ᠬᠦᠬᠡᠬᠤᠲᠠ ᠬᠠᠲᠤᠨ ᠭᠤᠤᠯ ᠤᠨ ᠶᠡᠭᠡ ᠬᠠᠪᠴᠢᠯ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠨᠠᠷᠠᠲᠤ ᠲᠡᠮᠳᠡᠭ ᠤᠨ ᠵᠠᠮ ᠱᠤᠭᠤᠮ ᠢ ᠬᠦᠴᠦᠯᠡᠨ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2020/6/22
     6 ᠳ᠋ᠤᠭᠠᠷ ᠰᠠᠷ᠎ᠠ ᠶᠢᠨ 17᠎ ᠠᠴᠠ 18᠎ ᠤ ᠡᠳᠦᠷ ᠪᠣᠯᠲᠠᠯ᠎ᠠ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠢᠶ᠎ᠠ ᠪᠥᠬᠦᠶ ᠵᠠᠭᠤᠴᠢᠯᠠᠭᠤᠷ ᠵᠢᠴᠢ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠳ ᠢ ᠵᠣᠬᠢᠶᠠᠨ ᠪᠠᠶᠢᠭᠤᠯᠵᠤ ᠬᠠᠲᠤᠨ ᠭᠤᠤᠯ ᠤᠨ ᠶᠡᠭᠡ ᠬᠠᠪᠴᠢᠯ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠨᠠᠷᠠᠲᠤ ᠲᠡᠮᠳᠡᠭ ᠤᠨ ᠵᠠᠮ ᠱᠤᠭᠤᠮ ᠢ ᠲᠤᠷᠰᠢᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠬᠠᠶ ᠶᠢᠨ ᠭᠠᠵᠠᠷ ᠲᠤ ᠨᠢ ᠪᠡᠶᠡᠴᠢᠯᠡᠨ ᠣᠶᠢᠯᠠᠭᠠᠵᠤ ᠰᠣᠷᠪᠣᠯᠵᠢᠯᠠᠬᠤ ᠪᠠᠷ ᠳᠠᠮᠵᠢᠨ᠂ ᠣᠷᠣᠨ ᠤ ᠲᠥᠪ ᠣᠷᠣᠨ ᠤ ᠬᠠᠳᠤᠨ ᠭᠤᠣᠯ ᠤᠨ ᠰᠣᠶᠣᠯ ᠬᠢᠭᠡᠳ ᠲᠠᠯ᠎ᠠ ᠨᠤᠲᠤᠭ ᠤᠨ ᠰᠣᠶᠣᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠲᠤᠰ ᠱᠤᠭᠤᠮ ᠳᠤ ᠭᠤᠣᠯᠳᠠᠭᠤ ᠮᠢᠩ ᠤᠯᠤᠰ ᠤᠨ ᠤᠷᠲᠤ ᠴᠠᠭᠠᠨ ᠬᠡᠷᠡᠮ ᠤᠨ ᠰᠢᠶᠣᠤ ᠶᠤᠸᠠᠨ ᠮᠤᠤ ᠶᠢᠨ ᠬᠡᠰᠡᠭ— ᠯᠣᠤ ᠨᠢᠤ ᠫᠦᠸᠧ ᠶᠢᠨ ᠬᠤᠪᠢᠰᠬᠠᠯ ᠤᠨ ᠰᠣᠶᠣᠯ ᠵᠢᠭᠤᠯᠴᠢᠯᠠᠯ ᠤᠨ ᠣᠷᠣᠨ — ᠴᠢᠩ ᠯᠦᠩ ᠳ᠋ᠦᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠭᠠᠨ ᠰᠤᠷᠭᠠᠬᠤ ᠴᠡᠭ — ᠯᠣᠤ ᠨᠢᠤ ᠸᠠᠨ ᠬᠠᠲᠤᠨ ᠭᠤᠤᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠢ ᠪᠠᠭᠲᠠᠭᠠᠵᠤ᠂ ᠬᠠᠲᠤᠨ ᠭᠤᠤᠯ ᠤᠨ ᠰᠣᠶᠣᠯ᠂ ᠬᠤᠪᠢᠰᠬᠠᠯᠲᠤ ᠰᠣᠶᠣᠯ ᠪᠣᠯᠤᠨ ᠠᠮᠢ ᠠᠬᠤᠶ ᠶᠢᠨ ᠰᠣᠶᠣᠯ ᠢ ᠲᠥᠪᠯᠡᠷᠡᠭᠦᠯᠦᠨ ᠬᠠᠷᠠᠭᠤᠯᠬᠤ ᠪᠣᠯᠣᠨ᠎ᠠ᠃      ᠤᠯᠤᠰ ᠤᠨ 4A ᠲᠡᠰ ᠤᠨ ᠦᠵᠡᠮᠵᠢ ᠶᠢᠨ ᠣᠷᠣᠨ ᠪᠣᠯᠬᠤ ᠯᠣᠤ ᠨᠢᠤ ᠸᠠᠨ ᠤ ᠬᠠᠳᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠡᠨᠡ ᠬᠦ ᠵᠢᠭᠤᠯᠴᠢᠯᠠᠯ ᠤᠨ ᠱᠤᠭᠤᠮ ᠳᠡᠭᠡᠷ᠎ᠡ ᠭᠡᠷᠡᠯᠲᠦ ᠰᠣᠪᠣᠳ ᠪᠣᠯᠣᠨ ᠭᠢᠯᠠᠯᠵᠠᠨ᠎ᠠ᠃ 30 ᠭᠠᠷᠤᠶ ᠺᠢᠯᠣᠮᠧᠲᠷ ᠦᠷᠭᠦᠯᠵᠢᠯᠡᠭᠰᠡᠨ ᠶᠡᠭᠡ ᠬᠠᠪᠴᠢᠯ ᠤᠨ ᠬᠡᠰᠡᠭ ᠤᠨ ᠬᠤᠶᠠᠷ ᠡᠷᠭᠢ ᠳᠤ ᠰᠣᠨᠢᠨ ᠣᠷᠭᠢᠯ ᠰᠡᠬᠦ᠋ᠢᠨ ᠰᠦᠨᠳᠡᠷᠯᠡᠵᠦ᠂ ᠡᠷᠲᠡᠨ ᠤ ᠰᠣᠶᠣᠯ ᠤᠨ ᠤᠯᠠ ᠮᠥᠷ ᠳᠤᠷᠠᠶᠢᠵᠤ᠂ ᠪᠠᠶᠢᠭᠠᠯᠢ ᠪᠣᠯᠣᠨ ᠬᠥᠮᠦᠨ ᠰᠣᠶᠣᠯ ᠤᠨ ᠦᠵᠡᠮᠵᠢ ᠨᠢ ᠡᠲᠡᠭᠡᠳ ᠭᠤᠶᠣᠬᠠᠨ᠂ ᠲᠡᠤᠬᠡ ᠰᠣᠶᠣᠯ ᠤᠨ ᠢᠵᠠᠭᠤᠷ ᠭᠦᠨ ᠬᠠᠳᠠᠭᠠᠯᠠᠭᠳᠠᠵᠤ ᠪᠠᠶᠢᠳᠠᠭ ᠢᠶᠠᠷ ᠢᠶᠠᠨ ᠵᠢᠭᠤᠯᠴᠢᠯᠠᠭᠴᠢᠳ ᠤᠨ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠬᠤ ᠰᠠᠶᠢᠬᠠᠨ ᠦᠵᠡᠮᠵᠢᠲᠦ ᠣᠷᠣᠨ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠲᠤᠬᠠᠶ ᠶᠢᠨ ᠭᠠᠵᠠᠷ ᠤᠨ ᠣᠯᠠᠨ ᠲᠦᠮᠡᠨ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠨ ᠠᠰᠢᠭᠯᠠᠨ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠰᠢᠷᠢᠰ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠥᠬᠡ ᠠᠭᠤᠯᠠ ᠬᠥᠬᠡᠮᠳᠦᠭ ᠤᠰᠤ ᠶᠢ ᠠᠯᠲᠠ ᠮᠥᠩᠭᠦᠨ ᠠᠭᠤᠯᠠ ᠤᠰᠤ ᠪᠣᠯᠭᠠᠨ ᠬᠤᠪᠢᠷᠠᠭᠤᠯᠪᠡ᠃ ︽ᠪᠢᠳᠡ ᠵᠢᠯ ᠪᠦᠷᠢ ᠳᠤᠮᠳᠠᠴᠢ ᠪᠠᠷ ᠲᠦᠮᠡ ᠭᠠᠷᠤᠶ ᠵᠢᠭᠤᠯᠴᠢᠯᠠᠭᠴᠢᠳ ᠢ ᠭᠥᠯᠢᠶᠡᠨ ᠠᠪᠴᠤ᠂ 30 ᠲᠦᠮᠡᠨ ᠲᠥᠭᠦᠷᠢᠭ ᠣᠷᠴᠢᠮ ᠣᠷᠣᠯᠭ᠎ᠠ ᠣᠯᠵᠤ ᠪᠠᠶᠢᠨ᠎ᠠ︾ ᠬᠡᠮᠡᠨ ᠯᠣᠤ ᠨᠢᠤ ᠸᠠᠨ ᠲᠣᠰᠬᠤᠨ ᠤ ᠸᠧᠨ ᠴᠢᠩ ᠲᠠᠷᠢᠶᠠᠴᠢᠨ ᠠᠶᠢᠯ ᠤᠨ ᠬᠦᠷᠢᠶᠡᠯᠡᠩ ᠤᠨ ᠬᠠᠷᠢᠭᠤᠴᠠᠯᠭᠠᠲᠠᠨ ᠯᠢ ᠸᠧᠨ ᠴᠢᠩ ᠲᠠᠨᠢᠯᠴᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号