ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2020/6/17
                      ᠥᠪᠦᠷ ᠵᠠᠰᠠᠭ ᠠᠯᠪᠠᠨ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠰᠤᠮᠤ ᠰᠢᠶᠠᠩ  ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠤᠭ᠎ᠠ ᠪᠦᠷᠢᠳᠭᠡᠯ ᠤᠨ ᠲᠠᠯ᠎ᠠ ᠪᠠᠷ ᠰᠢᠶᠠᠩ ᠪᠠᠯᠭᠠᠰᠤᠨ ᠤ  ᠱᠠᠳᠤ ᠲᠠᠢ ᠠᠳᠠᠯᠢ ᠪᠠᠷ ᠦᠵᠡᠬᠦ ᠨᠢᠭᠡᠴᠢ︶ ᠤ ᠲᠤᠭ᠎ᠠ ᠪᠦᠷᠢᠳᠭᠡᠯ ᠤᠨ ᠰᠠᠭᠤᠷᠢ ᠠᠵᠢᠯ᠂ ᠦᠨᠳᠦᠰᠦᠨ ᠱᠠᠲᠤᠨ ᠤ ᠡᠩᠨᠡᠭᠡ ᠪᠠ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠤᠨ᠂ ᠡᠬᠢ  ᠢᠷᠡᠯᠲᠡ ᠶᠢᠨ ᠪᠦᠷᠢᠳᠬᠡᠯ ᠤᠨ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ  ᠪᠠ ᠬᠤᠰᠢᠭᠤ ᠰᠢᠶᠠᠨ ᠰᠤᠮᠤ ᠰᠢᠶᠠᠩ ᠬᠤᠶᠠᠷ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠦᠬᠦ ᠣᠷᠣᠨ ᠤ ᠰᠤᠮᠤ ᠰᠢᠶᠠᠩ  ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠳᠤ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ︽ᠲᠤᠭ᠎ᠠ ᠪᠦᠷᠢᠳᠬᠡᠯ ᠤᠨ ᠪᠠᠶᠢᠭᠤᠯᠤᠯ ᠢ ᠲᠡᠭᠦᠯᠳᠡᠷᠵᠢᠭᠦᠯᠬᠦ︾ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠲᠤ ᠨᠢ ᠲᠣᠬᠢᠷᠠᠭᠤᠯᠤᠨ ᠳᠡᠭᠡᠳᠦ ᠳᠣᠣᠷᠠᠳᠤ ᠱᠠᠲᠤ ᠬᠠᠮᠲᠤᠷᠠᠨ  ᠬᠦᠳᠡᠯᠦᠯᠴᠡᠵᠦ ᠪᠠᠷᠢᠮᠵᠢᠶ᠎ᠠ ᠪᠠᠨ ᠨᠢᠭᠡᠳᠭᠡᠨ ᠵᠢᠷᠤᠮᠵᠢᠭᠤᠯᠵᠤ ᠡᠮᠬᠢ ᠵᠢᠷᠤᠮ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠣᠷᠣᠨ ᠲᠤᠭ᠎ᠠ ᠲᠠᠢ ᠪᠠᠶᠢᠬᠤ᠂ ᠠᠵᠢᠯᠲᠠᠨ ᠲᠠᠢ ᠪᠠᠶᠢᠬᠤ᠂ ᠵᠠᠷᠤᠳᠠᠯ ᠲᠠᠢ ᠪᠠᠶᠢᠬᠤ᠂ ᠲᠠᠯᠠᠪᠤᠷ ᠲᠠᠢ ᠪᠠᠶᠢᠬᠤ᠂ ᠲᠥᠬᠦᠭᠡᠷᠦᠮᠵᠢ ᠲᠠᠢ ᠪᠠᠶᠢᠬᠤ᠂ ᠰᠦᠯᠵᠢᠶ᠎ᠡ ᠲᠠᠢ ᠪᠠᠶᠢᠬᠤ᠂ ᠳᠦᠷᠢᠮ ᠲᠠᠢ ᠪᠠᠶᠢᠬᠤ᠂ ᠪᠣᠯᠪᠠᠰᠤᠷᠠᠭᠤᠯᠵᠦ ᠪᠠᠶᠢᠬᠤ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠲᠤᠭ᠎ᠠ ᠪᠦᠷᠢᠳᠬᠡᠯ ᠤᠨ ᠠᠵᠢᠯᠲᠠᠨ ᠢ ᠲᠤᠰᠬᠠᠶᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ ᠤᠨ ᠡᠬᠡ ᠳᠠᠩᠰᠠ ᠶᠢ  ᠡᠯᠧᠺᠲᠷᠤᠨᠵᠢᠭᠦᠯᠬᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠳᠠᠩᠰᠠ ᠡᠪᠬᠡᠮᠡᠯᠵᠢᠭᠦᠯᠬᠦ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢ ᠪᠠᠶᠢᠩᠭᠤᠵᠢᠭᠤᠯᠬᠤ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠰᠤᠮᠤ ᠰᠢᠶᠠᠩ ᠪᠠᠯᠭᠠᠰᠤᠨ ᠳᠠᠬᠢ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠬᠢ ᠢᠷᠡᠯᠲᠠ ᠶᠢᠨ ᠲᠤᠭ᠎ᠠ ᠪᠦᠷᠢᠳᠬᠡᠯ ᠤᠨ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠴᠢᠩᠭ᠎ᠠ  ᠪᠣᠳᠠᠲᠠᠶᠢᠵᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ ᠳᠠᠭᠠᠭᠠᠨ ᠡᠭᠦᠷᠭᠡᠯᠡᠭᠰᠡᠨ ᠨᠠᠮ ᠵᠠᠰᠠᠭ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠳᠤ ᠳᠡᠭᠡᠲᠥ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠤᠳᠤᠷᠢᠳᠤᠯᠭ᠎ᠠ ᠶᠢ ᠭᠦᠯᠢᠶᠡᠵᠦ᠂ ᠲᠤᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ ᠪᠦᠷᠢᠳᠬᠡᠯ ᠤᠨ ᠠᠵᠢᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠨ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ  ᠭᠦᠢᠴᠡᠳᠭᠡᠵᠦ᠂ ᠭᠠᠴᠠᠭ᠎ᠠ ᠲᠣᠰᠬᠤᠨ ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠢ ᠵᠢᠭᠠᠨ  ᠵᠢᠯᠣᠭᠤᠳᠴᠦ ᠪᠠᠶᠢᠭᠠᠳ ᠲᠤᠭ᠎ᠠ ᠪᠦᠷᠢᠳᠬᠡᠯ ᠤᠨ ᠳᠦᠷᠢᠮ ᠤᠨ ᠲᠣᠭᠲᠠᠭᠠᠯ ᠶᠣᠰᠣᠭᠠᠷ ᠰᠣᠳᠣᠯᠤᠨ ᠪᠠᠶᠢᠴᠠᠭᠠᠭᠰᠠᠨ ᠳ᠋ᠠᠶᠢᠲ᠋ᠠ ᠶᠢ ᠴᠤᠭᠯᠠᠭᠤᠯᠤᠨ᠎ᠠ︔ ᠠᠵᠤ ᠠᠬᠤᠶ᠂ ᠬᠥᠮᠦᠨ ᠠᠮᠠ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠡᠶᠢᠳᠡᠮ ᠪᠠᠶᠢᠴᠠᠭᠠᠵᠤ ᠰᠣᠳᠣᠯᠤᠨ ᠪᠠᠶᠢᠴᠠᠭᠠᠬᠤ  ᠠᠵᠢᠯ᠂ ᠵᠢᠴᠢ ᠳᠡᠭᠡᠲᠥ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠭᠰᠠᠨ ᠡᠯ᠎ᠡ  ᠵᠦᠢᠯ ᠤᠨ ᠲᠤᠭ᠎ᠠ ᠪᠦᠷᠢᠳᠬᠡᠯ ᠤᠨ ᠰᠣᠳᠣᠯᠣᠨ ᠪᠠᠶᠢᠴᠠᠭᠠᠬᠤ ᠶᠢᠨ ᠡᠭᠦᠷᠭᠡ ᠶᠢ ᠬᠠᠷᠢᠭᠤᠴᠠᠨ ᠪᠡᠶᠡᠯᠡᠭᠦᠯᠦᠨ᠎ᠡ᠂ ᠡᠭᠦᠨ ᠳᠤ ᠰᠢᠶᠠᠩ ᠪᠠᠯᠭᠠᠰᠤᠨ ᠤ ᠺᠠᠷᠲ ᠭᠠᠴᠠᠭ᠎ᠠ ᠲᠣᠰᠬᠤᠨ ᠤ ᠺᠠᠷᠲ ᠢ ᠲᠠᠭᠯᠠᠨ ᠮᠡᠳᠡᠭᠦᠯᠬᠦ᠂ ᠲᠠᠷᠢᠶᠠᠯᠠᠩ ᠣᠢ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠠᠬᠤᠢ ᠶᠢᠨ ᠲᠤᠭ᠎ᠠ ᠪᠦᠷᠢᠳᠬᠡᠯ᠂ ᠮᠠᠯ ᠠᠵᠤ ᠠᠬᠤᠢ ᠶᠢᠨ ᠰᠣᠳᠣᠯᠣᠨ ᠪᠠᠶᠢᠴᠠᠭᠠᠯᠲᠠ᠂ ᠨᠡᠷᠡᠰ ᠤᠨ ᠬᠥᠮᠥᠷᠭᠡ ᠶᠢᠨ ᠬᠠᠮᠠᠭᠠᠯᠠᠨ ᠠᠵᠢᠯᠯᠠᠬᠤ ᠵᠡᠷᠭᠡ ᠪᠠᠭᠲᠠᠨ᠎ᠠ᠃ ᠲᠤᠭ᠎ᠠ ᠪᠦᠷᠢᠳᠬᠡᠯ ᠤᠨ ᠳ᠋ᠠᠶᠢᠲ᠋ᠠ ᠶᠢ ᠭᠠᠳᠠᠭᠰᠢ ᠬᠠᠩᠭᠠᠬᠤ ᠪᠠ ᠬᠡᠷᠡᠭᠯᠡᠬᠦ ᠳᠤ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠠᠷᠭᠤᠭᠤᠯᠤᠨ ᠲᠣᠭᠲᠠᠭᠠᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃      ︵ᠬᠤᠶᠠᠷ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠬᠦᠴᠦᠨ ᠢ ᠪᠦᠷᠢᠨᠰᠢᠭᠦᠯᠦᠨ ᠴᠢᠩᠭ᠎ᠠ ᠲᠣᠬᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ‍ᠤᠨ‌‍ᠲ᠋ᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠪᠠ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠶᠢ ᠲᠣᠬᠢᠷᠠᠭᠤᠯᠵᠤ᠂ ᠲᠤᠭ᠎ᠠ ᠪᠦᠷᠢᠳᠬᠡᠯ ᠤᠨ ᠡᠭᠦᠷᠭᠡ ᠯᠦᠭᠡ ᠲᠣᠬᠢᠷᠠᠯᠴᠠᠭᠰᠠᠨ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠶᠢᠨ ᠬᠠᠮᠲᠤ᠂ ᠬᠠᠷᠢᠶ᠎ᠠ ᠪᠦᠬᠦᠢ ᠭᠠᠴᠠᠭ᠎ᠠ ᠲᠣᠰᠬᠤᠨ ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠢ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠬᠤ ᠠᠵᠢᠯᠲᠠᠨ ᠢ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ ᠵᠣᠬᠢᠬᠤ ᠠᠵᠢᠯ ᠡᠭᠦᠷᠭᠡ ᠶᠢ ᠡᠭᠦᠷᠭᠡᠯᠡᠨ  ᠳᠠᠭᠠᠭᠠᠯᠭᠠᠵᠤ᠂ ᠭᠠᠴᠠᠭ᠎ᠠ ᠲᠣᠰᠬᠤᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠢ ᠴᠢᠳᠠᠬᠤ ᠶᠢᠨ ᠳᠣᠲᠣᠷ᠎ᠠ ᠬᠠᠷᠢᠴᠠᠩᠭᠤᠶ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯ ᠤᠨ ᠬᠡᠪ ᠤᠨ ᠪᠠᠶᠢᠳᠠᠯ ᠢᠶᠠᠷ ᠦᠷᠨᠢᠬᠦ ᠶᠢ ᠪᠠᠲᠤᠯᠠᠨ᠎ᠠ᠃ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ   ᠳᠤ ᠬᠤᠪᠢᠷᠠᠯᠳᠠ ᠭᠠᠷᠴᠤ ᠰᠢᠯᠵᠢᠭᠦᠯᠦᠨ ᠲᠣᠬᠢᠷᠠᠭᠤᠯᠬᠤ ᠳᠤ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠵᠥᠪᠰᠢᠶᠡᠷᠡᠯ ᠢ  ᠠᠪᠬᠤ ᠶᠢᠨ ᠬᠠᠮᠲᠤ ᠪᠦᠷᠢᠳᠭᠡᠨ ᠳᠠᠩᠰᠠᠯᠠᠨ᠎ᠠ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠳ ᠨᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠨ ᠤ ᠡᠯᠧᠺᠲᠷᠣᠨ ᠮᠡᠳᠡᠭᠡ ᠵᠠᠩᠭᠢ ᠶᠢᠨ ᠬᠥᠮᠥᠷᠭᠡ ᠶᠢ ᠴᠠᠭ ᠲᠤᠬᠠᠶ ᠳᠤ ᠨᠢ ᠬᠠᠮᠠᠭᠠᠯᠠᠨ ᠰᠢᠨᠡᠳᠭᠡᠬᠦ ᠬᠡᠷᠡᠭᠲᠡᠶ᠃ ᠴᠢᠬᠤᠯᠠ ᠶᠡᠭᠡ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠨᠡᠶᠢᠳᠡᠮ  ᠪᠠᠶᠢᠴᠠᠭᠠᠵᠤ ᠰᠣᠳᠣᠯᠣᠨ ᠪᠠᠶᠢᠴᠠᠭᠠᠬᠤ ᠪᠤᠶᠤ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠨᠢ ᠠᠵᠢᠯᠲᠡᠨ ᠤ ᠬᠦᠴᠦᠨ ᠯᠦᠭᠡ ᠦᠯᠦ  ᠲᠤᠬᠢᠷᠠᠯᠴᠠᠬᠤ‌‍ᠪᠠᠶᠢᠳᠠᠯ ᠲᠣᠬᠢᠶᠠᠯᠳᠤᠪᠠᠯ᠂ ᠰᠠᠶᠢᠨ  ᠳᠤᠷᠠᠴᠤᠳ ᠢ ᠢᠯᠡ ᠪᠠᠷ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃      ︵ᠭᠤᠷᠪᠠ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠨᠥᠬᠦᠴᠡᠯ ᠢ ᠰᠠᠶᠢᠵᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠨᠢ ᠲᠤᠭ᠎ᠠ ᠪᠦᠷᠢᠳᠬᠡᠯ ᠤᠨ ᠠᠵᠢᠯᠲᠠᠨ ᠳᠤ ᠪᠠᠷᠢᠮᠵᠢᠶ᠎ᠠ ᠳᠤ ᠨᠡᠶᠢᠴᠡᠭᠰᠡᠨ ᠪᠦᠭᠡᠳ ᠬᠠᠷᠢᠴᠠᠩᠭᠤᠶ ᠲᠣᠭᠲᠠᠮᠠᠯ᠂ ᠲᠤᠰᠠᠭᠠᠷ ᠠᠵᠢᠯᠯᠠᠬᠤ ᠭᠠᠵᠠᠷ ᠲᠠᠯᠠᠪᠤᠷ ᠲᠣᠬᠢᠷᠠᠭᠤᠯᠵᠤ᠂ ᠲᠤᠭ᠎ᠠ ᠪᠦᠷᠢᠳᠬᠡᠯ ᠤᠨ  ᠳᠣᠲᠣᠭᠠᠳᠤ ᠰᠦᠯᠵᠢᠶᠡᠨ ᠳᠤ ᠵᠠᠯᠭᠠᠭᠤᠯᠤᠭᠰᠠᠨ ᠲᠤᠰᠬᠠᠶ ᠺᠣᠮᠫᠢᠦ᠋ᠲ᠋ᠧᠷ᠂ ᠳᠠᠷᠤᠮᠠᠯᠯᠠᠬᠤ ᠲᠦᠬᠦᠭᠡᠷᠦᠮᠵᠢ ᠪᠠ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠳᠠᠭᠠᠯᠠᠬᠤ ᠳᠠᠩᠰᠠ ᠡᠪᠬᠡᠮᠡᠯ ᠤᠨ ᠬᠤᠷᠭᠤ ᠵᠡᠷᠭᠡ ᠶᠢ ᠲᠣᠬᠢᠷᠠᠭᠤᠯᠤᠨ ᠥᠭᠴᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠲᠤᠯᠠᠨ᠎ᠠ᠃ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠤᠨ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠠᠵᠢᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠩᠭᠤ ᠶᠢᠨ ᠬᠠᠮᠠᠭᠠᠯᠠᠠ ᠠᠵᠢᠯᠯᠠᠭᠤᠯᠬᠤ ᠠᠵᠢᠯ ᠢ ᠰᠠᠶᠢᠲᠤᠷ ᠭᠦᠢᠴᠡᠳᠭᠡᠵᠦ᠂ ᠲᠣᠭᠲᠠᠮᠠᠯ ᠬᠥᠷᠥᠩᠭᠡ ᠶᠢᠨ  ᠬᠡᠷᠡᠭᠯᠡᠯᠲᠡ ᠶᠢᠨ ᠴᠠᠭ ᠬᠤᠭᠤᠴᠠᠭ᠎ᠠ ᠶᠢ ᠴᠢᠷᠮᠠᠶᠢᠨ ᠤᠷᠳᠤᠳᠬᠠᠨ᠂ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠶᠢᠨ ᠴᠠᠭ ᠬᠤᠭᠤᠴᠠᠭ᠎ᠠ ᠨᠢ ᠬᠡᠲᠦᠷᠡᠭᠰᠡᠨ ᠮᠥᠷᠲᠡᠭᠡᠨ ᠦᠨᠡᠨ ᠬᠦ ᠬᠡᠷᠡᠭᠯᠡᠬᠦ ᠶᠢᠨ ᠠᠷᠭ᠎ᠠ ᠦᠭᠡᠢ ᠪᠣᠯᠣᠭᠰᠠᠨ ᠲᠥᠬᠦᠭᠡᠷᠦᠮᠵᠢ ᠶᠢ ᠴᠠᠭ ᠲᠤᠬᠠᠶ ᠳᠤ ᠨᠢ ᠰᠢᠨᠡᠳᠬᠡᠵᠦ᠂ ᠲᠥᠬᠦᠭᠡᠷᠦᠮᠵᠢ ᠬᠠᠭᠤᠴᠢᠷᠠᠭᠰᠠᠨ ᠪᠠ ᠳᠤᠲᠠᠭᠳᠠᠭᠰᠠᠨ ᠠᠴᠠ ᠪᠣᠯᠵᠤ ᠲᠤᠭ᠎ᠠ ᠪᠦᠷᠢᠳᠬᠡᠯ ᠤᠨ ᠠᠵᠢᠯ ᠢ ᠦᠷᠨᠢᠭᠦᠯᠬᠦ ᠶᠢᠨ ᠠᠷᠭ᠎ᠠ ᠦᠭᠡᠢ ᠪᠣᠯᠬᠤ ᠠᠴᠠ ᠬᠢᠴᠢᠶᠡᠬᠦ ᠬᠡᠷᠡᠭᠲᠡᠶ᠃      ︵ᠳᠥᠷᠪᠡ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠶᠢ ᠵᠢᠭᠠᠨ ᠵᠢᠯᠣᠭᠤᠳᠴᠦ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠳ᠋ᠠᠶᠢᠲ᠋ᠠ ᠰᠢᠢᠳᠪᠦᠷᠢᠯᠡᠬᠦ᠂ ᠮᠠᠲ᠋ᠧᠷᠢᠶᠠᠯ ᠢ ᠬᠠᠮᠢᠶᠠᠷᠬᠤ ᠵᠡᠷᠭᠡ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠪᠦᠬᠦ ᠣᠷᠣᠨ ᠤ ᠨᠢᠭᠡᠳᠦᠯᠲᠡᠶ ᠵᠢᠷᠤᠮᠵᠢᠭᠤᠯᠬᠤ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠤᠭ ᠲᠡᠮᠳᠡᠭᠯᠡᠯ ᠪᠠ ᠴᠠᠭᠠᠰᠤᠨ ᠡᠬᠡ ᠳᠠᠩᠰᠠ᠂ ᠡᠯᠧᠺᠲᠷᠣᠨ ᠡᠬᠡ ᠳᠠᠩᠰᠠ ᠶᠢ ᠪᠠᠶᠢᠭᠤᠯᠵᠤ᠂ ᠭᠠᠷᠭᠠᠨᠨᠰᠠᠨ ᠳ᠋ᠠᠶᠢᠲ᠋ᠠ ᠨᠢ ᠦᠨᠳᠦᠰᠦ ᠪᠠᠷᠢᠮᠲᠠ ᠲᠠᠢ ᠪᠦᠭᠡᠳ ᠪᠠᠶᠢᠴᠠᠭᠠᠬᠤ ᠳᠤ ᠦᠨᠳᠦᠰᠦᠯᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠭᠠᠴᠠᠭ᠎ᠠ ᠲᠣᠰᠬᠤᠨ  ︵ᠰᠠᠭᠤᠭᠠᠯᠢ ᠲᠣᠭᠤᠷᠢᠭ︶ ᠤ ᠠᠷᠠᠳ ᠤᠨ ᠵᠥᠪᠯᠡᠯ ᠤᠨ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠴᠠᠭ ᠲᠤᠬᠠᠶ ᠳᠤ ᠨᠢ ᠴᠤᠭᠯᠠᠭᠤᠯᠬᠤ ᠶᠢᠨ ᠬᠠᠮᠲᠤ ᠲᠣᠬᠢᠲᠠᠶ ᠬᠠᠳᠠᠭᠠᠯᠠᠵᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠥᠷᠥᠯ ᠬᠤᠪᠢᠶᠠᠨ ᠬᠠᠮᠢᠶᠠᠷᠬᠤ᠂ ᠬᠠᠳᠠᠵᠤ ᠳᠡᠪᠲᠡᠷᠯᠡᠬᠦ᠂ ᠲᠣᠬᠢᠲᠠᠶ ᠬᠠᠳᠠᠭᠠᠯᠠᠬᠤ ᠬᠡᠷᠡᠭᠲᠡᠶ᠂ ᠠᠩᠬᠠᠨ ᠤ ᠮᠠᠲ᠋ᠧᠷᠢᠶᠠᠯ ᠤᠨ ᠬᠠᠳᠠᠭᠠᠯᠠᠬᠤ ᠬᠤᠭᠤᠴᠠᠭ᠎ᠠ ᠶᠢ ᠨᠢ 2 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ ᠂ ᠬᠤᠷᠢᠶᠠᠩᠭᠤᠶᠢᠯᠠᠭᠰᠠᠨ ᠮᠠᠲ᠋ᠧᠷᠢᠶᠠᠯ ᠤᠨ ᠬᠠᠳᠠᠭᠠᠯᠠᠬᠤ ᠬᠤᠭᠤᠴᠠᠭ᠎ᠠ ᠶᠢ 10 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠴᠢᠬᠤᠯᠠ ᠬᠤᠷᠢᠶᠠᠩᠭᠤᠶᠢᠯᠠᠭᠰᠠᠨ ᠮᠠᠲ᠋ᠧᠷᠢᠶᠠᠯ ᠢ ᠥᠨᠢ ᠤᠳᠠᠭᠠᠨ ᠬᠠᠳᠠᠭᠠᠯᠠᠬᠤ ᠬᠡᠷᠡᠭᠲᠡᠶ᠃      ︵ᠲᠠᠪᠤ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ   ᠳᠡᠭᠡᠭᠰᠢᠯᠡᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠣᠰ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠨᠢᠭᠡᠳᠦᠯᠲᠡᠶ  ᠲᠥᠯᠥᠪᠵᠢᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠲᠤᠭ᠎ᠠ ᠪᠦᠷᠢᠳᠬᠡᠯ ᠤᠨ ᠲᠤᠰᠬᠠᠶ ᠰᠦᠯᠵᠢᠶ᠎ᠡ ᠶᠢᠨ ᠠᠵᠢᠯᠯᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠲᠣᠬᠢᠷᠠᠭᠤᠯᠵᠤ᠂ ᠲᠤᠭ᠎ᠠ ᠪᠦᠷᠢᠳᠬᠡᠯ ᠤᠨ ᠲᠤᠰᠬᠠᠶ ᠰᠦᠯᠵᠢᠶ᠎ᠡ ᠪᠠ ᠢᠨᠲ᠋ᠧᠷ ᠰᠦᠯᠵᠢᠶ᠎ᠡ ᠳᠤ ᠹᠢᠽᠢᠺ ᠤᠨ  ᠬᠦᠨᠳᠡᠶᠢᠷᠡᠭᠦᠯᠬᠦ ᠠᠷᠭ᠎ᠠ ᠶᠢ ᠬᠡᠷᠡᠭᠯᠡᠨ᠂ ᠠᠳᠠᠯᠢ ᠨᠢᠭᠡ ᠺᠣᠮᠫᠢᠦ᠋ᠲ᠋ᠧᠷ ᠢ ᠢᠨᠲ᠋ᠧᠷ ᠰᠦᠯᠵᠢᠶ᠎ᠡ ᠪᠠ ᠲᠤᠭ᠎ᠠ ᠪᠦᠷᠢᠳᠬᠡᠯ ᠤᠨ ᠲᠤᠰᠬᠠᠶ ᠰᠦᠯᠵᠢᠶᠡᠨ ᠳᠤ ᠰᠣᠯᠪᠢᠴᠠᠭᠤᠯᠤᠨ ᠬᠡᠷᠡᠭᠯᠡᠬᠦ ᠶᠢ ᠴᠢᠩᠭ᠎ᠠ ᠬᠤᠷᠢᠭᠯᠠᠨ᠂ ᠲᠤᠭ᠎ᠠ ᠪᠦᠷᠢᠳᠬᠡᠯ ᠤᠨ ᠳ᠋ᠠᠶᠢᠲ᠋ᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠭᠡᠭᠡᠵᠦ ᠣᠷᠬᠢᠬᠤ ᠪᠠ ᠨᠢᠭᠤᠴᠠ ᠶᠢ ᠵᠠᠳᠠᠷᠠᠭᠤᠯᠬᠤ ᠪᠠᠶᠢᠳᠠᠯ ᠭᠠᠷᠭᠠᠬᠤ ᠦᠭᠡᠢ  ᠪᠠᠶᠢᠬᠤ ᠶᠢ  ᠪᠠᠲᠤᠯᠠᠬᠤ ᠬᠡᠷᠡᠭᠲᠡᠶ᠃      ︵ᠵᠢᠷᠭᠤᠭ᠎ᠠ︶ ᠰᠤᠮᠤ ᠰᠢᠶᠠᠩ ᠪᠠᠯᠭᠠᠰᠤᠨ ᠤ ᠬᠠᠤᠯᠢ ᠶᠣᠰᠣᠭᠠᠷ ᠪᠦᠷᠢᠳᠭᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠳ ᠨᠢ ᠲᠤᠭ᠎ᠠ ᠪᠦᠷᠢᠳᠬᠡᠯ ᠤᠨ ᠰᠣᠳᠣᠯᠤᠨ ᠪᠠᠶᠢᠴᠠᠭᠠᠬᠤ ᠳᠦᠷᠢᠮ ᠶᠣᠰᠣᠭᠠᠷ ᠲᠤᠭ᠎ᠠ ᠪᠦᠷᠢᠳᠬᠡᠯ ᠤᠨ ᠰᠣᠳᠣᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠳᠤ ᠲᠣᠭᠲᠠᠭᠠᠭᠰᠠᠨ ᠪᠦᠷᠢᠳᠭᠡᠬᠦ ᠬᠦᠷᠢᠶ᠎ᠡ ᠬᠡᠪᠴᠢᠶ᠎ᠡ᠂ ᠪᠣᠳᠣᠬᠤ ᠲᠥᠷᠥᠯᠵᠢᠯ᠂ ᠬᠡᠮᠵᠢᠬᠦ ᠨᠢᠭᠡᠴᠢ ᠵᠡᠷᠭᠡ ᠭᠦᠢᠴᠡᠳᠭᠡᠯ ᠲᠣᠭᠠᠨ ᠤ ᠬᠦᠴᠦᠨ ᠵᠦᠢᠯ ᠤᠨ ᠶᠣᠰᠣᠭᠠᠷ ᠲᠤᠭ᠎ᠠ ᠪᠦᠷᠢᠳᠬᠡᠯ ᠤᠨ ᠳ᠋ᠠᠶᠢᠲ᠋ᠠ ᠶᠢ ᠪᠦᠷᠢᠳᠬᠡᠬᠦ᠂ ᠬᠤᠷᠢᠶᠠᠩᠭᠤᠶᠢᠯᠠᠬᠤ ᠪᠠ ᠪᠣᠯᠪᠠᠰᠤᠷᠠᠭᠤᠯᠬᠤ ᠶᠢᠨ ᠬᠠᠮᠲᠤ᠂ ᠲᠣᠭᠲᠠᠭᠰᠠᠨ ᠴᠠᠭ ᠬᠤᠭᠤᠴᠠᠭ᠎ᠠ ᠪᠠ ᠠᠷᠭ᠎ᠠ ᠵᠠᠮ ᠢᠶᠠᠷ ᠮᠡᠳᠡᠭᠦᠯᠦᠨ ᠬᠦᠷᠭᠡᠬᠦ ᠬᠡᠷᠡᠭᠲᠡᠶ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠣᠰ ᠵᠠᠰᠠᠭ ᠵᠠᠬᠢᠷᠭᠠᠨ ᠤ ᠣᠷᠣᠨ ᠳᠠᠬᠢ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ︔ ᠳᠠᠭᠡᠲᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ ᠪᠠᠶᠢᠭᠠᠳ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠠᠴᠠ ᠵᠦᠷᠢᠴᠡᠵᠦ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ  ᠮᠡᠳᠡᠭᠦᠯᠦᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠠᠰᠠᠭᠤᠳᠠᠯ ᠤᠨ ᠰᠦᠪᠡᠭᠴᠢ ᠶᠢ ᠦᠨᠳᠦᠰᠦᠯᠡᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠭᠡᠬᠦ ᠶᠢᠨ ᠬᠠᠮᠲᠤ᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠠᠴᠠ  ᠵᠦᠷᠢᠴᠡᠵᠦ ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠦᠮᠦᠰ ᠢ ᠰᠢᠢᠳᠭᠡᠨ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠤᠭ᠎ᠠ ᠪᠦᠷᠢᠳᠬᠡᠯ ᠤᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠵᠢᠯ ᠤᠨ ᠲᠦᠷᠢᠮ ᠤᠨ ᠶᠣᠰᠣᠭᠠᠷ᠂ ᠰᠦᠯᠵᠢᠶᠡᠨ ᠥᠷᠲᠡᠭᠡ᠂ ᠠᠯᠪᠠᠨ ᠤ ᠸᠢᠴᠠᠲ ᠳᠡᠭᠡᠷ᠎ᠡ ᠢᠯᠡᠴᠢᠯᠡᠨ ᠮᠡᠳᠡᠭᠦᠯᠬᠦ ᠲᠤᠰᠬᠠᠶ ᠪᠤᠯᠤᠩ᠂ ᠢᠯᠡᠴᠢᠯᠡᠨ ᠮᠡᠳᠡᠭᠦᠯᠬᠦ ᠤᠲᠠᠰᠤ᠂ ᠡᠯᠧᠺᠲᠷᠣᠨ ᠢᠮᠸᠢᠢᠯ ᠵᠡᠷᠭᠡ ᠶᠢ  ᠨᠡᠶᠢᠲᠡᠯᠡᠨ᠂ ᠣᠯᠠᠨ ᠲᠦᠮᠡᠨ ᠳᠤ ᠲᠦᠰᠢᠭᠯᠡᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠢᠨᠠᠮᠠᠭᠠᠶ ᠳᠠᠩᠰᠠᠯᠠᠨ ᠲᠠᠮᠳᠡᠭᠯᠡᠵᠦ᠂ ᠬᠢᠨᠠᠨ ᠬᠠᠷᠭᠤᠭᠤᠯᠬᠤ ᠪᠠ ᠰᠢᠢᠳᠪᠦᠷᠢᠯᠡᠬᠦ ᠬᠡᠷᠡᠭᠲᠡᠢ᠃      ︵ᠳᠣᠯᠤᠭ᠎ᠠ︶ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠪᠦᠬᠦᠯᠢ ᠬᠡᠪ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠺᠠᠳ᠋ᠷ ᠤᠨ ᠪᠣᠯᠪᠠᠰᠤᠷᠠᠭᠤᠯᠤᠯ ᠤᠨ ᠬᠡᠪᠰᠢᠵᠢᠭᠰᠡᠨ ᠲᠣᠭᠲᠠᠴᠠ ᠶᠢ ᠪᠠᠶᠢᠭᠤᠯᠵᠤ᠂ ᠰᠤᠮᠤ ᠰᠢᠶᠠᠩ  ᠪᠠᠯᠭᠠᠰᠤᠨ ᠤ ᠱᠠᠲᠤᠨ ᠤ ᠪᠣᠯᠪᠠᠰᠤᠷᠠᠭᠤᠯᠤᠯ ᠢ ᠣᠨ ᠤ ᠪᠣᠯᠪᠠᠰᠤᠷᠠᠭᠤᠯᠤᠯ ᠤᠨ ᠲᠥᠯᠥᠪᠯᠡᠭᠡ ᠳᠤ ᠪᠠᠨ ᠣ‌‍ᠷᠣᠭᠤᠯᠵᠤ᠂ ᠲᠤᠰᠬᠠᠶ  ᠰᠡᠳᠦᠪ ᠢᠶᠠᠷ ᠪᠣᠯᠪᠠᠰᠤᠷᠠᠭᠤᠯᠬᠤ᠂ ᠬᠤᠷᠠᠯ ᠢᠶᠠᠷ ᠪᠣᠯᠪᠠᠰᠤᠷᠠᠭᠤᠯᠬᠤ ᠶᠢ ᠣᠷᠣᠯᠠᠭᠤᠯᠬᠤ᠂ ᠰᠤᠷᠤᠯᠴᠠᠨ ᠰᠣᠯᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠪᠣᠯᠪᠠᠰᠤᠷᠠᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠢ ᠵᠢᠯ ᠪᠦᠷᠢ ᠠᠳᠠᠭ ᠲᠤ ᠪᠠᠨ ᠬᠤᠶᠠᠷ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂  ᠲᠤᠰ ᠣᠨ ᠤ ᠳᠣᠲᠣᠷ᠎ᠠ ᠲᠣᠰ ᠵᠠᠰᠠᠭ ᠵᠠᠬᠢᠷᠭᠠᠨ ᠤ ᠣᠷᠣᠨ ᠤ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠢ ᠪᠦᠷᠢᠨ ᠪᠣᠯᠪᠠᠰᠤᠷᠠᠭᠤᠯᠬᠤ ᠪᠠᠨ ᠪᠠᠲᠤᠯᠠᠬᠤ ᠬᠡᠷᠡᠭᠲᠡᠶ᠃     ᠭᠤᠷᠪᠠ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠬᠠᠳᠬᠠᠵᠤ᠂ ︽ᠬᠡᠨ ᠬᠠᠮᠢᠶᠠᠷᠬᠤ᠂ ᠬᠡᠷᠬᠢᠨ ᠬᠠᠮᠢᠶᠠᠷᠬᠤ᠂ ᠶᠠᠭᠠᠬᠢᠵᠤ ᠰᠠᠶᠢᠲᠤᠷ ᠬᠠᠮᠢᠶᠠᠷᠴᠦ ᠴᠢᠳᠠᠬᠤ︾ ᠶᠢᠨ ᠲᠣᠭᠤᠷᠢᠨ ᠳᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠢᠶ᠎ᠠ ᠪᠦᠬᠦᠢ ᠠᠵᠢᠯ ᠢᠶᠠᠨ ᠨᠠᠶᠢᠳᠠᠪᠤᠷᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠲᠤᠬᠠᠶᠢᠯᠠᠭᠰᠠᠨ ᠠᠵᠢᠯ ᠳᠤ ᠵᠢᠭᠠᠨ ᠵᠢᠯᠣᠭᠤᠳᠬᠤ ᠪᠠ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠢᠯᠠᠩᠭᠤᠶ᠎ᠠ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ ᠯᠤᠭ᠎ᠠ ᠬᠠᠷᠢᠯᠴᠠᠬᠤ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠰᠤᠮᠤ ᠰᠢᠶᠠᠩ ᠪᠠᠯᠭᠠᠰᠤ ᠶᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠪᠠᠶᠢᠭᠠᠳ ᠲᠤᠭ᠎ᠠ ᠪᠦᠷᠢᠳᠬᠡᠯ ᠤᠨ ᠡᠬᠡ ᠳᠠᠩᠰᠠ᠂ ᠲᠤᠭ᠎ᠠ ᠪᠦᠷᠢᠳᠬᠡᠯ ᠤᠨ ᠳᠠᠩᠰᠠ ᠡᠪᠬᠡᠮᠡᠯ ᠵᠢᠴᠢ ᠠᠵᠢᠯ ᠤᠨ ᠳᠦᠷᠢᠮ ᠢ ᠨᠢ ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠠᠵᠢᠯᠲᠠᠨ ᠢ ᠵᠢᠭᠠᠨ ᠵᠢᠯᠣᠭᠤᠳᠴᠦ ᠪᠠᠶᠢᠭᠠᠳ ᠳ᠋ᠠᠶᠢᠲ᠋ᠠ ᠶᠢ ᠳᠡᠭᠡᠭᠰᠢ ᠮᠡᠳᠡᠭᠦᠯᠬᠦ ᠲᠠᠪᠴᠠᠩ ᠳᠤ ᠪᠣᠯᠪᠠᠰᠤᠷᠠᠩᠭᠤᠶ ᠠᠵᠢᠯᠯᠠᠭᠤᠯᠵᠤ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠤᠳᠬ᠎ᠠ ᠠᠭᠤᠯᠭ᠎ᠠ ᠶᠢ ᠣᠶᠢᠯᠠᠭᠠᠭᠤᠯᠵᠤ᠂ ᠡᠬᠢ ᠢᠷᠡᠯᠲᠡ ᠶᠢᠨ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠵᠠᠷᠤᠳᠠᠯ ᠤᠨ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ ᠨᠢ ᠰᠤᠮᠤ ᠰᠢᠶᠠᠩ  ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠵᠠᠷᠤᠳᠠᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠲᠥᠰᠦᠪ ᠲᠤ ᠣᠷᠤᠭᠤᠯᠤᠨ ᠪᠠᠲᠤᠯᠠᠵᠤ᠂ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠤᠨ ᠬᠡᠪ ᠤᠨ ᠪᠠᠶᠢᠳᠠᠯ ᠢᠶᠠᠷ ᠠᠵᠢᠯᠯᠠᠬᠤ ᠪᠠ ᠲᠣᠮᠣ ᠬᠡᠪᠴᠢᠶᠡᠨ ᠤ ᠨᠡᠶᠢᠳᠡᠮ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠦᠷᠨᠢᠬᠦ ᠶᠢ ᠪᠠᠲᠤᠯᠠᠬᠤ ᠬᠡᠷᠡᠭᠲᠡᠶ᠃ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠨᠢ ᠲᠣᠮᠣ ᠬᠡᠪᠴᠢᠶᠡᠨ ᠤ ᠨᠡᠶᠢᠳᠡᠮ ᠪᠠᠶᠢᠴᠠᠭᠠᠯᠳᠠ ᠪᠠ ᠣᠷᠣᠨ ᠨᠤᠲᠤᠭ ᠤᠨ ᠴᠢᠨᠠᠷᠲᠠᠶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠳᠠᠭᠠᠭᠠᠨ  ᠡᠭᠦᠷᠭᠡᠯᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂  ᠲᠡᠳᠡᠨ ᠳᠤ ᠴᠠᠭ ᠲᠤᠬᠠᠢ ᠳᠤ ᠨᠢ ᠨᠥᠬᠦᠪᠥᠷᠢ ᠥᠭᠬᠦ ᠬᠡᠷᠡᠭᠲᠡᠶ᠃      ︵ᠭᠤᠷᠪᠠ︶ ᠱᠠᠩᠨᠠᠬᠤ ᠪᠠ ᠵᠠᠯᠬᠠᠭᠠᠬᠤ ᠲᠣᠭᠲᠠᠴᠠ ᠶᠢ ᠪᠠᠶᠢᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ  ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ᠂ ᠠᠵᠢᠯ ᠦᠢᠯᠡᠰ ᠢᠶᠠᠷ ᠪᠠ ᠣᠯᠭᠤᠮᠵᠢ ᠬᠠᠷᠠᠭᠠᠯᠵᠠᠯ ᠢᠶᠠᠷ ᠠᠵᠢᠯᠳᠠᠳ ᠢ ᠠᠵᠢᠯᠯᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠺᠠᠳ᠋ᠷᠴᠤᠳ ᠤᠨ ᠦᠰᠦᠨ ᠪᠤᠶᠢᠵᠢᠵᠤ ᠳᠠᠪᠰᠢᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠡᠯ᠎ᠡ ᠭᠠᠵᠠᠷ ᠣᠷᠣᠨ ᠤ ᠲᠤᠭ᠎ᠠ ᠪᠦᠷᠢᠳᠭᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠣᠨ ᠤ ᠲᠤᠭ᠎ᠠ ᠪᠦᠷᠢᠳᠬᠡᠯ ᠤᠨ ᠠᠵᠢᠯ ᠤᠨ ᠰᠢᠯᠭᠠᠨ ᠬᠢᠨᠠᠬᠤ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠴᠢᠬᠤᠯᠠ ᠦᠨᠳᠦᠰᠦᠯᠡᠯ ᠪᠣᠯᠭᠠᠨ᠂ ᠪᠦᠬᠦ ᠣᠷᠣᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠣᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠ ᠰᠣᠩᠭᠤᠨ ᠪᠠᠶᠢᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠳᠤ ᠪᠠᠨ ᠭᠠᠷᠮᠠᠭᠠᠶ᠂ ᠠᠵᠢᠯ ᠤᠨ ᠠᠮᠵᠢᠯᠲᠠ ᠪᠦᠲᠦᠮᠵᠢ ᠪᠠᠷ ᠳᠣᠪᠣᠶᠢᠮ᠎ᠡ ᠰᠤᠮᠤ ᠰᠢᠶᠠᠩ ᠪᠠᠯᠭᠠᠰᠤᠨ ᠤ ᠲᠤᠭ᠎ᠠ ᠪᠦᠷᠢᠳᠭᠡᠯ ᠤᠨ ᠠᠵᠢᠯᠲᠠᠨ ᠢ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠠ ᠲᠠᠪᠴᠠᠩ ᠢᠶᠠᠷ ᠴᠠᠭ ᠲᠤᠬᠠᠶ ᠳᠤ ᠨᠢ ᠤᠬᠠᠭᠤᠯᠤᠨ ᠮᠡᠳᠡᠭᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠳᠤ ᠲᠤᠭ᠎ᠠ ᠪᠦᠷᠢᠳᠬᠡᠯ ᠤᠨ ᠠᠵᠢᠯ ᠢ  20 ᠵᠢᠯ ᠠᠴᠠ ᠳᠡᠭᠡᠭᠰᠢ ᠬᠢᠭᠰᠡᠨ ᠲᠤᠭ᠎ᠠ ᠪᠦᠷᠢᠳᠬᠡᠯ ᠤᠨ ᠠᠵᠢᠯᠲᠠᠨ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠥᠩᠭᠡ ᠭᠡᠷᠡᠯᠲᠦ ᠲᠥᠷᠥᠭᠳᠡᠯ ᠢ ᠨᠢ ᠨᠡᠮᠡᠭᠳᠡᠬᠦᠯᠦᠨ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠦᠬᠦᠴᠡᠯ ᠢ ᠪᠤᠢ ᠪᠣᠯᠭᠠᠵᠤ ᠥᠭᠬᠦ ᠬᠡᠷᠡᠭᠲᠡᠶ᠃                        2020 ᠣᠨ ᠤ 5 ᠳ᠋ᠤᠭᠠᠷ ᠰᠠᠷ᠎ᠠ ᠶᠢᠨ 17 ᠤ ᠡᠳᠦᠷ                                       ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ