6 ᠰᠠᠷ᠎ᠠ ᠶᠢᠨ 13 ᠠᠴᠠ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ᠂ ᠬᠤᠩᠱᠠᠨ ᠲᠣᠭᠤᠷᠢᠭ᠂ ᠣᠩᠨᠢᠭᠤᠳ ᠬᠤᠰᠢᠭᠤ᠂ ᠪᠠᠭᠠᠷᠢᠨ ᠵᠡᠭᠦᠨ ᠬᠤᠰᠢᠭᠤ᠂ ᠠᠷᠤ | ᠬᠤᠷᠴᠢᠨ ᠬᠤᠰᠢᠭᠤᠨ ᠳᠤ ᠭᠦᠨᠵᠡᠭᠡᠶᠢᠷᠡᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠠᠢ᠃ | | | | | | | | | | | | | ᠤᠯᠠᠭᠠᠨᠬᠠᠳᠠ ᠬᠤᠲᠠ ᠥᠨᠢ ᠤᠳᠠᠭᠠᠨ ᠲᠡᠤᠬᠡ ᠲᠠᠢ᠂ ᠭᠡᠷᠡᠯ ᠰᠠᠴᠤᠷᠠᠩᠭᠤᠶ ᠰᠣᠶᠣᠯ ᠲᠠᠢ ᠶᠤᠮ᠂ | ᠠᠳᠡ ᠠᠴᠠ ᠡᠯ᠎ᠡ ᠲᠥᠷᠥᠯ ᠤᠨ ᠰᠣᠶᠣᠯ ᠤᠨ ᠦᠯᠡᠳᠡᠭᠳᠡᠯ ᠢ ᠦᠯᠡᠮᠵᠢ ᠢᠯᠡᠷᠡᠭᠦᠯᠪᠡ᠂ ᠥᠪᠡᠷᠮᠢᠴᠡ ᠣᠨᠴᠠᠯᠢᠭ ᠲᠠᠢ | ᠬᠤᠩᠱᠠᠨ ᠰᠣᠶᠣᠯ᠂ ᠤᠮᠠᠷᠠᠲᠤ ᠶᠢᠨ ᠲᠠᠯ᠎ᠠ ᠨᠤᠲᠤᠭ ᠤᠨ ᠬᠦᠷᠡᠯ ᠪᠠᠭᠠᠵᠢ ᠶᠢᠨ ᠰᠣᠶᠣᠯ᠂ ᠬᠢᠳᠠᠨ ᠯᠢᠶᠣᠤ ᠶᠢᠨ | ᠰᠣᠶᠣᠯ᠂ ᠮᠣᠩᠭᠤᠯ ᠶᠤᠸᠠᠨ ᠤ ᠰᠣᠶᠣᠯ ᠪᠣᠶ᠃ ᠪᠦ᠋ ᠰᠢᠶᠤᠤ ᠯᠢᠨ ᠨᠢᠩᠴᠧᠩ ᠰᠢᠶᠠᠨ ᠤ ᠯᠢᠶᠣᠤ ᠶᠢᠨ ᠳᠤᠮᠳᠠᠳᠤ | ᠨᠡᠶᠢᠰᠯᠡᠯ ᠤᠨ ᠪᠠᠭᠤᠷᠢ᠂ ᠬᠤᠩᠱᠠᠨ ᠲᠣᠭᠤᠷᠢᠭ ᠤᠨ ᠬᠤᠩᠱᠠᠨ ᠰᠣᠶᠣᠯ ᠤᠨ ᠮᠦᠽᠧᠢ᠂ ᠪᠠᠭᠠᠷᠢᠨ ᠵᠡᠭᠦᠨ | ᠬᠤᠰᠢᠭᠤᠨ ᠤ ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠢ᠂ ᠠᠷᠤ ᠬᠤᠷᠴᠢᠨ ᠬᠤᠰᠢᠭᠤᠨ ᠤ ᠪᠠᠯᠴᠢᠷᠤᠳ | ᠰᠦᠮ᠎ᠡ ᠪᠣᠯᠤᠨ ᠴᠠᠭᠠᠨᠬᠤᠲᠠ ᠡᠷᠲᠡᠨ ᠤ ᠬᠤᠲᠠ ᠶᠢᠨ ᠪᠠᠭᠤᠷᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠥ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠲᠠᠶᠢᠯᠤᠮᠵᠢ ᠪᠠ | ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠯᠠᠷ ᠡᠷᠳᠡᠨ ᠤ ᠰᠣᠶᠣᠯ ᠢ ᠠᠭᠤᠳᠠᠯᠤᠨ | ᠡᠮᠬᠢᠳᠬᠡᠬᠦ ᠠᠵᠢᠯ ᠪᠤᠯᠤᠨ ᠬᠢᠳᠠᠨ ᠯᠢᠶᠣᠤ ᠶᠢᠨ ᠰᠣᠶᠣᠯ᠂ ᠮᠣᠩᠭᠤᠯ ᠶᠤᠸᠠᠨ ᠤ ᠰᠣᠶᠣᠯ ᠵᠡᠷᠭᠡ ᠲᠡᠦᠬᠡ ᠶᠢᠨ | ᠬᠤᠪᠢᠰᠤᠯᠲᠠ ᠶᠢ ᠪᠦᠬᠦ ᠲᠠᠯ᠎ᠠ ᠪᠠᠷ ᠣᠶᠢᠯᠠᠭᠠᠨ᠂ ᠰᠣᠶᠣᠯ ᠤᠨ ᠥᠪ ᠤᠨ ᠬᠠᠮᠠᠭᠠᠯᠠᠯᠲᠠ ᠪᠠ ᠠᠰᠢᠬᠯᠠᠯᠲᠠ ᠶᠢᠨ | ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠪᠠ᠃ ᠲᠡᠷᠡ᠂ ᠲᠡᠤᠬᠡ ᠰᠣᠶᠣᠯ ᠤᠨ ᠥᠪ ᠪᠣᠯ ᠳᠠᠬᠢᠨ ᠡᠭᠦᠰᠴᠦ | ᠪᠣᠯᠤᠰᠢ ᠦᠭᠡᠢ᠂ ᠣᠷᠣᠯᠠᠭᠤᠯᠵᠤ ᠪᠣᠯᠤᠰᠢ ᠦᠭᠡᠢ ᠡᠷᠬᠢᠮ ᠨᠠᠨᠳᠢᠨ ᠡᠬᠢ ᠪᠠᠶᠠᠯᠢᠭ ᠮᠥᠨ᠂ ᠲᠡᠤᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠲᠡᠤᠬᠡ ᠶᠢᠨ ᠳᠤᠷᠠᠰᠬᠠᠯᠲᠤ ᠵᠦᠢᠯᠡᠰ ᠢ | ᠵᠦᠶ ᠵᠣᠬᠢᠰᠲᠠᠶ ᠠᠰᠢᠬᠯᠠᠬᠤ ᠶᠢ ᠠᠬᠢᠭᠤᠯᠵᠤ᠂ ᠰᠣᠶᠣᠯ ᠤᠨ ᠦᠨᠳᠦᠰᠦ ᠰᠤᠳᠠᠰᠤ ᠶᠢ ᠦᠯᠡᠳᠡᠭᠡᠨ᠂ ᠦᠨᠳᠦᠰᠦᠲᠡᠨ | ᠤ ᠰᠦᠭ ᠰᠦᠨᠡᠰᠦ ᠶᠢ ᠰᠠᠬᠢᠨ ᠬᠠᠮᠠᠭᠠᠯᠠᠵᠥ᠂ ᠰᠣᠶᠣᠯ ᠤᠨ ᠢᠲᠡᠭᠡᠯ ᠢᠶᠠᠨ ᠲᠠᠬᠡᠭᠰᠢᠯᠡᠬᠦᠯᠦᠨ᠂ ᠡᠬᠢ | ᠰᠤᠷᠪᠤᠯᠵᠢ ᠶᠢ ᠨᠢ ᠡᠷᠢᠵᠤ ᠮᠦᠷᠳᠡᠬᠦ ᠶᠠᠪᠤᠴᠠ ᠳᠤ ᠰᠣᠶᠣᠯ ᠢ ᠨᠡᠩ ᠰᠠᠶᠢᠲᠤᠷ ᠬᠥᠭᠵᠢᠭᠦᠯᠵᠦ ᠪᠣᠯᠪᠠᠰᠤᠨ ᠢ ᠨᠡᠩ | ᠰᠠᠶᠢᠲᠤᠷ ᠵᠠᠯᠭᠠᠮᠵᠢᠯᠠᠬᠤ ᠬᠡᠷᠡᠭᠳᠡᠢ᠃ ᠦᠨᠳᠦᠰᠦᠲᠡᠨ ᠨᠦᠬᠦᠳ ᠤᠨ ᠣᠯᠠᠨ ᠲᠦᠮᠡᠨ ᠢ ᠵᠥᠪ ᠲᠡᠤᠬᠡ ᠶᠢᠨ | ᠦᠵᠡᠯᠲᠡ᠂ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠬᠤ ᠪᠠᠷ | ᠬᠥᠲᠥᠯᠥᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | | | | | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠬᠦᠯ | ᠬᠤᠷᠢᠶᠠᠬᠤ ᠵᠢᠯ ᠪᠣᠯᠤᠨ᠎ᠠ᠃ ᠪᠥ᠋ ᠰᠢᠶᠤᠤ ᠯᠢᠨ ᠣᠩᠨᠢᠭᠤᠳ ᠬᠤᠰᠢᠭᠤᠨ ᠤ ᠠᠰᠢᠬᠠᠨ ᠰᠤᠮᠤ ᠶᠢᠨ ᠨᠠᠷᠢᠨᠭᠤᠤᠯ | ᠭᠠᠴᠠᠭᠠᠨ ᠤ ᠮᠠᠯᠴᠢᠨ ᠪᠠᠶᠠᠨᠮᠠᠨᠳᠤᠬᠤ ᠶᠢᠨ ᠳᠤ ᠬᠦᠷᠪᠡ᠃ ᠲᠡᠳᠡᠨ ᠤ ᠬᠢᠨ ᠬᠥᠳᠡᠯᠮᠦᠷᠢ ᠬᠦᠴᠦ | ᠳᠤᠲᠠᠭᠳᠠᠬᠰᠠᠨ ᠠᠴᠠ ᠲᠠᠩᠰᠠᠯᠠᠵᠥ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠵᠣ᠂ 2016 ᠣᠨ ᠳᠤ | ᠨᠢᠭᠡᠨᠲᠡ ᠶᠠᠳᠠᠭᠤ ᠠᠴᠠ ᠠᠩᠭᠢᠵᠢᠷᠠᠪᠠ᠃ 2017 ᠣᠨ ᠳᠤ ᠪᠦ᠋ ᠰᠢᠶᠤᠤ ᠯᠢᠨ ᠲᠡᠳᠡᠨ ᠤ ᠬᠢ ᠪᠠᠷ ᠠᠶᠢᠯᠴᠢᠯᠠᠵᠥ | ᠦᠩᠬᠡᠷᠡᠭᠰᠡᠨ ᠶᠤᠮ᠃ 3 ᠵᠢᠯ ᠤᠨ ᠳᠠᠷᠠᠭ᠎ᠠ ᠳᠠᠬᠢᠨᠲᠠ ᠠᠭᠤᠯᠵᠠᠭᠠᠳ᠂ ᠪᠦ᠋ ᠰᠢᠶᠤᠤ ᠯᠢᠨ ᠳᠡᠳᠡᠨ ᠤ | ᠣᠷᠣᠯᠭ᠎ᠠ ᠶᠢᠨ ᠢᠷᠡᠯᠲᠡ᠂ ᠠᠮᠢᠳᠤᠷᠠᠯ ᠤᠨ ᠪᠠᠶᠢᠳᠠᠯ᠂ ᠡᠪᠡᠳᠴᠢᠨ ᠢᠶᠠᠨ ᠦᠵᠡᠭᠦᠯᠵᠦ ᠡᠮᠨᠡᠭᠦᠯᠵᠤ ᠪᠠᠶᠢᠭ᠎ᠠ ᠪᠠᠶᠢᠳᠠᠯ | ᠵᠡᠷᠬᠡ ᠶᠢ ᠬᠠᠯᠠᠮᠵᠢᠯᠠᠨ ᠠᠰᠠᠭᠤᠵᠤ᠂ ᠬᠦᠷᠢᠶ᠎ᠡ ᠬᠠᠰᠢᠶ᠎ᠠ᠂ ᠦᠬᠡᠷ ᠤᠨ ᠰᠠᠷᠠᠪᠴᠢ ᠪᠠ ᠬᠤᠨᠢᠨ ᠤ ᠬᠠᠰᠢᠶ᠎ᠠ ᠶᠢ ᠨᠢ | ᠨᠠᠷᠢᠨ ᠪᠠᠶᠢᠴᠠᠭᠠᠨ ᠦᠵᠡᠪᠡ᠃ ᠪᠠᠶᠠᠨᠮᠠᠨᠳᠤᠬᠤ᠂ ᠭᠡᠷ ᠲᠡᠭᠡᠨ ︽ᠪᠠᠭ᠎ᠠ ᠵᠢᠵᠢᠭ ᠲᠥᠷᠥᠯ ᠵᠦᠢᠯ ᠤᠨ ᠨᠥᠬᠦᠪᠥᠷᠢ︾ | ᠪᠠᠷ 4 ᠡᠮ᠎ᠡ ᠬᠤᠨᠢ ᠬᠤᠳᠠᠯᠳᠤᠨ ᠠᠪᠴᠤ᠂ ᠨᠢᠭᠡ ᠦᠨᠢᠶ᠎ᠡ ᠪᠠᠨ ᠬᠤᠳᠠᠯᠳᠤᠵᠠᠶ᠂ ᠥᠪᠡᠷ ᠢᠶᠠᠨ ᠪᠠᠰᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠯᠠᠵᠤ᠂ ᠬᠡᠷ ᠪᠦᠯᠢ ᠶᠢᠨ ᠣᠷᠣᠯᠭ᠎ᠠ | ᠥᠩᠭᠡᠷᠡᠭᠰᠡᠨ ᠤ ᠬᠢ ᠠᠴᠠ ᠠᠷᠪᠢᠨ ᠪᠣᠯᠤᠭᠰᠠᠨ ᠬᠡᠵᠦ ᠪᠠᠶᠠᠷᠳᠠᠢ ᠬᠡᠯᠡᠵᠦ ᠦᠭᠪᠡ᠃ ᠪᠦ᠋ ᠰᠢᠶᠤᠤ ᠯᠢᠨ ᠲᠡᠭᠦᠨ ᠤ | ᠭᠡᠷ ᠪᠦᠯᠢ ᠶᠢᠨ ᠠᠮᠢᠳᠤᠷᠠᠯ ᠶᠠᠪᠤᠬᠤ ᠲᠤᠳᠤᠮ ᠰᠠᠶᠢᠵᠢᠷᠠᠬᠤ ᠶᠢ ᠬᠦᠰᠡᠨ ᠵᠥᠩᠨᠡᠵᠠᠢ᠃ ᠠᠷᠤ ᠬᠤᠷᠴᠢᠨ | ᠬᠤᠰᠢᠭᠤᠨ ᠳᠤ᠂ ᠪᠦ᠋ ᠰᠢᠶᠤᠤ ᠯᠢᠨ ᠬᠤᠨᠳᠤ ᠪᠠᠯᠭᠠᠰᠤᠨ ᠤ ᠦᠨᠳᠦᠰᠦᠲᠡᠨ ᠤ ᠭᠠᠷ ᠤᠷᠠᠯᠠᠯ ᠤᠨ | ᠪᠦᠲᠦᠭᠡᠭᠳᠡᠬᠦᠨ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠤ᠂ ᠶᠠᠳᠠᠭᠤ ᠬᠦᠴᠢᠷᠳᠡᠯᠲᠡᠶ | ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠂ ᠪᠠᠰᠠ ᠠᠷᠤ | ᠬᠤᠷᠴᠢᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠠᠵᠢᠯ ᠤᠨ ᠠᠷᠭ᠎ᠠ | ᠬᠡᠮᠵᠢᠶ᠎ᠡ ᠪᠠᠨ ᠴᠢᠨᠠᠬᠰᠢᠳᠠ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠪᠦᠷᠢᠯᠡᠯ ᠤᠨ | ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠠᠵᠢᠯ ᠣᠯᠭᠤᠯᠲᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠢᠬᠡᠳ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠤᠨ᠂ ᠨᠢᠭᠡ ᠯᠡ ᠠᠮᠢᠰᠬᠤᠭ᠎ᠠ ᠪᠠᠷ ᠴᠢᠷᠮᠠᠶᠢᠨ ᠲᠡᠮᠡᠴᠡᠵᠦ᠂ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ | ᠲᠤᠬᠳᠠᠬᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ | ᠬᠠᠷᠠᠴᠢᠨ — ᠤᠯᠠᠭᠠᠨᠬᠠᠳᠠ ᠬᠦᠷᠬᠦ ᠲᠦᠷᠬᠡᠨ ᠤ ᠲᠡᠮᠦᠷ ᠵᠠᠮ ᠢ ᠨᠢᠭᠡᠨᠲᠡ ᠵᠢᠷᠤᠭ ᠳᠦᠯᠦᠪᠯᠡᠭᠡ | ᠶᠤᠰᠤᠭᠠᠷ ᠲᠤᠷᠰᠢᠨ ᠠᠵᠢᠯᠯᠠᠭᠤᠯᠵᠤ᠂ ᠤᠳᠠᠯ ᠦᠭᠡᠢ ᠭᠠᠯᠳᠤ ᠲᠡᠷᠭᠡ ᠨᠡᠪᠲᠡᠷᠡᠭᠦᠯᠬᠦ ᠪᠠᠷ ᠪᠤᠢ᠃ ᠪᠦ᠋ ᠰᠢᠶᠤᠤ ᠯᠢᠨ | ᠤᠯᠠᠭᠠᠨᠬᠠᠳᠠ ᠥᠷᠲᠡᠭᠡᠨ ᠳᠤ ᠬᠦᠷᠴᠤ ᠰᠢᠨᠵᠢᠯᠡᠨ ᠪᠠᠶᠢᠴᠠᠭᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠠᠶᠠᠨᠴᠢᠳ ᠤᠨ ᠣᠷᠣᠵᠤ ᠭᠠᠷᠬᠤ ᠦᠷᠳᠡᠭᠡ ᠵᠢᠴᠢ ᠡᠷᠬᠢᠨ ᠲᠣᠭᠤᠷᠢᠨ ᠤ ᠢᠵᠢ | ᠪᠦᠷᠢᠳᠦᠭᠦᠯᠦᠭᠰᠡᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠨᠢᠩᠴᠧᠩ ᠰᠢᠶᠠᠨ ᠳᠤ | ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |