ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠰᠢᠨ᠎ᠡ | ᠱᠠᠭᠠᠷᠳᠠᠯᠭ᠎ᠠ ᠶᠢ ᠥᠨᠳᠥᠰᠥᠯᠡᠨ᠂ ᠡᠳᠦᠭᠡ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠨᠦᠬᠦᠪᠦᠷᠢᠯᠡᠨ ᠵᠠᠷᠯᠠᠶ᠎ᠠ᠃ | ᠨᠢᠭᠡ᠂ ᠪᠡᠭᠡᠵᠢᠩ ᠬᠤᠲᠠ ᠶᠢᠨ ᠰᠢᠨ ᠹᠠ ᠳ᠋ᠢ ᠵᠠᠬ᠎ᠠ ᠳᠡᠯᠭᠡᠭᠦᠷ ᠵᠢᠴᠢ ᠪᠣᠰᠣᠳ ᠦᠨᠳᠦᠷ ᠳᠡᠰ ᠤᠨ | ᠲᠥᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠳ ᠪᠦᠬᠦᠨ ᠢᠶᠠᠷ ᠢᠶᠠᠨ ︽14 ᠡᠳᠦᠷ | ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠤᠳᠠᠭ᠎ᠠ ᠪᠦᠭᠡᠮ ᠬᠦᠴᠢᠯ ᠤᠨ | ᠪᠠᠶᠢᠴᠠᠭᠠᠯᠲᠠ + 1 ᠤᠳᠠᠭ᠎ᠠ ᠶᠢᠨ ᠴᠢᠰᠦᠨ ᠴᠠᠶᠢᠪᠠᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠲᠠ︾ ᠬᠢᠬᠦ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠥᠪᠯᠡᠷᠡᠭᠦᠯᠦᠨ ᠲᠤᠰᠠᠭᠠᠷᠯᠠᠬᠤ | ᠴᠠᠭ ᠢ ᠬᠦᠬᠡᠬᠤᠲᠠ ᠳᠤ ᠢᠷᠡᠭᠰᠡᠨ ᠡᠳᠦᠷ ᠠᠴᠠ ᠡᠬᠢᠯᠡᠵᠦ ᠪᠣᠳᠣᠨ᠎ᠠ᠂ 14 ᠡᠳᠦᠷ ᠠᠴᠠ ᠬᠡᠲᠦᠷᠡᠭᠰᠡᠨ ᠪᠠᠶᠢᠪᠠᠯ | ᠳᠠᠬᠢᠨ ᠲᠤᠰᠠᠭᠠᠷᠯᠠᠬᠤ ᠦᠭᠡᠢ᠂ ᠭᠡᠪᠡᠴᠦ 1 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠᠲᠠᠢ ︵7 | ᠡᠳᠦᠷ ᠤᠨ ᠳᠣᠲᠣᠷ᠎ᠠ ᠬᠦᠬᠡᠬᠤᠲᠠ ᠳᠤ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠭᠡᠷᠡᠴᠢ ᠪᠠᠶᠢᠬᠤ ᠠᠴᠠ | ᠪᠣᠰᠣᠳ︶᠃ | ᠦᠨᠳᠦᠷ ᠳᠡᠰ ᠤᠨ ᠲᠥᠭᠰᠢᠭᠦᠷᠢᠲᠡᠢ ᠭᠠᠵᠠᠷ ᠣᠷᠣᠨ ᠢ ᠡᠯ᠎ᠡ ᠭᠠᠵᠠᠷ ᠣᠷᠣᠨ ᠤ ᠨᠡᠶᠢᠲᠡᠯᠡᠭᠰᠡᠨ ᠠᠶᠤᠯ | ᠲᠥᠭᠰᠢᠭᠦᠷᠢ ᠶᠢᠨ ᠳᠡᠰ ᠢ ᠥᠨᠳᠥᠰᠥᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠭᠡᠵᠢᠩ ᠬᠤᠲᠠ ᠶᠢᠨ | ᠹᠧᠩᠲ᠋ᠠᠢ ᠲᠣᠭᠤᠷᠢᠭ ᠤᠨ ᠬᠤᠸᠠ ᠰᠢᠶᠠᠩ ᠰᠢᠶᠠᠩ ᠢ ᠦᠨᠳᠦᠷ ᠳᠡᠰ ᠤᠨ ᠲᠥᠭᠰᠢᠭᠦᠷᠢᠲᠡᠢ ᠭᠠᠵᠠᠷ ᠣᠷᠣᠨ ᠢᠶᠠᠷ | ᠲᠦᠷ ᠲᠣᠭᠲᠠᠭᠠᠪᠠ᠃ | ᠬᠤᠶᠠᠷ᠂ ᠳᠤᠮᠳᠠ ᠳᠡᠰ ᠤᠨ ᠲᠥᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ ᠢᠷᠡᠭᠰᠡᠳ ᠡᠷᠬᠡᠪᠰᠢ | ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶᠢᠬᠠᠨ ᠬᠦᠯᠢᠶᠡᠵᠦ᠂ 24 | ᠴᠠᠭ ᠤᠨ ᠳᠣᠲᠣᠷ᠎ᠠ ᠪᠦᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ | ᠢᠯᠡᠷᠡᠪᠡᠯ ᠲᠤᠰᠠᠭᠠᠷᠯᠠᠬᠤ ᠠᠴᠠ ᠭᠠᠷᠭᠠᠵᠤ᠂ ᠬᠡᠪ ᠢᠶᠠᠷ ᠠᠵᠢᠯᠯᠠᠵᠤ ᠠᠮᠢᠳᠤᠷᠠᠵᠤ᠂ ᠡᠳᠦᠷ ᠪᠦᠷᠢ ︵ᠵᠠᠯᠭᠠᠭ᠎ᠠ ᠪᠠᠷ | ᠳᠣᠯᠣᠭᠠᠨ ᠡᠳᠦᠷ︶ ᠨᠡᠶᠢᠭᠡᠮ ᠲᠣᠭᠤᠷᠢᠭ ᠪᠤᠶᠤ ᠨᠢᠭᠡᠴᠢ ᠳᠡᠭᠡᠨ ᠡᠷᠡᠭᠦᠯ ᠮᠡᠨᠳᠦ ᠶᠢᠨ ᠪᠠᠶᠢᠳᠠᠯ ᠢᠶᠠᠨ ᠮᠡᠳᠡᠭᠦᠯᠬᠦ | ᠬᠡᠷᠡᠭᠲᠡᠢ᠃ ᠪᠠᠶᠢᠴᠠᠭᠠᠯᠲᠠ ᠶᠢᠨ ᠳ᠋ᠦᠩ ᠨᠢ ᠠᠷᠭ᠎ᠠ ᠴᠢᠨᠠᠷ ᠢᠯᠡᠷᠡᠭᠰᠡᠨ ᠪᠣᠯ ᠲᠣᠳᠣᠯᠠᠭᠰᠠᠨ ᠡᠪᠡᠳᠴᠢᠨ ᠤ ᠵᠢᠱᠢᠶ᠎ᠡ | ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠴᠢ ᠪᠠᠷ ᠲᠡᠷᠡ ᠳᠠᠷᠤᠢ ᠬᠠᠮᠢᠶᠠᠷᠤᠨ ᠡᠵᠡᠮᠳᠡᠬᠦ ᠶᠢᠨ ᠬᠠᠮᠲᠤ | ᠲᠠᠬᠤᠯ ᠡᠪᠡᠳᠴᠢᠨ ᠤ ᠪᠠᠶᠢᠴᠠᠭᠠᠯᠲᠠ ᠥᠷᠨᠢᠭᠦᠯᠦᠨ᠎ᠡ᠃ | ᠳᠤᠮᠳᠠ ᠳᠡᠰ ᠤᠨ ᠲᠥᠭᠰᠢᠭᠦᠷᠢᠲᠡᠢ ᠭᠠᠵᠠᠷ ᠣᠷᠣᠨ ᠢ ᠡᠯ᠎ᠡ ᠭᠠᠵᠠᠷ ᠣᠷᠣᠨ ᠤ ᠨᠡᠶᠢᠲᠡᠯᠡᠭᠰᠡᠨ ᠠᠶᠤᠯ | ᠲᠦᠭᠰᠢᠭᠦᠷᠢ ᠶᠢᠨ ᠳᠡᠰ ᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠪᠡᠭᠡᠵᠢᠩ ᠬᠤᠲᠠ ᠶᠢᠨ | ᠰᠢᠴᠧᠩ ᠲᠣᠭᠤᠷᠢᠭ ᠤᠨ ᠶᠤᠸᠠᠢ ᠲᠠᠨ ᠵᠡᠭᠡᠯᠢ᠂ ᠮᠥᠩᠭᠦᠨ ᠭᠦᠢᠯᠭᠡᠭᠡᠨ ᠤ ᠵᠡᠭᠡᠯᠢ᠂ ᠹᠧᠩᠲ᠋ᠠᠢ ᠲᠣᠭᠤᠷᠢᠭ ᠤᠨ ᠰᠢ | ᠯᠦᠸᠧ ᠶᠤᠸᠠᠨ ᠵᠡᠭᠡᠯᠢ᠂ ᠲᠠᠢ ᠫᠢᠩ ᠴᠢᠶᠤᠤ ᠵᠡᠭᠡᠯᠢ᠂ ᠰᠢᠨ ᠼᠦᠨ ᠵᠡᠭᠡᠯᠢ᠂ ᠯᠦ ᠭᠸᠦ ᠴᠢᠶᠤᠤ ᠵᠡᠭᠡᠯᠢ᠂ ᠯᠦ ᠭᠸᠦ | ᠴᠢᠶᠤᠤ ᠰᠢᠶᠠᠩ᠂ ᠨᠠᠨ ᠶᠤᠸᠠᠨ ᠵᠡᠭᠡᠯᠢ᠂ ᠳ᠋ᠠ ᠬᠤᠩ ᠮᠧᠨ ᠵᠡᠭᠡᠯᠢ᠂ ᠹᠧᠩ ᠲᠠᠢ ᠵᠡᠭᠡᠯᠢ᠂ ᠨᠠᠨ ᠶᠤᠸᠠᠨ ᠰᠢᠶᠠᠩ᠂ | ᠹᠠᠩᠱᠠᠨ ᠲᠣᠭᠤᠷᠢᠭ ᠤᠨ ᠴᠠᠩ ᠶᠠᠩ ᠪᠠᠯᠭᠠᠰᠤ᠂ ᠳ᠋ᠠᠰᠢᠩ ᠲᠣᠭᠤᠷᠢᠭ ᠤᠨ ᠭᠤᠤ ᠮᠢ ᠳ᠋ᠢᠶᠠᠨ ᠵᠡᠭᠡᠯᠢ᠂ ᠯᠢᠨ ᠰᠢᠶᠤᠤ | ᠯᠦ ᠵᠡᠭᠡᠯᠢ᠂ ᠰᠢ ᠬᠤᠩ ᠮᠧᠨ ᠵᠡᠭᠡᠯᠢ᠂ ᠲᠡᠭᠷᠢ ᠶᠢᠨ ᠣᠷᠳᠣᠨ ᠤ ᠬᠦᠷᠢᠶᠡᠯᠡᠩ ᠵᠡᠭᠡᠯᠢ᠂ ᠭᠤᠸᠠᠨ ᠶᠢᠨ ᠰᠧ ᠵᠡᠭᠡᠯᠢ᠂ | ᠫᠠᠩ ᠭᠧ ᠵᠣᠸᠠᠩ ᠪᠠᠯᠭᠠᠰᠤ᠂ ᠬᠤᠸᠠᠩ ᠼᠦᠨ ᠪᠠᠯᠭᠠᠰᠤ᠂ ᠸᠧᠢ ᠱᠠᠨ ᠵᠤᠸᠠᠩ ᠪᠠᠯᠭᠠᠰᠤ᠂ ᠬᠠᠶᠢᠳᠢᠶᠠᠨ | ᠲᠣᠭᠤᠷᠢᠭ ᠤᠨ ᠶᠦᠩ ᠳ᠋ᠢᠩ ᠯᠦ ᠵᠡᠭᠡᠯᠢ᠂ ᠴᠢᠩ ᠯᠦᠩ ᠴᠢᠶᠣᠣ ᠵᠡᠭᠡᠯᠢ᠂ ᠴᠤᠤᠶᠠᠩ ᠲᠣᠭᠤᠷᠢᠭ ᠤᠨ ᠱᠢ ᠪᠠ ᠯᠢ | ᠳ᠋ᠢᠶᠠᠨ ᠰᠢᠶᠠᠩ᠂ ᠳ᠋ᠦᠩᠴᠧᠩ ᠲᠣᠭᠤᠷᠢᠭ ᠤᠨ ᠲᠢᠶᠠᠨ ᠲᠠᠨ ᠵᠡᠭᠡᠯᠢ᠂ ᠶᠦᠩ ᠳ᠋ᠢᠩ ᠮᠧᠨ ᠵᠡᠭᠡᠯᠢ᠂ ᠱᠢ ᠵᠢᠩ ᠱᠠᠨ | ᠲᠣᠭᠤᠷᠢᠭ ᠤᠨ ᠪᠠ ᠪᠤᠤ ᠱᠠᠨ ᠵᠡᠭᠡᠯᠢ᠂ ᠮᠧᠨ ᠲᠸᠦ ᠭᠸᠦ ᠲᠣᠭᠤᠷᠢᠭ ᠤᠨ ᠶᠦᠩ ᠳ᠋ᠢᠩ ᠪᠠᠯᠭᠠᠰᠤ ᠶᠢ ᠳᠤᠮᠳᠠ | ᠳᠡᠰ ᠤᠨ ᠲᠦᠭᠰᠢᠭᠦᠷᠢᠲᠡᠢ ᠭᠠᠵᠠᠷ ᠣᠷᠣᠨ ᠢᠶᠠᠷ ᠲᠦᠷ ᠲᠣᠭᠲᠠᠭᠠᠪᠠ᠃ | ᠭᠤᠷᠪᠠ᠂ ᠳᠤᠮᠳᠠ᠂ ᠦᠨᠳᠦᠷ ᠳᠡᠰ ᠤᠨ ᠲᠦᠭᠰᠢᠭᠦᠷᠢᠲᠡᠢ ᠭᠠᠵᠠᠷ ᠣᠷᠣᠨ ᠠᠴᠠ ᠬᠦᠬᠡᠬᠤᠲᠠ ᠳᠤ | ᠢᠷᠡᠭᠰᠡᠳ ᠲᠣᠲᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠲᠤᠰᠬᠤᠨ︶᠂ ᠨᠢᠭᠡᠴᠢ | ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠦᠴᠢᠷ ᠲᠤ ᠠᠶᠠᠯᠠᠯ ᠤᠨ ᠮᠡᠳᠡᠭᠡ ᠵᠠᠩᠭᠢ ᠪᠣᠯᠣᠨ | ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠡᠯ᠎ᠡ ᠵᠦᠢᠯ ᠤᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠠᠯᠠᠯ ᠤᠨ ᠮᠡᠳᠡᠭᠡ | ᠵᠠᠩᠭᠢ ᠪᠣᠯᠣᠨ ᠬᠤᠪᠢ ᠬᠥᠮᠥᠨ ᠤ ᠡᠷᠡᠭᠦᠯ ᠮᠡᠨᠳᠦ ᠶᠢᠨ ᠪᠠᠶᠢᠳᠠᠯ ᠢ ᠮᠡᠳᠡᠭᠦᠯᠬᠦ ᠦᠭᠡᠢ᠂ ᠨᠢᠭᠤᠭᠰᠠᠨ᠂ | ᠣᠷᠬᠢᠭᠳᠠᠭᠤᠯᠤᠭᠰᠠᠨ ᠬᠥᠮᠥᠰ ᠠᠴᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠨ᠎ᠡ᠃ | ᠳᠥᠷᠪᠡ ᠂ ᠲᠤᠰ ᠵᠠᠷᠯᠠᠯ ᠤᠨ ᠠᠭᠤᠯᠭ᠎ᠠ ᠨᠢ ᠬᠦᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | ᠤᠨ 2020 ᠣᠨ ᠤ 6 ᠰᠠᠷ᠎ᠠ ᠶᠢᠨ 14 ᠤ ᠡᠳᠦᠷ ᠨᠡᠶᠢᠲᠡᠯᠡᠭᠰᠡᠨ ᠵᠠᠷᠯᠠᠯ ᠲᠠᠢ ᠨᠢᠭᠡᠳᠦᠯ ᠦᠭᠡᠢ ᠪᠠᠶᠢᠪᠠᠯ ᠲᠤᠰ | ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃ | ᠬᠦᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 6 ᠰᠠᠷ᠎ᠠ ᠶᠢᠨ17 ᠤ ᠡᠳᠦᠷ |