ᠠᠵᠢᠯ ᠣᠯᠭᠤᠯᠲᠠ ᠲᠣᠭᠲᠠᠭᠤᠨ ᠤ ᠳᠤᠮᠳᠠ ᠰᠠᠶᠢᠵᠢᠷᠠᠵᠤ  ᠲᠥᠷᠥᠭᠦᠥ 5 ᠰᠠᠷ᠎ᠠ ᠳᠤ ᠪᠠᠶᠠᠨᠨᠠᠭᠤᠷ ᠬᠤᠲᠠ 9 ᠲᠦᠮᠡ ᠭᠠᠷᠤᠶ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ
ᠨᠡᠶᠢᠲᠡᠯᠡᠭᠰᠡᠨ ᠴᠠᠭ᠄
2020/6/19
     6 ᠳ᠋ᠤᠭᠠᠷ ᠰᠠᠷ᠎ᠠ ᠶᠢᠨ 15᠎ ᠤ ᠡᠳᠦᠷ ᠬᠤᠷᠠᠯᠳᠤᠭᠰᠠᠨ ᠪᠥᠬᠦ ᠬᠤᠲᠠ ᠶᠢᠨ ᠠᠵᠢᠯ ᠣᠯᠵᠤ ᠦᠢᠯᠡᠰ ᠴᠣᠭᠴᠠᠯᠠᠬᠤ ᠠᠵᠢᠯ ᠵᠢᠴᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1᠎ ᠠᠴᠠ 5 ᠳ᠋ᠤᠭᠠᠷ ᠰᠠᠷ᠎ᠠ ᠳᠤ᠂ ᠪᠠᠶᠠᠨᠨᠠᠭᠤᠷ ᠬᠤᠲᠠ 9 ᠲᠦᠮᠡ ᠭᠠᠷᠤᠶ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠷᠭᠡ ᠶᠢᠨ ᠢᠶᠠᠨ 79%᠎ ᠶᠢ ᠪᠡᠶᠡᠯᠡᠭᠦᠯᠦᠨ᠂ ᠨᠢᠳᠤᠨᠤᠨ ᠤ ᠠᠳᠠᠯᠢ ᠬᠤᠭᠤᠴᠠᠭᠠᠨ ᠠᠴᠠ ᠪᠠᠭ᠋ᠠᠨ ᠰᠠᠶᠢᠵᠢᠷᠠᠪᠠ᠃ ᠬᠤᠲᠠ ᠪᠠᠯᠭᠠᠰᠤᠨ ᠳᠤ᠂ ᠠᠵᠤ ᠠᠬᠤᠶ ᠶᠢᠨ ᠠᠯᠬᠤᠮ ᠠᠯᠬᠤᠮ ᠢᠶᠠᠷ ᠬᠥᠭᠵᠢᠶᠡᠨᠲᠡᠶ ᠪᠣᠯᠬᠤ ᠶᠢ ᠳᠠᠭᠠᠯᠳᠤᠨ᠂ ᠠᠵᠢᠯ ᠣᠯᠭᠤᠯᠲᠠ ᠶᠢ ᠢᠯᠡᠳᠲᠡ ᠳᠠᠶᠢᠴᠢᠯᠠᠪᠠ᠃ ᠠᠵᠢᠯ ᠣᠯᠭᠤᠯᠲᠠ ᠲᠣᠭᠲᠠᠭᠤᠨ ᠤ ᠳᠤᠮᠳᠠ ᠰᠠᠶᠢᠵᠢᠷᠠᠵᠤ᠂ ᠲᠣᠭᠲᠠᠭᠤᠨ ᠤ ᠳᠤᠮᠳᠠ ᠥᠭᠡᠳᠡᠯᠡᠬᠦ ᠠᠬᠢᠯᠲᠠ ᠲᠠᠢ ᠪᠣᠯᠪᠠ᠃      ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠠᠵᠢᠯ ᠣᠯᠭᠤᠬᠤ ᠰᠠᠯᠠᠭ᠎ᠠ ᠮᠥᠴᠢᠷ ᠤᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠬᠤ ᠬᠤᠶᠠᠷ ᠲᠠᠯ᠎ᠠ ᠶᠢ ᠠᠳᠬᠤᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠠᠵᠢᠯ ᠣᠯᠭᠤᠬᠤ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠬᠦᠷ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠠᠭ ᠲᠤᠬᠠᠶ ᠳᠤ ᠨᠢ ᠨᠠᠶᠢᠳᠠᠪᠤᠷᠢᠵᠢᠭᠤᠯᠵᠦ᠂ ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠪᠠᠷ ᠣᠯᠠᠨ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢ ᠠᠬᠢᠭᠤᠯᠵᠤ᠂ ᠨᠢᠭᠡᠨᠲᠡ ᠳᠡᠭᠡᠷ᠎ᠡ ᠬᠠᠭᠠᠰ ᠵᠢᠯ ᠤᠨ ᠠᠵᠢᠯ ᠣᠯᠭᠤᠯᠲᠠ ᠶᠢᠨ ᠲᠤᠰᠬᠠᠶ ᠪᠡᠯᠡ ᠮᠥᠩᠭᠦ ᠶᠢ 4590 ᠲᠦᠮᠡᠨ ᠲᠥᠭᠦᠷᠢᠭ ᠤᠷᠢᠳᠴᠢᠯᠠᠨ ᠪᠠᠭᠤᠯᠭᠠᠵᠤ᠂ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ 436 ᠲᠦᠮᠡᠨ ᠲᠥᠭᠦᠷᠢᠭ ᠲᠠᠯᠪᠢᠵᠤ᠂ ᠱᠠᠩᠨᠠᠯ ᠤᠨ ᠪᠡᠯᠡ ᠮᠥᠩᠭᠦ 104 ᠲᠦᠮᠡᠨ ᠲᠥᠭᠦᠷᠢᠭ ᠵᠠᠷᠤᠴᠠᠭᠤᠯᠪᠠ︔ 24 ᠴᠠᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠲᠣᠬᠢᠷᠠᠭᠤᠯᠤᠨ ᠪᠠᠲᠤᠯᠠᠬᠤ ᠠᠵᠢᠯ ᠤᠨ ᠲᠣᠭᠲᠠᠴᠠ ᠶᠢ ᠦᠳᠲᠡᠷ ᠲᠦᠷᠭᠡᠨ ᠪᠠᠶᠢᠭᠤᠯᠵᠤ᠂ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠬᠠᠮᠠᠭᠠᠯᠠᠬᠤ ᠬᠤᠪᠴᠠᠰᠤ᠂ ᠲᠤᠰᠠᠭᠠᠷᠯᠠᠬᠤ ᠬᠤᠪᠴᠠᠰᠤ ᠵᠡᠷᠭᠡ ᠡᠮᠴᠢᠯᠡᠭᠡᠨ ᠳᠤ ᠬᠡᠷᠡᠭᠯᠡᠬᠦ ᠴᠢᠬᠤᠯᠠ ᠡᠳ᠋ ᠪᠣᠳᠠᠰ ᠤᠨ ᠠᠵᠤ ᠠᠬᠤᠶᠢᠯᠠᠯ᠂ ᠴᠢᠬᠤᠯᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ ᠭᠤᠤᠯᠯᠠᠭᠴᠢ ᠠᠵᠤ ᠠᠬᠤᠶᠢᠯᠠᠯ ᠵᠡᠷᠭᠡ ᠲᠠᠪᠤᠨ ᠲᠥᠷᠥᠯ ᠤᠨ ᠠᠵᠤ ᠠᠬᠤᠶᠢᠯᠠᠯ ᠢ ᠭᠤᠤᠯᠳᠠᠯᠭ᠎ᠠ ᠲᠠᠢ ᠲᠣᠬᠢᠷᠠᠭᠤᠯᠪᠠ︔ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠢᠶᠠᠨ ᠰᠡᠷᠭᠦᠭᠡᠬᠦ ᠳᠤ ᠵᠦᠭ ᠴᠢᠭᠯᠡᠯ ᠳᠤ ᠨᠢ ᠵᠣᠬᠢᠴᠠᠭᠤᠯᠤᠭᠰᠠᠨ ᠦᠢᠯᠡᠴᠢᠯᠡᠭᠡᠨ ᠤ ᠪᠠᠲᠤᠯᠠᠭ᠎ᠠ ᠶᠢ ᠪᠦᠲᠦᠮᠵᠢᠲᠡᠶ ᠥᠷᠨᠢᠭᠦᠯᠪᠡ︔ ᠠᠵᠢᠯ ᠠᠯᠳᠠᠭᠰᠠᠳ ᠤᠨ ᠳᠠᠭᠠᠳᠬᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠲᠠ 1600 ᠬᠥᠮᠦᠨ ᠳᠤ ᠠᠵᠢᠯ ᠠᠯᠳᠠᠭᠰᠠᠳ ᠤᠨ ᠳᠠᠭᠠᠳᠬᠠᠯ ᠤᠨ ᠮᠦᠩᠭᠦ ᠶᠢ ᠨᠡᠶᠢᠲᠡ 746.19 ᠲᠦᠮᠡᠨ ᠲᠥᠭᠦᠷᠢᠭ ᠣᠯᠭᠤᠵᠤ᠂ 1330 ᠠᠵᠢᠯ ᠠᠯᠳᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ 211.91 ᠲᠦᠮᠡᠨ ᠲᠥᠭᠦᠷᠢᠭ ᠣᠷᠣᠯᠠᠨ ᠲᠤᠰᠢᠶᠠᠵᠤ ᠥᠭᠴᠦ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠪᠠ︔ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠡᠯ᠎ᠡ ᠲᠥᠷᠥᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠠᠵᠢᠯᠲᠠᠨ ᠡᠯᠰᠡᠬᠦ 6100 ᠭᠠᠷᠤᠶ ᠠᠵᠢᠯ ᠤᠨ ᠪᠠᠶᠢᠷᠢ ᠶᠢ ᠨᠡᠶᠢᠲᠡᠯᠡᠵᠦ᠂ 1700 ᠭᠠᠷᠤᠶ ᠬᠥᠮᠦᠨ ᠲᠠᠢ ᠠᠵᠢᠯ ᠣᠯᠭᠤᠬᠤ ᠰᠠᠨᠠᠮᠵᠢ ᠲᠣᠭᠲᠠᠪᠠ︔ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠴᠢᠷᠳᠡᠯ ᠲᠠᠢ ᠬᠥᠮᠦᠰ ᠲᠤ ᠠᠵᠢᠯ ᠣᠯᠭᠤᠬᠤ ᠶᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号