠯᠠᠯᠳᠤᠭᠠᠨ ᠬᠢᠬᠦ ᠳᠤ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃ | ᠪᠦ᠋ ᠰᠢᠶᠤᠤ ᠯᠢᠨ ᠨᠠᠷ ᠪᠠᠰᠠ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠨᠢᠳᠤᠨ ᠤ ᠡᠷᠡᠬᠦᠯ ᠮᠡᠨᠳᠦ ᠶᠢ | ᠰᠢᠭᠰᠢᠨ ᠪᠠᠶᠢᠴᠠᠭᠠᠬᠤ ᠠᠵᠢᠯ ᠢ ᠪᠠᠶᠢᠴᠠᠭᠠᠨ ᠦᠵᠡᠵᠦ᠂ ᠬᠡᠤᠬᠡᠳ ᠵᠠᠯᠠᠭᠤᠴᠤᠳ ᠪᠠᠭᠠᠴᠤᠳ ᠤᠨ ᠨᠢᠳᠤᠨ ᠤ ᠡᠷᠡᠬᠦᠯ | ᠮᠡᠨᠳᠦ ᠶᠢ ᠬᠠᠯᠠᠮᠵᠢᠯᠠᠨ ᠨᠢᠳᠤ ᠪᠠᠨ ᠬᠠᠮᠠᠭᠠᠯᠠᠬᠤ ᠠᠵᠢᠯᠯᠠᠭ᠎ᠠ ᠦᠷᠨᠢᠬᠦᠯᠦᠰᠡᠨ ᠪᠠᠶᠢᠳᠠᠯ ᠢ ᠨᠠᠷᠢᠨ ᠤᠢᠢᠯᠠᠭᠠᠵᠠᠢ᠃ | ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ | 2015 ᠤᠨ ᠤ 6 ᠰᠠᠷ᠎ᠠ ᠳᠤ ᠡᠬᠢᠯᠡᠵᠦ᠂ ᠪᠦᠬᠦ ᠤᠷᠤᠨ ᠤ ᠬᠤᠳᠠ ᠬᠦᠳᠡᠭᠡ ᠶᠢᠨ ᠶᠠᠳᠠᠭᠤ ᠬᠦᠴᠢᠷᠳᠡᠯᠲᠠᠢ ᠭᠡᠷ | ᠪᠦᠯᠢ ᠳᠤ ᠴᠢᠭᠯᠡᠬᠦᠯᠦᠨ ᠬᠦᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯᠯᠠᠭ᠎ᠠ ᠦᠷᠨᠢᠬᠦᠯᠵᠦ᠂ ᠠᠵᠢᠯᠯᠠᠭ᠎ᠠ ᠨᠢ | ᠪᠦᠬᠦ ᠤᠷᠤᠨ ᠤ 103 ᠬᠤᠰᠢᠭᠤ ᠰᠢᠶᠠᠨ ︵ᠬᠤᠳᠠ᠂ ᠲᠤᠭᠤᠷᠢᠭ︶ ᠢ ᠪᠦᠷᠬᠦᠪᠠ᠃ ᠤᠳᠤᠬᠠᠨ ᠪᠤᠯᠳᠠᠯ᠎ᠠ᠂ | ᠰᠦᠢᠳᠭᠡᠯ ᠬᠤᠷᠢᠶᠠᠬᠤ ᠦᠭᠡᠢ ᠪᠠᠷ 27143 ᠵᠢᠱᠢᠶ᠎ᠠ ᠳᠤ ᠬᠠᠷᠠᠭ᠎ᠠ ᠤᠷᠤᠭᠤᠯᠬᠤ ᠮᠡᠰᠡ ᠵᠠᠰᠠᠯ ᠬᠢᠵᠦ᠂ ᠪᠦᠬᠦ | ᠤᠷᠤᠨ ᠤ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠦᠭᠡ ᠪᠦᠬᠦᠨ ᠢ ᠬᠠᠮᠤᠷᠴᠠᠢ︔ 3866 | ᠬᠦᠴᠢᠷᠳᠡᠯ ᠲᠠᠢ ᠭᠡᠷ ᠪᠦᠯᠢ ᠶᠢᠨ ᠤᠢᠢᠷ᠎ᠠ ᠬᠠᠷᠠᠭ᠎ᠠ ᠲᠠᠢ ᠬᠡᠤᠬᠡᠳ ᠵᠠᠯᠠᠭᠤᠴᠤᠳ ᠪᠠᠭᠠᠴᠤᠳ ᠲᠤ ᠰᠦᠢᠳᠭᠡᠯ | ᠬᠤᠷᠢᠶᠠᠬᠤ ᠦᠭᠡᠢ ᠪᠠᠷ ᠤᠢᠢᠷ᠎ᠠ ᠬᠠᠷᠠᠭ᠎ᠠ ᠶᠢᠨ ᠰᠢᠯ ᠳᠠᠭᠠᠷᠠᠭᠤᠯᠤᠨ ᠦᠭᠴᠦ᠂ 501 ᠬᠦᠴᠢᠷᠳᠡᠯ ᠲᠠᠢ ᠭᠡᠷ | ᠪᠦᠯᠢ ᠶᠢᠨ ᠬᠡᠤᠬᠡᠳ ᠵᠠᠯᠠᠭᠤᠴᠤᠳ ᠪᠠᠭᠠᠴᠤᠳ ᠲᠤ ᠰᠦᠢᠳᠭᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠶᠢ | ᠵᠠᠯᠠᠷᠠᠭᠤᠯᠬᠤ ᠮᠡᠰᠡ ᠵᠠᠰᠠᠯ ᠬᠢᠵᠦ ᠦᠭᠬᠦᠭᠰᠡᠨ ᠪᠠᠶᠢᠨ᠎ᠠ᠃ |