ᠬᠢᠩᠭᠠᠨ ᠠᠶᠢᠮᠠᠭ ᠤᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯ ᠨᠢ 3 ᠲᠦᠮᠡ ᠰᠢᠬᠠᠮ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2020/6/17
     ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠬᠢᠩᠭᠠᠨ ᠠᠶᠢᠮᠠᠭ ᠤᠨ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠳᠡᠪᠬᠢᠲᠡᠢ ᠣᠷᠣᠯᠴᠠᠵᠤ᠂ ᠶᠠᠳᠠᠭᠤ ᠶᠢ ᠲᠡᠳᠬᠦᠬᠦ ᠬᠢᠭᠡᠳ ᠣᠶᠤᠨ ᠤᠬᠠᠭᠠᠨ ᠢ ᠲᠡᠳᠬᠦᠬᠦ᠂ ᠡᠷᠴᠢ ᠵᠣᠷᠢᠭ ᠢ ᠲᠡᠳᠬᠦᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠷᠠᠯᠵᠢᠶ᠎ᠠ ᠬᠤᠳᠠᠯᠳᠤᠭ᠎ᠠ ᠪᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠬᠦ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠴᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠡ᠃ ᠨᠡᠶᠢᠲᠡ 2 ᠳ᠋ᠦᠩᠰᠢᠭᠤᠷ ᠭᠠᠷᠤᠢ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠵᠠᠷᠤᠴᠠᠭᠤᠯᠵᠤ᠂ 3 ᠲᠦᠮᠡ ᠰᠢᠬᠠᠮ ᠶᠠᠳᠠᠭᠤ ᠬᠦᠴᠢᠷᠳᠡᠯᠲᠡᠢ ᠬᠥᠮᠦᠨ ᠠᠮᠠ ᠳᠤ ᠠᠰᠢᠭ ᠬᠦᠷᠲᠡᠭᠡᠪᠡ᠃      ᠣᠳᠣ ᠪᠣᠯᠲᠠᠯ᠎ᠠ᠂ ᠬᠢᠩᠭᠠᠨ ᠠᠶᠢᠮᠠᠭ ᠲᠤ ᠨᠡᠶᠢᠲᠡ 165 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠣᠷᠤᠯᠴᠠᠨ᠂ ᠨᠡᠶᠢᠲᠡ 436 ᠭᠠᠴᠠᠭ᠎ᠠ ᠲᠣᠰᠬᠤᠨ ᠢ ᠬᠠᠪᠰᠤᠷᠤᠨ ᠲᠡᠳᠬᠦᠵᠦ᠂ 20034 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠵᠠᠷᠤᠴᠠᠭᠤᠯᠤᠨ᠂ 29701 ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠶᠢᠴᠢᠯᠠᠭᠰᠠᠨ ᠪᠠ ᠠᠰᠢᠭ ᠬᠦᠷᠲᠡᠭᠡᠪᠡ᠃ ᠡᠭᠦᠨ ᠤ ᠬᠠᠮᠲᠤ᠂ ᠬᠥᠲᠥᠴᠢ ᠠᠵᠤ ᠠᠬᠤᠶᠢᠯᠠᠯ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠦᠴᠦᠨ ᠨᠡᠮᠡᠷᠢᠯᠡᠪᠡ᠃ ᠪᠦᠬᠦ ᠠᠶᠢᠮᠠᠭ ᠤᠨ 25 ᠬᠥᠲᠥᠴᠢ ᠠᠵᠤ ᠠᠬᠤᠶᠢᠯᠠᠯ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ ᠣᠷᠣᠯᠴᠠᠵᠤ᠂ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠪᠦᠬᠦ ᠲᠣᠭᠠᠨ ᠤ 15%᠎ ᠶᠢ ᠡᠵᠡᠯᠡᠨ᠂ 5335 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠵᠠᠷᠤᠴᠠᠭᠤᠯᠤᠨ᠂ ᠶᠠᠳᠠᠭᠤ ᠬᠦᠴᠢᠷᠳᠡᠯᠲᠡᠢ 5452 ᠬᠥᠮᠦᠨ ᠢ ᠳᠠᠶᠢᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号