︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/6/22
                            ᠥᠪᠥᠷ ᠵᠠᠰᠠᠭ ᠲᠠᠷᠬᠠᠭᠠᠭᠰᠠᠨ〔2020〕6 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                           2020 ᠣᠨ ᠤ 5 ᠳ᠋ᠤᠭᠠᠷ ᠰᠠᠷ᠎ᠠ ᠶᠢᠨ 9 ᠤ ᠡᠳᠦᠷ               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ                     ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ   ᠶᠡᠷᠦᠩᠬᠡᠶ ᠲᠦᠷᠢᠮ          ᠨᠢᠭᠡᠳᠦᠭᠡᠷ ᠵᠦᠢᠯ  ᠮᠥᠩᠭᠦᠨ ᠭᠦᠢᠯᠭᠡᠭᠡᠨ ᠤ ᠲᠦᠭᠰᠢᠭᠦᠷᠢ ᠶᠢ  ᠰᠡᠷᠬᠡᠶᠢᠯᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠠᠵᠢᠯᠯᠠᠭ᠎ᠠ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠵᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ ﹇2011﹈ 38 ᠳ᠋ᠤᠭᠠᠷ ᠲᠣᠭᠠᠲᠤ︶᠂ ︽ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ﹇2012﹈ 37 ᠳ᠋ᠤᠭᠠᠷ ᠲᠣᠭᠠᠲᠤ︶᠂ ︽ᠲᠠᠸᠠᠷ ᠤᠨ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ  ᠣᠨᠴᠠᠭᠠᠢ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠷᠯᠢᠭ ﹇2013﹈ 3 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠬᠢᠭᠡᠳ ᠲᠡᠳᠡᠭᠡᠷ ᠤᠨ ᠡᠵᠡᠩᠨᠡᠯᠲᠡ ᠶᠢᠨ ᠴᠢᠨᠠᠷᠲᠠᠢ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠪᠤᠰᠤᠳ ᠬᠤᠯᠪᠣᠭᠳᠠᠯ ᠪᠥᠬᠦᠢ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ  ᠠᠴᠠ ᠪᠤᠰᠤᠳ ᠭᠠᠵᠠᠷ ᠲᠠᠬᠢ ᠠᠷᠠᠯᠵᠢᠶᠠᠨ ᠤ ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠵᠡᠩᠨᠡᠯᠲᠡ ᠶᠢᠨ ᠴᠢᠨᠠᠷᠲᠠᠶ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠪᠤᠰᠤᠳ ᠬᠤᠯᠪᠣᠭᠳᠠᠯ ᠪᠦᠬᠦᠢ ᠪᠠᠶᠢᠭᠤᠯᠤᠮᠵᠢ ᠨᠢ ᠴᠢᠬᠤᠯᠠ ᠬᠦᠴᠦᠨ ᠵᠦᠢᠯ ᠤᠨ ᠠᠷᠠᠯᠵᠢᠶᠠᠨ ᠤ ᠠᠵᠢᠯᠯᠠᠭ᠎ᠠ ᠬᠢᠬᠦ ᠳᠤ᠂ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠬᠡᠷᠡᠭᠲᠡᠢ᠃      ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠬᠠᠤᠯᠢ ᠶᠣᠰᠣᠭᠠᠷ ᠪᠠᠶᠢᠭᠤᠯᠤᠭᠰᠠᠨ᠂ ᠨᠡᠷᠡᠶᠢᠳᠦᠯ ᠳᠤ ᠨᠢ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ ᠦᠰᠦᠭ ᠠᠭᠤᠯᠤᠨᠨᠰᠠᠨ᠂ ᠡᠷᠬᠡ ᠠᠰᠢᠭ ᠤᠨ ᠲᠦᠷᠦᠯ ᠪᠠ ᠲᠠᠸᠠᠷ ᠤᠨ ᠪᠡᠯᠡᠨ ᠪᠠᠷᠠᠭᠠᠨ ᠤ ᠲᠦᠷᠦᠯ ᠤᠨ ᠠᠷᠠᠯᠵᠢᠶ᠎ᠠ ᠶᠢ ᠡᠷᠬᠢᠯᠡᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠢ ᠵᠢᠭᠠᠵᠤ ᠪᠣᠢ᠃ ᠵᠥᠪᠬᠡᠨ ᠲᠡᠷᠭᠡ ᠬᠥᠰᠬᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠪᠣᠳᠠᠲᠤ ᠪᠣᠳᠠᠰ ᠤᠨ ᠠᠷᠠᠯᠵᠢᠶ᠎ᠠ ᠬᠢᠵᠦ ᠪᠠᠶᠢᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠡᠭᠦᠨ ᠳᠤ ᠪᠠᠭᠲᠠᠬᠤ ᠥᠬᠡᠶ᠃      ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠥᠮᠴᠢᠯᠡᠯ ᠤᠨ ᠡᠷᠬᠡ᠂ ᠰᠲ᠋ᠣᠺ ᠤᠨ ᠡᠷᠬᠡ᠂ ᠠᠪᠴᠠᠭᠠᠨ ᠤ ᠡᠷᠬᠡ᠂ ᠣᠶ ᠮᠣᠳᠣᠨ ᠤ ᠡᠷᠬᠡ᠂ ᠠᠭᠤᠷᠬᠠᠶ ᠶᠢᠨ ᠡᠷᠬᠡ᠂ ᠪᠤᠬᠢᠷᠳᠤᠯ ᠪᠤᠳᠠᠰ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠮᠡᠳᠡᠯᠭᠡ ᠶᠢᠨ ᠥᠮᠴᠢᠯᠡᠯ ᠤᠨ ᠡᠷᠬᠡ᠂ ᠰᠣᠶᠣᠯ ᠤᠨ ᠥᠮᠴᠢᠯᠡᠯ ᠤᠨ ᠡᠷᠬᠡ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠡᠷᠬᠡ ᠠᠰᠢᠭ ᠵᠡᠷᠭᠡ ᠶᠢ ᠪᠠᠭᠲᠠᠭᠠᠭᠰᠠᠨ ᠠᠷᠠᠯᠵᠢᠶᠠᠨ ᠤ ᠠᠵᠢᠯᠯᠠᠭ᠎ᠠ ᠬᠢᠵᠦ ᠪᠠᠶᠢᠭ᠎ᠠ ᠲᠠᠯᠠᠪᠤᠷ ᠭᠠᠵᠠᠷ ᠢ ᠵᠢᠭᠠᠵᠤ ᠪᠣᠶ᠃      ᠲᠠᠸᠠᠷ ᠤᠨ ᠪᠡᠯᠡᠨ ᠪᠠᠷᠠᠭᠠᠨ ᠤ ᠠᠷᠠᠯᠵᠢᠶᠠᠨ ᠤ ᠲᠠᠯᠠᠪᠤᠷ ᠭᠠᠵᠠᠷ ᠭᠡᠳᠡᠭ ᠨᠢ ᠠᠷᠠᠯᠵᠢᠶ᠎ᠠ ᠮᠠᠶᠢᠮᠠᠢ ᠬᠢᠬᠦ ᠬᠤᠶᠠᠷ ᠲᠠᠯ᠎ᠠ ᠪᠠᠷ ᠢᠶᠠᠨ ᠢᠯᠡ ᠲᠣᠳᠣ᠂ ᠦᠷᠭᠦᠯᠵᠢ ᠶᠢᠨ ᠴᠢᠨᠠᠷᠲᠠᠶ ᠪᠤᠶᠤ ᠲᠣᠭᠲᠠᠮᠠᠯ ᠬᠤᠭᠤᠴᠠᠭᠠᠨ ᠤ ᠴᠢᠨᠠᠷᠲᠠᠢ ᠪᠠᠷ ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ ᠬᠢᠬᠦ ᠠᠵᠢᠯᠯᠠᠭ᠎ᠠ ᠲᠠᠢ ᠪᠠᠶᠢᠵᠤ᠂ ᠮᠡᠳᠡᠭᠡ ᠵᠠᠩᠭᠢ᠂ ᠪᠠᠷᠠᠭᠠᠨ ᠤ ᠭᠦᠢᠯᠭᠡᠭᠡ ᠵᠡᠷᠭᠡ ᠲᠦᠬᠦᠷᠵᠢᠭᠰᠡᠨ ᠦᠢᠯᠡᠴᠢᠯᠡᠬᠦ ᠴᠢᠳᠠᠮᠵᠢ ᠲᠠᠢ ᠲᠠᠯᠠᠪᠤᠷ ᠭᠠᠵᠠᠷ ᠪᠤᠶᠤ ᠢᠨᠲ᠋ᠧᠷ ᠰᠦᠯᠵᠢᠶᠡᠨ ᠤ ᠠᠷᠠᠯᠵᠢᠶᠠᠨ ᠤ ᠲᠠᠪᠴᠠᠩ ᠢ ᠵᠢᠭᠠᠵᠤ ᠪᠣᠢ᠃      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠪᠦᠬᠦ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ ᠲᠥᠯᠥᠪᠵᠢᠭᠦᠯᠬᠦ᠂ ᠵᠣᠬᠢᠴᠠᠭᠤᠯᠬᠤ ᠪᠠ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠎ᠠ᠃      ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠥᠬᠡᠶ᠃      ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠤᠯᠤᠨᠨᠰᠠᠨ ᠤ ᠬᠤᠪᠢ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠭᠠᠵᠠᠷ ᠢᠶᠠᠷ ᠢᠶᠠᠨ ᠬᠢᠨᠠᠨ ᠬᠠᠮᠢᠶᠠᠷᠬᠤ ᠨᠢᠭᠡᠳᠦᠭᠡᠷ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃      ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠬᠦ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠨᠢᠭᠡᠳᠦᠯᠲᠡᠢ ᠲᠥᠯᠥᠪᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ᠂ ᠤᠬᠠᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ ᠣᠢ ᠰᠢᠭᠤᠶ ᠪᠠ ᠨᠤᠳᠤᠭ ᠪᠡᠯᠴᠢᠭᠡᠷ᠂ ᠰᠣᠶᠣᠯ ᠪᠠ ᠵᠢᠭᠤᠯᠴᠢᠯᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠮᠡᠳᠡᠯᠭᠡ ᠶᠢᠨ ᠥᠮᠴᠢᠯᠡᠯ ᠤᠨ ᠡᠷᠬᠡ᠂ ᠡᠨᠧᠷᠭᠢ ᠵᠢᠴᠢ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ᠂ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ᠂ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠬᠦ᠂ ᠬᠤᠪᠢᠷᠠᠭᠠᠬᠤ ᠶᠢ ᠬᠢᠨᠠᠨ ᠵᠥᠪᠰᠢᠶᠡᠷᠡᠬᠦ ︵ᠪᠦᠷᠢᠳᠬᠡᠨ ᠳᠠᠩᠰᠠᠯᠠᠭᠤᠯᠬᠤ︶᠂ ᠠᠬᠤᠢ ᠲᠠᠯᠠᠪᠠᠢ ᠶᠢᠨ ᠪᠠᠶᠢᠴᠠᠭᠠᠯᠲᠠ᠂ ᠪᠠᠯᠠ  ᠮᠦᠩᠬᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠯᠣᠭᠤᠳᠤᠯᠭ᠎ᠠ᠂ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ᠂ ᠬᠥᠭᠵᠢᠯᠲᠡ ᠶᠢᠨ ᠲᠥᠯᠥᠪᠵᠢᠭᠦᠯᠪᠡ ᠶᠢ ᠨᠠᠶᠢᠷᠠᠭᠤᠯᠤᠨ ᠵᠣᠬᠢᠶᠠᠬᠤ᠂ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ᠂ ᠴᠢᠬᠤᠯᠠ ᠶᠡᠭᠡ ᠵᠦᠢᠯᠡᠰ ᠢ ᠵᠣᠬᠢᠴᠠᠭᠤᠯᠬᠤ ᠵᠡᠷᠭᠡ ᠠᠵᠢᠯ ᠤᠳ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃      ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠷᠢᠴᠠᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠡᠭᠦᠨ ᠳᠤ ᠪᠠᠶᠢᠭᠤᠯᠬᠤ ᠪᠠ ᠬᠤᠪᠢᠷᠠᠭᠠᠬᠤ ᠵᠦᠢᠯᠡᠰ ᠢ ᠠᠩᠬ᠎ᠠ ᠬᠢᠨᠠᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠲᠦᠭᠰᠢᠭᠦᠷᠢ ᠶᠢ ᠰᠡᠷᠡᠮᠵᠢᠯᠡᠭᠦᠯᠬᠦ ᠪᠠ ᠰᠢᠢᠳᠪᠦᠷᠢᠯᠡᠬᠦ ᠵᠡᠷᠭᠡ ᠶᠢ ᠪᠠᠭᠲᠠᠭᠠᠭᠰᠠᠨ ᠠᠵᠢᠯ ᠢ ᠬᠠᠷᠢᠭᠤᠴᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠵᠣᠯᠭᠠᠭᠤᠯᠬᠤ ᠪᠠ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠳᠣᠯᠣᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠯᠥᠪᠵᠢᠭᠦᠯᠭᠡ ᠳᠤ ᠨᠡᠶᠢᠴᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠨ᠂ ᠬᠠᠤᠯᠢ ᠲᠣᠭᠲᠠᠭᠠᠯ ᠶᠣᠰᠣᠭᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠠ ᠲᠦᠭᠰᠢᠭᠦᠷᠢ ᠶᠢ ᠨᠠᠮᠳᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂  ᠬᠠᠭᠤᠷᠴᠤ ᠮᠡᠬᠡᠯᠡᠬᠦ᠂ ᠲᠤᠳᠤᠷ ᠢᠶᠠᠨ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠷᠬᠡᠰᠢᠶᠡᠨ ᠵᠠᠬᠢᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠢ᠃       ᠬᠤᠶᠠᠳᠤᠭᠠᠷ ᠪᠦᠯᠦᠭ   ᠪᠠᠶᠢᠭᠤᠯᠬᠤ᠂ ᠬᠤᠪᠢᠷᠠᠭᠠᠬᠤ ᠪᠠ ᠵᠣᠭᠰᠣᠭᠠᠬᠤ      ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠬᠡᠮᠵᠢᠶᠡᠨ ᠳᠤ ᠨᠢ ᠬᠢᠵᠠᠭᠠᠷᠯᠠᠬᠤ᠂  ᠵᠣᠬᠢᠰᠲᠠᠢ ᠪᠠᠶᠢᠷᠢᠰᠢᠭᠤᠯᠬᠤ᠂ ᠬᠢᠨᠠᠭᠤᠷ ᠪᠣᠯᠭᠤᠮᠵᠢᠲᠠᠢ ᠬᠢᠨᠠᠨ ᠵᠥᠪᠰᠢᠶᠡᠷᠡᠬᠦ ᠵᠠᠷᠴᠢᠮ ᠶᠣᠰᠣᠭᠠᠷ᠂ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠲᠤᠭ᠎ᠠ᠂ ᠬᠡᠪᠴᠢᠶ᠎ᠡ ᠪᠠ ᠣᠷᠣᠨ ᠪᠦᠰᠡ ᠳᠠᠬᠢ ᠲᠠᠷᠬᠠᠯᠲᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃      ᠶᠢᠰᠦᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠵᠤ ᠪᠣᠯᠬᠤ ᠦᠭᠡᠢ᠂ ᠶᠠᠮᠠᠷᠪᠠ ᠬᠡᠯᠪᠡᠷᠢ ᠪᠠᠷ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠬᠤ ᠦᠭᠡᠢ      ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠲᠡᠳᠡᠭᠡᠷ ᠤᠨ ᠨᠡᠷᠡᠶᠢᠳᠦᠯ ᠲᠠᠢ ᠪᠠᠨ ᠨᠢᠭᠡᠳᠦᠯᠲᠡᠶ ᠪᠠᠶᠢᠬᠤ ᠬᠡᠷᠡᠭᠲᠡᠶ᠃ ᠨᠡᠷᠡᠶᠢᠳᠦᠯ ᠳᠤ ᠪᠠᠨ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ  ᠦᠬᠡ ᠦᠰᠦᠭ ᠢ ᠬᠡᠷᠡᠭᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠠᠴᠠ ᠡᠮᠦᠨ᠎ᠡ᠂ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠰᠠᠨᠠᠯ ᠬᠤᠷᠢᠶᠠᠬᠤ ᠬᠡᠷᠡᠭᠲᠡᠶ᠃      ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠦᠭᠡᠢ ᠪᠤᠶᠤ ᠳᠡᠭᠡᠷᠡᠬᠢ ᠲᠣᠭᠲᠠᠭᠠᠯ ᠠᠴᠠ ᠵᠥᠷᠢᠴᠡᠵᠦ ᠨᠡᠷᠡᠶᠢᠳᠦᠯ ᠳᠤ ᠪᠠᠨ ︽ᠠᠷᠠᠯᠵᠢᠶᠠᠨ ᠤ ᠭᠠᠵᠠᠷ︾ ᠪᠤᠶᠤ ︽ᠠᠷᠠᠯᠵᠢᠶᠠᠨ ᠤ ᠲᠥᠪ︾ ᠭᠡᠰᠡᠨ ᠦᠬᠡ ᠦᠰᠦᠭ ᠢ ᠬᠡᠷᠡᠭᠯᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠳᠡᠨ ᠳᠤ ᠳᠠᠩᠰᠠᠯᠠᠭᠤᠯᠤᠨ ᠲᠡᠮᠳᠡᠭᠯᠡᠭᠦᠯᠬᠦ ᠭᠠᠷᠳᠠᠮ ᠭᠦᠢᠴᠡᠳᠬᠡᠨ ᠥᠭᠴᠦ ᠪᠣᠯᠬᠤ ᠦᠭᠡᠢ᠃      ᠠᠷᠪᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠢ ᠰᠢᠨ᠎ᠡ ᠪᠠᠷ ᠪᠠᠶᠢᠭᠤᠯᠬᠤ ᠳᠤ᠂ ᠺᠣᠮᠫᠠᠨᠢ ᠶᠢᠨ ᠳᠦᠷᠢᠮᠲᠦ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠡᠷᠡᠭᠯᠡᠬᠦ ᠬᠡᠷᠡᠭᠲᠡᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠭᠦᠯᠬᠦ ᠠᠴᠠ ᠭᠠᠳᠠᠨ᠎ᠠ᠂ ᠪᠠᠰᠠ ᠳᠣᠤᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄      ︵ᠨᠢᠭᠡ︶ ᠡᠭᠦᠰᠭᠡᠨ ᠪᠠᠶᠢᠭᠤᠯᠤᠭᠴᠢᠳ ᠨᠢ ᠵᠣᠬᠢᠬᠤ ᠬᠡᠮᠵᠢᠶᠡᠨ ᠤ ᠬᠥᠷᠥᠩᠭᠡ ᠶᠢᠨ ᠪᠣᠳᠠᠲᠤ ᠬᠦᠴᠦᠨ ᠪᠠ ᠲᠦᠭᠰᠢᠭᠦᠷᠢ ᠳᠠᠭᠠᠭᠠᠬᠤ ᠴᠢᠳᠠᠪᠤᠷᠢ ᠲᠠᠢ ᠪᠠᠶᠢᠬᠤ ᠬᠡᠷᠡᠭᠲᠡᠶ᠂ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠴᠢ ᠨᠢ ᠪᠠᠰᠠ ᠬᠠᠮᠢᠶ᠎ᠠ ᠪᠦᠬᠦᠢ ᠠᠵᠢᠯ ᠲᠥᠷᠥᠯ ᠳᠤ ᠲᠡᠷᠢᠭᠦᠯᠡᠬᠦ ᠪᠤᠶᠤ ᠳᠠᠪᠠᠭᠤᠯᠢᠭ ᠪᠠᠶᠢᠷᠢ ᠰᠠᠭᠤᠷᠢ ᠲᠠᠢ ᠪᠠᠶᠢᠬᠤ ᠬᠡᠷᠡᠭᠲᠡᠶ᠂ ᠳᠠᠩᠰᠠᠯᠠᠭᠤᠯᠤᠭᠰᠠᠨ ᠬᠥᠷᠥᠩᠭᠡ ᠨᠢ ᠡᠵᠡᠩᠨᠡᠯᠲᠡ ᠶᠢᠨ ᠠᠵᠢᠯᠯᠠᠭ᠎ᠠ ᠪᠠ ᠲᠦᠭᠰᠢᠭᠦᠷᠢ ᠰᠢᠢᠳᠪᠦᠷᠢᠯᠡᠬᠦ ᠬᠡᠷᠡᠭᠴᠡᠭᠡ ᠶᠢ ᠬᠠᠩᠭᠠᠵᠤ᠂ ᠳᠠᠩᠰᠠᠯᠠᠭᠤᠯᠤᠭᠰᠠᠨ ᠬᠥᠷᠥᠩᠭᠡ ᠪᠠᠨ ᠠᠵᠢᠯᠯᠠᠵᠤ ᠡᠬᠢᠯᠡᠬᠦ ᠠᠴᠠ ᠡᠮᠦᠨ᠎ᠡ ᠭᠦᠢᠴᠡᠳ ᠲᠤᠰᠢᠶᠠᠭᠰᠠᠨ ᠮᠥᠷᠲᠡᠭᠡᠨ ᠪᠣᠳᠠᠲᠠᠶ ᠲᠤᠰᠢᠶᠠᠭᠰᠠᠨ ᠵᠣᠭᠤᠰ ᠪᠠᠶᠢᠯᠭᠠᠬᠤ ᠬᠡᠷᠡᠭᠲᠡᠶ᠂ ᠪᠣᠳᠠᠲᠠᠶ ᠬᠢᠵᠠᠭᠠᠷᠯᠠᠬᠤ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠲᠠᠢ ᠪᠠᠶᠢᠳᠠᠯ ᠢ ᠦᠨᠳᠦᠰᠦᠯᠡᠵᠦ ᠥᠪᠡᠰᠦᠪᠡᠨ ᠲᠣᠭᠲᠠᠭᠠᠬᠤ ᠬᠡᠷᠡᠭᠲᠡᠢ︔      ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠠᠵᠢᠯᠲᠠᠳ ᠵᠣᠬᠢᠬᠤ ᠲᠤᠰᠬᠠᠶ ᠮᠡᠷᠭᠡᠵᠢᠯ ᠤᠨ ᠮᠡᠳᠡᠯᠭᠡ ᠪᠠ ᠡᠨᠡ ᠬᠦ ᠠᠵᠢᠯ ᠢ ᠡᠷᠬᠢᠯᠡᠬᠦ ᠲᠤᠷᠰᠢᠯᠭ᠎ᠠ ᠲᠠᠢ ᠪᠠᠶᠢᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠤᠨ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠲᠠᠨ ︵ᠶᠡᠷᠦᠩᠬᠡᠶ ᠳᠠᠭᠠᠭᠠᠮᠠᠯ᠂ ᠳᠡᠳ᠋ ᠶᠡᠷᠦᠩᠬᠡᠶ ᠳᠠᠭᠠᠭᠠᠮᠠᠯ ᠵᠢᠴᠢ ᠵᠣᠬᠢᠬᠤ ᠲᠡᠰ ᠤᠨ ᠬᠥᠮᠦᠰ ᠪᠠᠭᠲᠠᠨ᠎ᠠ︶ ᠤ ᠲᠤᠰᠢᠶᠠᠯ ᠡᠭᠦᠷᠭᠡᠯᠡᠭᠴᠢᠳ ᠨᠢ ᠣᠶᠢᠷ᠎ᠠ ᠶᠢᠨ 5 ᠵᠢᠯ ᠳᠤ ᠬᠦᠨᠳᠦ ᠶᠡᠭᠡ ᠬᠠᠤᠯᠢ ᠵᠥᠷᠢᠴᠡᠭᠰᠡᠨ ᠲᠡᠮᠳᠡᠭᠯᠡᠯ ᠪᠠ ᠬᠦᠨᠳᠦ ᠨᠣᠴᠢᠲᠠᠶ ᠢᠲᠡᠬᠡᠮᠵᠢ ᠠᠯᠳᠠᠭᠰᠠᠨ ᠮᠡᠳᠡᠭᠡ ᠵᠠᠩᠭᠢ ᠥᠬᠡᠶ ᠪᠠᠶᠢᠵᠤ᠂ ᠬᠠᠷᠠᠬᠠᠨ ᠰᠢᠢᠳᠪᠦᠷᠢᠯᠡᠵᠦ ᠳᠠᠭᠤᠰᠤᠭᠠᠳᠤᠢ ᠴᠢᠬᠤᠯᠠ ᠶᠡᠭᠡ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭ ᠲᠤ ᠬᠤᠯᠪᠣᠭᠳᠠᠭᠰᠠᠨ ᠥᠬᠡᠶ ᠪᠠᠶᠢᠬᠤ ᠬᠡᠷᠡᠭᠲᠡᠢ      ︵ᠭᠤᠷᠪᠠ︶ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠨᠢ ᠪᠦᠷᠢᠨ ᠲᠡᠭᠦᠯᠳᠡᠷ ᠪᠠ ᠲᠤᠬᠠᠶᠢᠯᠠᠭᠰᠠᠨ ᠠᠵᠢᠯ ᠤᠨ ᠳᠦᠷᠢᠮ᠂ ᠲᠦᠭᠰᠢᠭᠦᠷᠢ ᠶᠢᠨ ᠬᠠᠮᠢᠶᠠᠷᠤᠯᠲᠠ ᠪᠠ ᠳᠣᠲᠣᠭᠠᠳᠤ ᠶᠢᠨ ᠡᠵᠡᠮᠳᠡᠬᠦ ᠳᠦᠷᠢᠮ ᠨᠢ ᠲᠡᠭᠦᠯᠳᠡᠷᠵᠢᠭᠰᠡᠨ ᠪᠠᠶᠢᠵᠤ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠬᠤᠳᠠᠯᠳᠤᠭᠠᠨ ᠤ ᠲᠥᠯᠥᠪᠯᠡᠭᠡ ᠶᠢᠨ ᠪᠢᠴᠢᠭ᠂ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠠᠢ ᠪᠠᠶᠢᠬᠤ ᠬᠡᠷᠡᠭᠲᠡᠢ︔      ︵ᠳᠥᠷᠪᠡ︶ ᠲᠣᠳᠣᠷᠬᠠᠶ ᠠᠷᠠᠯᠵᠢᠶᠠᠯᠠᠬᠤ ᠲᠥᠷᠥᠯ ᠵᠦᠢᠯ ᠲᠠᠢ ᠪᠠᠶᠢᠬᠤ ᠬᠡᠷᠡᠭᠲᠡᠢ᠂ ᠡᠭᠦᠨ ᠳᠤ᠂ ᠲᠠᠸᠠᠷ ᠤᠨ ᠪᠡᠯᠡᠨ ᠪᠠᠷᠠᠭᠠᠨ ᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠠᠷᠠᠯᠵᠢᠶᠠᠯᠠᠬᠤ ᠲᠥᠷᠥᠯ ᠵᠦᠢᠯ ᠨᠢ ᠵᠠᠷᠴᠢᠮ ᠳᠡᠭᠡᠷ᠎ᠡ ᠪᠠᠨ ᠲᠣᠰ ᠭᠠᠵᠠᠷ ᠣᠷᠣᠨ ᠤ ᠠᠵᠤ ᠦᠢᠯᠡᠰ ᠯᠦᠭᠡ ᠬᠤᠯᠪᠣᠭ᠎ᠠ ᠲᠠᠢ ᠪᠠᠶᠢᠬᠤ ᠬᠡᠷᠡᠭᠲᠡᠶ︔      ︵ᠲᠠᠪᠤ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ ᠭᠠᠵᠠᠷ ᠪᠠ ᠠᠮᠤᠷ ᠲᠦᠪᠰᠢᠨ ᠲᠣᠭᠲᠠᠭᠤᠨ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠲᠠᠢ ᠪᠠᠶᠢᠬᠤ ᠬᠡᠷᠡᠭᠲᠡᠢ︔      ︵ᠵᠢᠷᠭᠤᠭ᠎ᠠ︶ ᠳᠠᠩᠰᠠᠯᠠᠭᠤᠯᠤᠭᠰᠠᠨ ᠭᠠᠵᠠᠷ᠂ ᠪᠣᠳᠠᠲᠠᠶ ᠡᠵᠡᠩᠨᠡᠯᠲᠡ ᠶᠢᠨ ᠭᠠᠵᠠᠷ ᠨᠢ ᠨᠢᠭᠡᠳᠦᠯᠲᠡᠶ ᠪᠠᠶᠢᠬᠤ ᠬᠡᠷᠡᠭᠲᠡᠢ︔      ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠪᠣᠯᠭᠤᠮᠵᠢᠯᠠᠬᠤ ᠨᠥᠬᠦᠴᠡᠯ ᠲᠠᠢ ᠪᠠᠶᠢᠬᠤ ᠬᠡᠷᠡᠭᠲᠡᠢ᠃      ᠠᠷᠪᠠᠨ ᠨᠢᠭᠡᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠭᠤᠶᠤᠴᠢᠯᠠᠬᠤ ᠳᠤ᠂ ᠳᠣᠤᠷᠠᠬᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠄      ︵ᠨᠢᠭᠡ︶ ᠪᠠᠶᠢᠭᠤᠯᠬᠤ ᠭᠤᠶᠤᠴᠢᠯᠠᠯ ᠤᠨ ᠪᠢᠴᠢᠭ᠃ ᠠᠭᠤᠯᠭ᠎ᠠ ᠳᠤ ᠨᠢ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠨᠡᠷᠡᠶᠢᠳᠦᠯ᠂ ᠳᠠᠩᠰᠠᠯᠠᠭᠤᠯᠬᠤ ᠭᠠᠵᠠᠷ᠂ ᠡᠵᠡᠩᠨᠡᠬᠦ ᠬᠦᠷᠢᠶ᠎ᠡ ᠬᠡᠪᠴᠢᠶ᠎ᠡ᠂ ᠳᠠᠩᠰᠠᠯᠠᠭᠤᠯᠬᠤ ᠬᠥᠷᠥᠩᠭᠡ᠂ ᠰᠲ᠋ᠣᠺ ᠤᠨ ᠡᠷᠬᠡ ᠶᠢᠨ ᠪᠦᠲᠦᠴᠡ᠂ ᠠᠷᠠᠯᠵᠢᠶᠠᠯᠠᠬᠤ ᠲᠥᠷᠥᠯ ᠵᠦᠢᠯ᠂ ᠠᠷᠠᠯᠵᠢᠶᠠᠯᠠᠬᠤ ᠠᠷᠭ᠎ᠠ ᠮᠠᠶ᠋ᠢᠭ ᠵᠡᠷᠭᠡ ᠦᠨᠳᠦᠰᠦᠨ ᠮᠡᠳᠡᠭᠡ ᠵᠠᠩᠭᠢ ᠶᠢ ᠪᠠᠭᠲᠠᠭᠠᠭᠰᠠᠨ ᠪᠠᠶᠢᠬᠤ ᠬᠡᠷᠡᠭᠲᠡᠢ︔      ︵ᠬᠤᠶᠠᠷ︶ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ᠃ ᠡᠭᠦᠨ ᠳᠤ ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠪᠠᠷ ᠪᠠᠶᠢᠭ᠎ᠠ ᠵᠣᠷᠢᠯᠭ᠎ᠠ᠂ ᠪᠣᠯᠤᠮᠵᠢᠲᠤ ᠴᠢᠨᠠᠷ᠂ ᠴᠢᠬᠤᠯᠠ ᠴᠢᠨᠠᠷ᠂ ᠵᠠᠬ᠎ᠠ ᠳᠡᠯᠭᠡᠭᠦᠷ ᠤᠨ ᠨᠥᠬᠦᠴᠡᠯ᠂ ᠠᠷᠠᠯᠵᠢᠶᠠᠯᠠᠬᠤ ᠲᠥᠷᠥᠯ ᠵᠦᠢᠯ ᠤᠨ ᠵᠢᠷᠤᠭ ᠲᠥᠯᠥᠪᠯᠡᠭᠡ᠂ ᠲᠦᠭᠰᠢᠭᠦᠷᠢ ᠶᠢ ᠡᠵᠡᠮᠳᠡᠬᠦ ᠴᠢᠳᠠᠪᠤᠷᠢ ᠵᠢᠴᠢ ᠠᠷᠭ᠎ᠠ ᠬᠡᠮᠵᠢᠶ᠎ᠡ᠂ ᠢᠷᠡᠭᠡᠳᠦᠶ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠨᠡᠶᠢᠭᠡᠮ ᠤᠨ ᠠᠵᠤ ᠠᠬᠤᠶ ᠶᠢᠨ ᠦᠷ᠎ᠡ ᠠᠰᠢᠭ ᠤᠨ ᠵᠠᠳᠠᠯᠤᠯᠲᠠ ᠵᠡᠷᠭᠡ ᠶᠢ ᠪᠠᠭᠲᠠᠭᠠᠬᠤ ᠪᠥᠭᠡᠳ ᠡᠳᠡᠭᠡᠷ ᠲᠤ ᠬᠢᠵᠠᠭᠠᠷᠯᠠᠭᠳᠠᠬᠤ ᠥᠬᠡᠶ ᠪᠠᠶᠢᠬᠤ ᠬᠡᠷᠡᠭᠲᠡᠢ︔      ︵ᠭᠤᠷᠪᠠ︶ ᠺᠣᠮᠫᠠᠨᠢ ᠶᠢᠨ ᠲᠦᠷᠢᠮ ᠵᠢᠴᠢ ᠳᠣᠲᠣᠭᠠᠳᠤ ᠳᠠᠬᠢ ᠡᠵᠡᠮᠳᠡᠬᠦ ᠲᠦᠷᠢᠮ᠃ ᠺᠣᠮᠫᠠᠨᠢ ᠶᠢᠨ ᠲᠦᠷᠢᠮ ᠳᠤ ᠪᠠᠶᠢᠭᠤᠯᠬᠤ ᠪᠠᠷ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠤᠨ ᠳᠣᠲᠣᠭᠠᠳᠤ ᠳᠠᠬᠢ ᠵᠣᠬᠢᠶᠠᠨ ᠪᠠᠶᠢᠭᠤᠯᠤᠯᠲᠠ᠂ ᠪᠠᠶᠢᠭᠤᠯᠬᠤ ᠠᠷᠭ᠎ᠠ ᠬᠡᠯᠪᠡᠷᠢ᠂ ᠡᠭᠦᠰᠭᠡᠨ ᠪᠠᠶᠢᠭᠤᠯᠤᠭᠴᠢ ᠶᠢᠨ ᠪᠠᠶᠢᠳᠠᠯ᠂ ᠠᠵᠢᠯ ᠶᠠᠪᠤᠳᠠᠯ ᠵᠥᠪᠯᠡᠬᠦ ᠲᠦᠷᠢᠮ᠂ ᠲᠠᠷᠠᠭᠠᠬᠤ ᠤᠴᠢᠷ ᠰᠢᠯᠲᠠᠭᠠᠨ ᠵᠢᠴᠢ ᠢᠯᠭᠠᠷᠠᠭᠤᠯᠤᠨ ᠨᠠᠷᠢᠪᠴᠢᠯᠠᠵᠤ ᠲᠣᠭᠠᠴᠠᠭᠠᠯᠠᠬᠤ ᠠᠷᠭ᠎ᠠ ᠵᠡᠷᠭᠡ ᠶᠢ ᠪᠠᠭᠲᠠᠭᠠᠬᠤ ᠬᠡᠷᠡᠭᠲᠡᠢ᠃ ᠳᠣᠲᠣᠭᠠᠳᠤ ᠳᠠᠬᠢ ᠡᠵᠡᠮᠳᠡᠬᠦ ᠲᠦᠷᠢᠮ ᠳᠤ ᠠᠷᠠᠯᠵᠢᠶᠠᠯᠠᠬᠤ ᠲᠦᠷᠢᠮ᠂ ᠠᠷᠠᠯᠵᠢᠶᠠᠯᠠᠬᠤ ᠪᠠᠯᠠ ᠮᠥᠩᠭᠦᠨ ᠤ ᠬᠠᠮᠢᠶᠠᠷᠤᠯᠲᠠ ᠶᠢᠨ ᠲᠦᠷᠢᠮ᠂ ᠪᠠᠯᠠ ᠣᠷᠣᠭᠤᠯᠤᠭᠴᠢᠳ ᠲᠤ ᠲᠣᠬᠢᠷᠠᠯᠴᠠᠭᠤᠯᠤᠭᠰᠠᠨ ᠲᠦᠷᠢᠮ᠂ ᠭᠡᠰᠢᠭᠦᠳ ᠤᠨ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠨᠡᠶᠢᠲᠡᠯᠡᠬᠦ ᠲᠦᠷᠢᠮ᠂ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ᠂ ᠡᠳ᠋ ᠤᠨ ᠶᠠᠪᠤᠳᠠᠯ ᠤᠨ ᠲᠦᠷᠢᠮ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠵᠡᠷᠭᠡ ᠶᠢ ᠪᠠᠭᠲᠠᠭᠠᠬᠤ ᠬᠡᠷᠡᠭᠲᠡᠢ︔      ︵ᠳᠥᠷᠪᠡ︶ ᠡᠭᠦᠰᠭᠡᠨ ᠪᠠᠶᠢᠭᠤᠯᠤᠭᠴᠢ ︵ᠪᠡᠯᠡ ᠭᠠᠷᠭᠠᠭᠴᠢ︶ ᠶᠢᠨ ᠦᠨᠳᠦᠰᠦᠨ ᠪᠠᠶᠢᠳᠠᠯ᠃ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠴᠢ ︵ᠪᠠᠯᠠ ᠭᠠᠷᠭᠠᠭᠴᠢ︶ ᠶᠢᠨ ᠦᠨᠳᠦᠰᠦᠨ ᠪᠠᠶᠢᠳᠠᠯ ᠳᠤ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠳᠠᠩᠰᠠᠯᠠᠭᠤᠯᠬᠤ ᠬᠥᠷᠥᠩᠭᠡ᠂ ᠪᠣᠳᠠᠲᠠᠶ ᠲᠤᠰᠢᠶᠠᠬᠤ ᠬᠥᠷᠥᠩᠭᠡ᠂ ᠳᠠᠩᠰᠠᠯᠠᠭᠤᠯᠬᠤ ᠭᠠᠵᠠᠷ᠂ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ᠂ ᠣᠶᠢᠷ᠎ᠠ ᠶᠢᠨ ᠬᠤᠶᠠᠷ ᠵᠢᠯ ᠳᠠᠬᠢ ᠬᠢᠨᠠᠨ ᠪᠣᠳᠣᠯᠲᠠ ᠬᠢᠯᠭᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠵᠡᠩᠨᠡᠭᠰᠡᠨ ᠬᠥᠭᠵᠢᠯᠲᠡ ᠶᠢᠨ ᠪᠠᠶᠢᠳᠠᠯ᠂ ᠣᠶᠢᠷ᠎ᠠ ᠶᠢᠨ ᠭᠤᠷᠪᠠᠨ ᠵᠢᠯ ᠳᠠᠬᠢ ᠢᠲᠡᠭᠡᠮᠵᠢ ᠶᠢᠨ ᠪᠠᠶᠢᠳᠠᠯ ᠵᠡᠷᠭᠡ ᠶᠢ ᠪᠠᠭᠲᠠᠭᠠᠬᠤ ᠬᠡᠷᠡᠭᠲᠡᠢ᠃ ᠪᠠᠶᠢᠭᠠᠯᠢ ᠬᠥᠮᠦᠨ ᠪᠣᠯᠬᠤ ᠡᠭᠦᠰᠭᠡᠨ ᠪᠠᠶᠢᠭᠤᠯᠤᠭᠴᠢ ︵ᠪᠠᠯᠠ ᠭᠠᠷᠭᠠᠭᠴᠢ︶ ᠶᠢᠨ ᠦᠨᠳᠦᠰᠦᠨ ᠪᠠᠶᠢᠳᠠᠯ ᠳᠤ ᠬᠤᠪᠢ ᠬᠥᠮᠥᠨ ᠤ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠦᠯᠦᠯᠲᠡ᠂ ᠪᠠᠯᠠ ᠭᠠᠷᠭᠠᠬᠤ ᠴᠢᠳᠠᠯ ᠵᠡᠷᠭᠡ ᠶᠢ ᠪᠠᠭᠲᠠᠭᠠᠬᠤ ᠬᠡᠷᠡᠭᠲᠡᠢ︔      ︵ᠲᠠᠪᠤ︶ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠥᠰ ᠤᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠤᠪᠢ ᠬᠥᠮᠦᠨ ᠤ ᠢᠲᠡᠬᠡᠮᠵᠢ ᠶᠢᠨ ᠮᠡᠳᠡᠭᠦᠯᠦᠯᠲᠡ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠬᠠᠭᠤᠯᠪᠤᠷᠢ ᠵᠡᠷᠭᠡ ᠮᠠᠲ᠋ᠧᠷᠢᠶᠠᠯ ᠪᠠᠶᠢᠬᠤ ᠬᠡᠷᠡᠭᠲᠡᠢ︔      ︵ᠵᠢᠷᠭᠤᠭ᠎ᠠ︶ ᠲᠡᠳᠡᠭᠡᠷ ᠤᠨ ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ ᠥᠭᠭᠦᠭᠰᠡᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ᠂ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠮᠠᠯᠠᠯᠲᠠ ᠶᠢᠨ ᠪᠢᠴᠢᠭ ᠪᠠᠶᠢᠬᠤ ᠬᠡᠷᠡᠭᠲᠡᠢ︔      ︵ᠳᠣᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠠᠷᠭᠠᠵᠤ ᠥᠭᠭᠦᠭᠰᠡᠨ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠠᠷᠭᠤᠭᠤᠯᠵᠤ ᠵᠥᠪᠰᠢᠶᠡᠷᠡᠭᠦᠯᠦᠭᠰᠡᠨ ᠮᠡᠳᠡᠭᠳᠡᠯ ᠤᠨ ᠪᠢᠴᠢᠭ︾ ᠪᠠᠶᠢᠬᠤ ᠬᠡᠷᠡᠭᠲᠡᠢ︔      ︵ᠨᠠᠢᠮᠠ︶ ᠠᠷᠠᠯᠵᠢᠶᠠᠨ ᠤ ᠲᠠᠯᠠᠪᠤᠷ ᠭᠠᠵᠠᠷ ᠲᠤ ᠬᠤᠯᠪᠣᠭᠳᠠᠭᠰᠠᠨ ᠠᠷᠠᠯᠵᠢᠶ᠎ᠠ ᠮᠠᠶᠢᠮᠠᠢ ᠬᠢᠭᠰᠡᠨ ᠬᠤᠶᠠᠷ ᠲᠠᠯ᠎ᠠ ᠶᠢᠨ ᠠᠷᠠᠯᠵᠢᠶᠠᠯᠠᠭᠰᠠᠨ ᠪᠡᠯᠡ ᠮᠥᠩᠭᠦ ᠶᠢ ᠳ᠋ᠦᠩᠨᠡᠨ ᠪᠤᠳᠤᠬᠤ ᠪᠣᠳᠠᠲᠠᠶ ᠴᠤᠪᠤᠷᠠᠯ ᠵᠢᠴᠢ ᠬᠤᠯᠪᠣᠭᠳᠠᠵᠤ ᠪᠠᠶᠢᠭ᠎ᠠ ᠳ᠋ᠦᠩᠨᠡᠨ ᠪᠣᠳᠣᠭᠰᠠᠨ ᠲᠠᠩᠰᠠᠨ ᠤ ᠨᠠᠷᠢᠨ ᠲᠣᠳᠣᠷᠬᠠᠶ ᠲᠣᠳᠣᠷᠬᠠᠶᠢᠯᠠᠯᠲᠠ ᠶᠢᠨ ᠮᠠᠲ᠋ᠧᠷᠢᠶᠠᠯ ᠪᠠᠶᠢᠬᠤ ᠬᠡᠷᠡᠭᠲᠡᠢ︔      ︵ᠶᠢᠰᠦ︶ ᠡᠵᠡᠩᠨᠡᠯᠲᠡ ᠶᠢᠨ ᠲᠠᠯᠠᠪᠤᠷ ᠭᠠᠵᠠᠷ ᠲᠦᠷᠢᠶᠡᠰᠦᠯᠡᠭᠰᠡᠨ ᠭᠡᠷ᠎ᠡ ᠪᠤᠶᠤ ᠥᠮᠴᠢᠯᠡᠯ ᠤᠨ ᠡᠷᠬᠡ ᠶᠢᠨ ᠭᠡᠷᠡᠴᠢ᠂ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠪᠠᠶᠢᠬᠤ ᠬᠡᠷᠡᠭᠲᠡᠢ︔      ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠪᠠᠶᠢᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠪᠠᠶᠢᠭᠤᠯᠬᠤ ᠳᠤ᠂ ᠭᠤᠶᠤᠴᠢᠯᠠᠭᠴᠢ ᠨᠢ ᠪᠠᠶᠢᠭ᠎ᠠ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠭᠤᠯᠬᠤ ᠭᠤᠶᠤᠴᠢᠯᠠᠯ ᠭᠠᠷᠭᠠᠬᠤ ᠬᠡᠷᠡᠭᠲᠡᠢ︔ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠲᠣᠰ ᠱᠠᠲᠤᠨ ᠤ ᠮᠥᠩᠭᠦᠨ ᠭᠦᠢᠯᠭᠡᠭᠡᠨ ᠤ ᠠᠵᠢᠯ ᠪᠠ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ︔ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠬᠤ ᠴᠢᠨᠠᠷ ︵ᠡᠷᠬᠡ ᠠᠰᠢᠭ ᠤᠨ ᠲᠥᠷᠥᠯ ᠪᠤᠶᠤ ᠪᠡᠯᠡᠨ ᠪᠠᠷᠠᠭᠠᠨ ᠤ ᠲᠥᠷᠥᠯ︶ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠦᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃      ᠵᠥᠪᠰᠢᠶᠡᠷᠡᠭᠦᠯᠦᠭᠡᠳ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠭᠤᠶᠤᠴᠢᠯᠠᠭᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠠᠪᠴᠤ᠂ ᠬᠠᠷᠢᠶᠠᠯᠠᠭᠳᠠᠬᠤ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠭᠠᠷᠳᠠᠮ ᠭᠦᠢᠴᠡᠳᠭᠡᠬᠦ ᠬᠡᠷᠡᠭᠲᠡᠶ᠃      ᠰᠢᠨ᠎ᠡ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠵᠡᠩᠨᠡᠵᠦ ᠡᠬᠢᠯᠡᠬᠦ ᠶᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠠᠷᠳᠠᠭᠰᠠᠨ ᠤ ᠳᠠᠷᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠡᠳᠡᠨ ᠳᠤ ᠳᠠᠩᠰᠠᠨ ᠡᠷᠦᠬᠡ ᠪᠠᠶᠢᠭᠤᠯᠬᠤ ᠭᠠᠷᠳᠠᠮ ᠢ ᠭᠦᠢᠴᠡᠳᠬᠡᠨ ᠥᠭᠴᠦ ᠯᠡ ᠪᠣᠯᠤᠨ᠎ᠠ᠃      ᠠᠷᠪᠠᠨ ᠭᠤᠷᠪᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠡᠵᠡᠩᠨᠡᠯᠲᠡ ᠶᠢᠨ ᠦᠨᠡᠮᠯᠡᠯ ᠭᠠᠷᠳᠠᠭᠰᠠᠨ ᠡᠳᠦᠷ ᠠᠴᠠ ᠡᠬᠢᠯᠡᠨ ᠵᠦᠢ ᠶᠣᠰᠣᠨ ᠤ ᠰᠢᠯᠲᠠᠭᠠᠨ ᠥᠭᠡᠢ ᠪᠠᠷ 6 ᠰᠠᠷ᠎ᠠ ᠬᠡᠲᠦᠷᠡᠭᠰᠡᠨ ᠪᠠᠶᠢᠲᠠᠯ᠎ᠠ ᠠᠵᠢᠯᠯᠠᠵᠤ ᠡᠬᠢᠯᠡᠭᠰᠡᠨ ᠥᠭᠡᠢ᠂ ᠡᠰᠡᠬᠦᠯ᠎ᠡ ᠠᠵᠢᠯᠯᠠᠵᠤ ᠡᠬᠢᠯᠡᠭᠰᠡᠨ ᠤ ᠳᠠᠷᠠᠭ᠎ᠠ ᠥᠪᠡᠰᠦᠪᠡᠨ ᠠᠵᠢᠯᠯᠠᠬᠤ ᠪᠠᠨ ᠵᠣᠭᠰᠣᠭᠠᠭᠠᠳ 6 ᠰᠠᠷ᠎ᠠ ᠭᠠᠷᠤᠢ ᠪᠣᠯᠣᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ ᠪᠣᠯᠤᠨ᠎ᠠ᠃      ᠠᠷᠪᠠᠨ ᠳᠥᠷᠪᠡᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠵᠠᠷᠴᠢᠮ ᠳᠡᠭᠡᠷ᠎ᠡ ᠪᠠᠨ ᠰᠠᠯᠪᠤᠷᠢ ᠪᠠᠶᠢᠭᠤᠯᠤᠮᠵᠢ ᠪᠠᠶᠢᠭᠤᠯᠬᠤ ᠵᠢᠴᠢ ᠭᠡᠰᠢᠭᠦᠳ᠂ ᠣᠷᠤᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠪᠠᠶᠢᠭᠤᠯᠤᠨ ᠬᠥᠭᠵᠢᠭᠦᠯᠬᠦ ᠵᠡᠷᠭᠡ ᠪᠠᠷ ᠳᠠᠮᠵᠢᠭᠤᠯᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ ᠪᠣᠯᠬᠤ ᠥᠬᠡᠶ᠃ ᠦᠨᠡᠨ ᠬᠦ ᠴᠢᠬᠤᠯᠠᠲᠠᠶ ᠪᠣᠯ᠂ ᠳᠣᠤᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠄      ︵ᠨᠢᠭᠡ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠰᠠᠯᠪᠤᠷᠢ ᠪᠠᠶᠢᠭᠤᠯᠤᠮᠵᠢ ᠪᠠᠶᠢᠭᠤᠯᠵᠤ ᠪᠣᠯᠬᠤ ᠥᠬᠡᠶ︔      ︵ᠬᠤᠶᠠᠷ︶ ᠥᠪᠡᠷᠲᠡᠭᠡᠨ ᠵᠠᠰᠠᠬᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠨᠢ ᠪᠤᠰᠤᠳ ᠮᠣᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠳᠠᠩᠰᠠᠯᠠᠭᠤᠯᠬᠤ ᠪᠠᠷ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠳᠠᠩᠰᠠᠯᠠᠭᠤᠯᠬᠤ ᠪᠠᠷ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠭᠤᠯᠬᠤ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ︔      ︵ᠭᠤᠷᠪᠠ︶ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠲᠠᠬᠢ ᠠᠷᠠᠯᠵᠢᠶᠠᠨ ᠤ ᠲᠠᠯᠠᠪᠤᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠳᠤ᠂ ᠠᠷᠠᠯᠵᠢᠶᠠᠨ ᠤ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠣᠰ ᠲᠣᠰ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠢᠶᠠᠷ ᠨᠤᠲᠠᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠠᠷᠭ᠎ᠠ ᠳᠤ ᠲᠣᠭᠲᠠᠭᠠᠭᠰᠠᠨ ᠰᠢᠨ᠎ᠡ ᠪᠠᠷ ᠪᠠᠶᠢᠭᠤᠯᠬᠤ ᠲᠠᠰ ᠳᠠᠷᠠᠭᠠᠯᠠᠯ ᠶᠣᠰᠣᠭᠠᠷ ᠭᠦᠢᠴᠡᠳᠭᠡᠬᠦ ᠬᠡᠷᠡᠭᠲᠡᠶ︔      ᠠᠷᠪᠠᠨ ᠲᠠᠪᠤᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠵᠦᠢᠯᠡᠰ ᠤᠨ ᠨᠢᠭᠡ ᠶᠢ ᠬᠤᠪᠢᠷᠠᠭᠠᠬᠤ ᠭᠡᠪᠡᠯ᠂ ᠡᠯ᠎ᠡ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠬᠦ ᠶᠢᠨ ᠬᠠᠮᠲᠤ᠂ ᠮᠥᠩᠭᠦᠨ ᠭᠦᠢᠯᠭᠡᠭᠡᠨ ᠤ ᠠᠵᠢᠯ ᠪᠠ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠭᠦᠢᠴᠡᠳᠭᠡᠯᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠷᠢᠶᠠᠯᠠᠭᠳᠠᠬᠤ ᠴᠢᠨᠠᠷ ︵ᠡᠷᠬᠡ ᠠᠰᠢᠭ ᠤᠨ ᠲᠥᠷᠥᠯ ᠪᠤᠶᠤ ᠪᠡᠯᠡᠨ ᠪᠠᠷᠠᠭᠠᠨ ᠤ ᠲᠥᠷᠥᠯ︶ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠰᠠᠨᠠᠯ ᠬᠤᠷᠢᠶᠠᠵᠤ᠂ ᠬᠦᠯᠢᠶᠡᠨ ᠠᠪᠴᠤ ᠭᠦᠢᠴᠡᠳᠭᠡᠬᠦ ᠰᠠᠨᠠᠯ ᠳᠤᠷᠠᠳᠬᠤ ᠬᠡᠷᠡᠭᠲᠡᠢ᠄      ︵ᠨᠢᠭᠡ︶ ᠨᠡᠷᠡᠶᠢᠳᠦᠯ ᠢᠶᠠᠨ ᠬᠤᠪᠢᠷᠠᠭᠠᠬᠤ︔      ︵ᠬᠤᠶᠠᠷ︶ ᠡᠵᠡᠩᠨᠡᠬᠦ ᠬᠦᠷᠢᠶ᠎ᠡ ᠬᠡᠪᠴᠢᠶ᠎ᠡ ᠪᠠᠨ ᠬᠤᠪᠢᠷᠠᠭᠠᠬᠤ︔      ︵ᠭᠤᠷᠪᠠ︶ ᠳᠠᠩᠰᠠᠯᠠᠭᠤᠯᠤᠭᠰᠠᠨ ᠬᠦᠷᠦᠩᠭᠡ ᠪᠠᠨ ᠬᠤᠪᠢᠷᠠᠭᠠᠬᠤ︔      ︵ᠳᠥᠷᠪᠡ︶ ᠠᠷᠠᠯᠵᠢᠶᠠᠯᠠᠬᠤ ᠵᠦᠢᠯ᠂ ᠠᠷᠠᠯᠵᠢᠶᠠᠯᠠᠬᠤ ᠵᠠᠭᠪᠤᠷ᠂ ᠠᠷᠠᠯᠵᠢᠶᠠᠯᠠᠬᠤ ᠲᠦᠷᠢᠮ ᠢᠶᠠᠨ ᠬᠤᠪᠢᠷᠠᠭᠠᠬᠤ︔      ︵ᠲᠠᠪᠤ︶ ᠭᠤᠤᠯ ᠬᠤᠪᠢ ᠣᠷᠣᠭᠤᠯᠤᠭᠴᠢ︔      ︵ᠵᠢᠷᠭᠤᠭ᠎ᠠ︶ ᠠᠵᠤ ᠠᠬᠤᠶᠢᠯᠠᠯ ᠤᠨ ᠲᠦᠷᠦᠯ ᠬᠡᠯᠪᠡᠷᠢ ᠪᠠᠨ ᠬᠤᠪᠢᠷᠠᠭᠠᠬᠤ︔      ︵ᠳᠣᠯᠤᠭ᠎ᠠ︶ ᠠᠷᠠᠯᠵᠢᠶᠠᠨ ᠤ ᠲᠠᠯᠠᠪᠤᠷ ᠭᠠᠵᠠᠷ ᠢ ᠰᠠᠯᠭᠠᠬᠤ ᠪᠤᠶᠤ ᠨᠡᠶᠢᠯᠡᠭᠦᠯᠬᠦ︔      ︵ᠨᠠᠢᠮᠠ︶ ᠲᠡᠳᠡᠭᠡᠷ ᠤᠨ ᠪᠠᠶᠢᠭᠤᠯᠬᠤ ᠨᠥᠬᠦᠴᠡᠯ ᠳᠤ ᠴᠢᠬᠤᠯᠠ ᠶᠡᠭᠡ ᠨᠥᠯᠥᠭᠡ ᠪᠣᠯᠬᠤ ᠪᠤᠰᠤᠳ ᠵᠦᠢᠯ ᠤᠳ᠃      ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠪᠢᠷᠠᠭᠠᠬᠤ ᠶᠢ ᠵᠥᠪᠰᠢᠶᠡᠷᠡᠭᠰᠡᠨ ᠪᠠᠶᠢᠪᠠᠯ᠂ ᠵᠥᠪᠰᠢᠶᠡᠷᠡᠭᠰᠡᠨ ᠰᠠᠨᠠᠯ ᠭᠠᠷᠭᠠᠵᠤ ᠥᠭᠬᠦ ᠶᠢᠨ ᠬᠠᠮᠲᠤ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠶ᠂ ᠪᠡᠯᠡᠨ ᠪᠠᠷᠠᠭᠠᠨ ᠤ ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠲᠤ ᠳᠣᠤᠷᠠᠬᠢ ᠬᠤᠪᠢᠷᠠᠭᠠᠬᠤ ᠵᠦᠢᠯᠡᠰ ᠤᠨ ᠨᠢᠭᠡ ᠨᠢ ᠪᠠᠶᠢᠪᠠᠯ᠂ ᠡᠯ᠎ᠡ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠷᠭᠤᠭᠤᠯᠵᠤ ᠵᠥᠪᠰᠢᠶᠡᠷᠡᠬᠦ ᠶᠢᠨ ᠬᠠᠮᠲᠤ᠂ ᠡᠨᠡ ᠬᠦ ᠠᠵᠢᠯ ᠶᠠᠪᠤᠳᠠᠯ ᠪᠣᠢ ᠪᠣᠯᠣᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠬᠦ ᠬᠡᠷᠡᠭᠲᠡᠢ᠂ ᠪᠡᠯᠡᠨ ᠪᠠᠷᠠᠭᠠᠨ ᠤ ᠲᠥᠷᠥᠯ ᠳᠤ ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ      ︵ᠨᠢᠭᠡ︶ ᠬᠠᠤᠯᠢ ᠪᠠᠷ ᠲᠣᠭᠲᠠᠭᠠᠭᠰᠠᠨ ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠢᠶᠠᠨ ᠬᠤᠪᠢᠷᠠᠭᠠᠬᠤ︔      ︵ᠬᠤᠶᠠᠷ︶ ᠣᠷᠣᠨ ᠰᠠᠭᠤᠴᠠ ᠪᠤᠶᠤ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠬᠤᠪᠢᠷᠠᠭᠠᠬᠤ︔      ︵ᠭᠤᠷᠪᠠ︶ ᠲᠦᠷᠢᠮ᠂ ᠲᠦᠭᠰᠢᠭᠦᠷᠢ ᠡᠵᠡᠮᠳᠡᠬᠦ ᠲᠦᠷᠢᠮ ᠵᠡᠷᠭᠡ ᠬᠠᠮᠢᠶᠠᠷᠤᠯᠲᠠ ᠶᠢᠨ ᠲᠦᠷᠢᠮ ᠳᠤ ᠵᠠᠰᠠᠪᠤᠷᠢ ᠣᠷᠣᠭᠤᠯᠬᠤ︔      ︵ᠲᠦᠷᠪᠡ︶ ᠭᠠᠳᠠᠭᠰᠢ ᠪᠠᠨ ᠬᠠᠮᠲᠤᠷᠠᠨ ᠠᠵᠢᠯᠯᠠᠵᠤ ᠡᠵᠡᠩᠨᠡᠬᠦ ᠶᠢ ᠥᠷᠨᠢᠭᠦᠯᠬᠦ︔      ︵ᠲᠠᠪᠤ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠤᠪᠢᠷᠠᠭᠠᠬᠤ  ᠵᠦᠢᠯᠡᠰ ᠤᠳ᠃      ᠠᠷᠪᠠᠨ ᠳᠣᠯᠣᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠳᠣᠣᠷ᠎ᠠ ᠵᠢᠭᠰᠠᠭᠠᠭᠰᠠᠨ ᠤᠴᠢᠷ ᠰᠢᠯᠲᠠᠭᠠᠨ ᠠᠴᠠ  ᠠᠵᠢᠯᠯᠠᠭᠠᠨ ᠢᠶᠠᠨ ᠵᠣᠭᠰᠣᠭᠠᠵᠤ ᠪᠣᠯᠤᠨ᠎ᠠ᠄      ︵ᠨᠢᠭᠡ︶ ᠺᠣᠮᠫᠠᠨᠢ ᠶᠢᠨ ᠲᠦᠷᠢᠮ ᠳᠤ ᠲᠣᠭᠲᠠᠭᠠᠭᠰᠠᠨ ᠡᠵᠡᠩᠨᠡᠬᠦ ᠬᠤᠭᠤᠴᠠᠭ᠎ᠠ ᠨᠢ ᠳᠦᠭᠦᠷᠡᠭᠰᠡᠨ ᠪᠤᠶᠤ ᠲᠡᠭᠦᠨ ᠳᠤ ᠲᠣᠭᠲᠠᠭᠠᠭᠰᠠᠨ ᠲᠠᠷᠠᠭᠠᠬᠤ ᠪᠤᠰᠤᠳ ᠤᠴᠢᠷ ᠰᠢᠯᠲᠠᠭᠠᠨ ᠪᠣᠢ ᠪᠣᠯᠣᠭᠰᠠᠨ︔      ︵ᠬᠤᠶᠠᠷ︶ ᠬᠤᠪᠢ ᠣᠷᠣᠭᠤᠯᠤᠭᠴᠢ ︵ᠲᠥᠯᠥᠭᠡᠯᠡᠭᠴᠢ︶ ᠶᠢᠨ ᠶᠡᠭᠡ ᠬᠤᠷᠠᠯ ᠨᠢ ᠲᠠᠷᠠᠭᠠᠬᠤ ᠰᠢᠢᠳᠪᠦᠷᠢ ᠭᠠᠷᠭᠠᠭᠰᠠᠨ︔      ︵ᠭᠤᠷᠪᠠ︶ ᠰᠠᠯᠭᠠᠬᠤ᠂ ᠨᠡᠶᠢᠯᠡᠭᠦᠯᠬᠦ ᠠᠴᠠ ᠪᠤᠯᠵᠤ ᠲᠠᠷᠠᠭᠠᠬᠤ ᠬᠡᠷᠡᠭᠴᠡᠭᠡ ᠲᠠᠢ ᠪᠣᠯᠤᠭᠰᠠᠨ︔      ︵ᠲᠦᠷᠪᠡ︶ ᠠᠷᠠᠳ ᠤᠨ ᠰᠢᠭᠦᠬᠦ ᠬᠤᠷᠢᠶ᠎ᠠ ᠠᠴᠠ ᠺᠣᠮᠫᠠᠨᠢ ᠶᠢ ᠲᠠᠷᠠᠭᠠᠬᠤ ᠪᠠᠷ ᠬᠠᠤᠯᠢ ᠶᠣᠰᠣᠭᠠᠷ ᠵᠠᠷᠯᠠᠭᠰᠠᠨ︔      ︵ᠲᠠᠪᠤ︶ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠪᠤᠶᠤ ᠲᠣᠭᠲᠠᠭᠠᠯ ᠢ ᠵᠥᠷᠢᠴᠡᠵᠦ ᠡᠵᠡᠩᠨᠡᠭᠰᠡᠨ ᠠᠴᠠ ᠪᠤᠯᠵᠤ ᠬᠦᠴᠦᠨ ᠦᠭᠡᠢ ᠪᠣᠯᠭᠠᠬᠤ ᠪᠠᠷ ᠵᠠᠷᠯᠢᠭᠳᠠᠭᠰᠠᠨ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠲᠠᠷᠠᠭᠠᠬᠤ᠂ ᠬᠠᠰᠤᠵᠤ ᠦᠭᠡᠢ ᠪᠣᠯᠭᠠᠬᠤ᠂ ᠬᠦᠴᠦᠨ ᠦᠭᠡᠢ ᠪᠣᠯᠭᠠᠬᠤ ᠪᠤᠰᠤᠳ ᠤᠴᠢᠷ ᠰᠢᠯᠲᠠᠭᠠᠨ᠃      ᠠᠷᠪᠠᠨ ᠨᠠᠢᠮᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠠᠷᠠᠯᠵᠢᠶᠠᠨ ᠤ ᠲᠠᠪᠴᠠᠩ ᠤᠨ ᠲᠣᠬᠠᠶᠢᠯᠠᠭᠰᠠᠨ ᠠᠵᠢᠯ ᠬᠠᠩᠭᠠᠬᠤ ᠪᠠᠨ ᠵᠣᠭᠰᠣᠭᠠᠭᠰᠠᠨ ᠪᠣᠯ᠂ ᠨᠠᠭᠠᠲᠤ ᠵᠠᠬ᠎ᠠ ᠳᠤ ᠪᠠᠨ 3 ᠰᠠᠷ᠎ᠠ ᠶᠢᠨ ᠡᠮᠦᠨ᠎ᠡ ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ᠂ ᠪᠡᠯᠡ ᠣᠷᠣᠭᠤᠯᠤᠭᠴᠢ ᠵᠢᠴᠢ ᠪᠤᠰᠤᠳ ᠬᠠᠮᠢᠶ᠎ᠠ ᠪᠦᠬᠦᠢ ᠭᠤᠤᠯ ᠴᠣᠭᠴᠠ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠂ ᠤᠬᠤᠷᠢᠨ ᠭᠠᠷᠬᠤ ᠠᠯᠪᠠᠨ ᠵᠠᠷ ᠵᠢᠴᠢ ᠰᠢᠢᠳᠪᠦᠷᠢᠯᠡᠬᠦ ᠲᠥᠰᠦᠯ ᠢᠶᠠᠨ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠵᠦ᠂ ᠪᠡᠯᠡ ᠣᠷᠣᠭᠤᠯᠤᠭᠴᠢ ᠶᠢᠨ ᠪᠠᠲᠤᠯᠠᠭ᠎ᠠ ᠶᠢᠨ ᠮᠥᠩᠭᠦ ᠪᠠ ᠪᠤᠰᠤᠳ ᠡᠳ᠋ ᠬᠥᠷᠥᠩᠭᠡ ᠶᠢ ᠲᠣᠬᠢᠲᠠᠶ ᠰᠢᠢᠳᠪᠦᠷᠢᠯᠡᠨ᠂ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠠᠮᠤᠷ ᠲᠦᠪᠰᠢᠨ ᠵᠢᠴᠢ ᠪᠤᠰᠤᠳ ᠬᠠᠮᠢᠶ᠎ᠠ ᠪᠦᠬᠦᠢ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠶ᠃ ᠠᠶᠢᠮᠠᠭ ᠬᠤᠲᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠩᠬᠠᠨ ᠤ ᠬᠢᠨᠠᠯᠲᠠ ᠬᠢᠭᠰᠡᠨ ᠤ ᠳᠠᠷᠠᠭᠠᠬᠢ ᠠᠵᠤ ᠠᠬᠤᠶᠢᠯᠠᠯ ᠤᠨ ᠣᠨᠴᠠᠭᠠᠢ ᠲᠣᠭᠲᠠᠭᠠᠭᠰᠠᠨ ᠲᠤᠬᠠᠶᠢᠯᠠᠭᠰᠠᠨ ᠠᠵᠢᠯ ᠢ ᠵᠣᠭᠰᠣᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ  ᠨᠢ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠶᠢᠨ ᠬᠠᠮᠲᠤ᠂ ᠡᠴᠦᠰ ᠤᠨ ᠬᠢᠨᠠᠨ ᠲᠣᠭᠲᠠᠭᠠᠭᠰᠠᠨ ᠰᠠᠨᠠᠯ ᠭᠠᠷᠭᠠᠬᠤ ᠬᠡᠷᠡᠭᠲᠡᠶ᠃      ᠠᠷᠠᠯᠵᠢᠶᠠᠨ ᠤ ᠲᠠᠯᠠᠪᠤᠷ ᠭᠠᠵᠠᠷ ᠢ ᠲᠠᠷᠠᠭᠠᠬᠤ ᠳᠤ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠨᠠᠷᠢᠪᠴᠢᠯᠠᠨ ᠲᠣᠭᠠᠴᠠᠭᠠᠯᠠᠬᠤ ᠬᠡᠷᠡᠭᠲᠡᠶ᠃ ᠨᠠᠷᠢᠪᠴᠢᠯᠠᠨ ᠲᠣᠭᠠᠴᠠᠭᠠᠯᠠᠵᠤ ᠳᠠᠭᠤᠰᠤᠭᠰᠠᠨ ᠤ ᠲᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠨ ᠲᠡᠮᠳᠡᠭᠯᠡᠭᠦᠯᠦᠭᠰᠡᠨ ᠢᠶᠠᠨ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠶᠢᠨ ᠬᠠᠮᠲᠤ ᠵᠠᠭᠤᠴᠢᠯᠠᠭᠤᠷ ᠢᠶᠠᠷ ᠠᠯᠪᠠᠨ ᠵᠠᠷ ᠨᠡᠶᠢᠲᠡᠯᠡᠬᠦ ᠬᠡᠷᠡᠭᠲᠡᠶ᠃      ᠠᠷᠠᠯᠵᠢᠶᠠᠨ ᠤ ᠲᠠᠯᠠᠪᠤᠷ ᠭᠠᠵᠠᠷ ᠨᠢ ᠳᠠᠮᠫᠤᠷᠠᠭᠰᠠᠨ ᠠᠴᠠ ᠪᠤᠯᠵᠤ ᠡᠵᠡᠩᠨᠡᠬᠦ ᠪᠠᠨ ᠵᠣᠭᠰᠣᠭᠠᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠳᠠᠮᠫᠤᠷᠠᠯ ᠤᠨ ᠬᠠᠤᠯᠢ︾ ᠵᠢᠴᠢ  ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠤᠨ ᠲᠣᠭᠲᠠᠭᠠᠭᠰᠠᠨ ᠶᠣᠰᠣᠭᠠᠷ ᠳᠠᠮᠫᠤᠷᠠᠯ ᠤᠨ ᠨᠠᠷᠢᠪᠴᠢᠯᠠᠨ ᠲᠣᠭᠠᠴᠠᠭᠠᠯᠠᠬᠤ ᠠᠵᠢᠯ ᠢ ᠬᠢᠬᠦ ᠬᠡᠷᠡᠭᠲᠡᠢ᠃      ᠠᠷᠪᠠ ᠶᠢᠰᠦᠳᠦᠭᠡᠷ ᠵᠦᠢᠯ   ᠥᠷᠭᠡᠨ ᠬᠡᠷᠡᠭᠴᠡᠭᠡᠨ ᠤ ᠲᠠᠸᠠᠷ᠂ ᠤᠯᠤᠰ ᠤᠨ ᠥᠮᠴᠢᠯᠡᠯᠲᠦ ᠥᠮᠴᠢᠯᠡᠯ ᠤᠨ ᠡᠷᠬᠡ᠂ ᠰᠣᠶᠣᠯ ᠤᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠰᠢᠯᠵᠢᠭᠦᠯᠦᠨ ᠡᠷᠭᠢᠯᠳᠦᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠬᠦᠷᠢᠶᠡᠨ ᠳᠠᠬᠢ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠬᠤᠪᠢᠷᠠᠭᠠᠬᠤ ᠪᠠ ᠡᠵᠡᠩᠨᠡᠬᠦ ᠶᠢ ᠨᠢ ᠵᠣᠭᠰᠣᠭᠠᠬᠤ ᠳᠤ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃      ᠭᠤᠷᠪᠠᠳᠤᠭᠠᠷ ᠪᠦᠯᠦᠭ  ᠡᠵᠡᠩᠨᠡᠯᠲᠡ ᠶᠢᠨ ᠵᠢᠷᠤᠮᠵᠢᠯ      ᠬᠤᠷᠢᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠢ ᠴᠢᠩᠭ᠎ᠠ  ᠵᠢᠷᠤᠮᠯᠠᠨ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ᠂ ᠪᠡᠯᠡ ᠣᠷᠣᠭᠤᠯᠤᠭᠴᠢᠳ ᠲᠤ ᠦᠨᠡᠨᠴᠢ ᠢᠲᠡᠭᠡᠮᠵᠢᠲᠡᠶ ᠪᠠᠶᠢᠬᠤ ᠡᠭᠦᠷᠭᠡ ᠪᠠᠨ ᠬᠢᠨᠠᠮᠠᠭᠠᠶ ᠭᠦᠢᠴᠡᠳᠭᠡᠵᠦ ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠨ᠂ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠳᠤ ᠳᠣᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠥᠬᠡᠶ᠄      ︵ᠨᠢᠭᠡ︶ ᠶᠠᠮᠠᠷᠪᠠ ᠡᠷᠬᠡ ᠠᠰᠢᠭ ᠢ ᠠᠳᠠᠯᠢ ᠲᠡᠭᠰᠢ ᠬᠤᠪᠢ ᠪᠣᠯᠭᠠᠨ  ᠢᠯᠡ ᠪᠠᠷ ᠲᠠᠷᠬᠠᠭᠠᠨ ᠥᠭᠴᠦ ᠪᠣᠯᠬᠤ ᠦᠭᠡᠢ︔      ︵ᠬᠤᠶᠠᠷ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢ ᠬᠡᠷᠡᠭᠯᠡᠨ ᠠᠷᠠᠯᠵᠢᠶᠠᠯᠠᠵᠤ ᠪᠣᠯᠬᠤ ᠦᠭᠡᠢ︔      ︵ᠭᠤᠷᠪᠠ︶ ᠡᠷᠬᠡ ᠠᠰᠢᠭ ᠢ ᠪᠠᠷᠢᠮᠵᠢᠶᠠᠵᠢᠭᠰᠠᠨ ᠠᠷᠠᠯᠵᠢᠶᠠᠯᠠᠬᠤ ᠨᠢᠭᠡᠴᠢ ᠶᠢᠨ ᠶᠣᠰᠣᠭᠠᠷ ᠦᠷᠭᠦᠯᠵᠢᠯᠡᠨ ᠫᠠᠶᠢᠰᠠ ᠡᠯᠭᠦᠨ ᠠᠷᠠᠯᠵᠢᠶᠠᠯᠠᠵᠤ ᠪᠣᠯᠬᠤ ᠥᠬᠡᠶ︔      ︵ᠳᠥᠷᠪᠡ︶ ᠡᠷᠬᠡ ᠠᠰᠢᠭ ᠡᠵᠡᠮᠰᠢᠭᠴᠢ ᠶᠢ   200 ᠬᠥᠮᠦᠨ ᠠᠴᠠ ᠬᠡᠲᠦᠷᠡᠭᠦᠯᠵᠦ ᠪᠣᠯᠬᠤ ᠥᠬᠡᠶ︔      ︵ᠲᠠᠪᠤ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠪᠠᠷᠢᠮᠵᠢᠶᠠᠵᠢᠭᠰᠠᠨ ᠭᠡᠷ᠎ᠡ ᠲᠠᠢ ᠠᠷᠠᠯᠵᠢᠶ᠎ᠠ ᠬᠢᠵᠦ ᠪᠣᠯᠬᠤ ᠦᠭᠡᠢ︔      ︵ᠵᠢᠷᠭᠤᠭ᠎ᠠ︶ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠶ ᠪᠣᠯ ᠶᠠᠮᠠᠷᠪᠠ ᠠᠷᠠᠯᠵᠢᠶᠠᠨ ᠤ ᠲᠠᠯᠠᠪᠤᠷ ᠭᠠᠵᠠᠷ ᠨᠢ ᠳᠠᠭᠠᠳᠬᠠᠯ᠂ ᠢᠲᠡᠭᠡᠮᠵᠢᠲᠦ ᠵᠢᠭᠡᠯᠡᠯᠭᠡ᠂ ᠰᠢᠵᠢᠷ ᠠᠯᠲᠠ ᠵᠡᠷᠭᠡ ᠮᠥᠩᠭᠦᠨ ᠭᠦᠢᠯᠭᠡᠭᠡᠨ ᠤ ᠨᠡᠷᠡᠳᠬᠦᠨ ᠤ ᠠᠷᠠᠯᠵᠢᠶ᠎ᠠ ᠬᠢᠵᠦ ᠪᠣᠯᠬᠤ ᠦᠭᠡᠶ᠃      ᠬᠤᠷᠢᠨ ᠬᠤᠶᠠᠳᠤᠭᠠᠷ ᠵᠦᠢᠯ  ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠬᠦᠷᠢᠶ᠎ᠡ ᠬᠡᠪᠴᠢᠶ᠎ᠡ ᠨᠢ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠲᠠᠢ ᠲᠣᠬᠢᠷᠠᠯᠴᠠᠭᠰᠠᠨ ᠪᠠᠶᠢᠬᠤ ᠬᠡᠷᠡᠭᠲᠡᠶ᠃      ᠲᠠᠸᠠᠷ ᠤᠨ ᠪᠡᠯᠡᠨ ᠪᠠᠷᠠᠭᠠᠨ ᠤ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠵᠢᠴᠢ ᠠᠷᠠᠯᠵᠢᠶᠠᠯᠠᠬᠤ ᠵᠦᠢᠯ ᠤᠨ ᠲᠣᠬᠢᠷᠠᠭᠤᠯᠤᠯᠲᠠ ᠨᠢ ᠪᠡᠯᠡᠨ ᠪᠠᠷᠠᠭ᠎ᠠ ᠳᠤ ᠰᠠᠭᠤᠷᠢᠯᠠᠵᠤ᠂ ᠠᠵᠤ ᠦᠢᠯᠡᠰ ᠤᠨ ᠣᠷᠴᠢᠨ ᠪᠠᠶᠢᠳᠠᠯ ᠪᠠ ᠪᠠᠷᠠᠭᠠᠨ ᠤ ᠭᠦᠢᠯᠭᠡᠭᠡᠨ ᠵᠡᠷᠭᠡ ᠲᠦᠬᠦᠷᠵᠢᠭᠰᠡᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ︔ ᠠᠷᠠᠯᠵᠢᠶᠠᠯᠠᠬᠤ ᠬᠠᠷᠢᠴᠠᠭᠠᠨ ᠤ ᠡᠷᠦᠬᠡ ᠶᠢ ᠠᠵᠢᠯ ᠲᠥᠷᠥᠯ ᠤᠨ ᠳᠣᠲᠣᠭᠠᠳᠤ ᠶᠢᠨ ᠠᠵᠤ ᠠᠬᠤᠶᠢᠯᠠᠯ ᠢᠶᠠᠷ ᠬᠢᠵᠠᠭᠠᠷᠯᠠᠵᠤ᠂ ᠠᠷᠠᠯᠵᠢᠶᠠᠯᠠᠬᠤ ᠳᠤ ᠵᠠᠪᠠᠯ ᠪᠥᠬᠦ ᠵᠣᠭᠤᠰ ᠢᠶᠠᠨ ᠲᠤᠰᠢᠶᠠᠭᠰᠠᠨ ᠪᠥᠭᠡᠳ ᠪᠣᠳᠠᠲᠤ ᠪᠠᠷᠠᠭ᠎ᠠ ᠠᠪᠤᠭᠰᠠᠨ ᠪᠠᠶᠢᠬᠤ ᠬᠡᠷᠡᠭᠲᠡᠶ︔ ᠵᠥᠪᠰᠢᠶᠡᠷᠡᠭᠦᠯᠦᠭᠰᠡᠨ ᠦᠭᠡᠢ ᠠᠷᠠᠯᠵᠢᠶᠠᠯᠠᠬᠤ ᠵᠦᠢᠯ ᠢ ᠳᠤᠷ᠎ᠠ ᠪᠠᠷ ᠢᠶᠠᠨ ᠰᠦᠯᠵᠢᠶᠡᠨ ᠳᠤ ᠭᠠᠷᠭᠠᠵᠤ ᠪᠣᠯᠬᠤ ᠦᠭᠡᠢ︔ ᠰᠦᠯᠵᠢᠶᠡᠨ ᠳᠤ ᠭᠠᠷᠭᠠᠬᠤ ᠵᠦᠢᠯ ᠤᠨ ᠠᠷᠠᠯᠵᠢᠶᠠᠯᠠᠬᠤ ᠦᠨ᠎ᠡ ᠶᠢ ᠠᠷᠠᠯᠵᠢᠶᠠᠯᠠᠵᠤ ᠮᠠᠶᠢᠮᠠᠶᠢᠯᠠᠬᠤ ᠬᠤᠶᠠᠷ ᠲᠠᠯ᠎ᠠ ᠶᠢᠨ ᠦᠨᠡᠨ ᠪᠣᠳᠠᠲᠠᠶ ᠠᠷᠠᠯᠵᠢᠶᠠᠯᠠᠭᠰᠠᠨ ᠳᠤ ᠰᠠᠭᠤᠷᠢᠯᠠᠨ ᠲᠣᠬᠢᠷᠠᠯᠴᠠᠵᠤ᠂ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠦᠨ᠎ᠡ ᠶᠢ ᠲᠤᠰᠬᠠᠬᠤ ᠬᠡᠷᠡᠭᠲᠡᠢ᠂ ᠪᠤᠰᠤᠳ ᠶᠠᠮᠠᠷᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠪᠤᠶᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠦᠨᠳᠦᠰᠦᠯᠡᠨ ᠠᠷᠠᠯᠵᠢᠶ᠎ᠠ ᠶᠢ ᠵᠣᠬᠢᠶᠠᠨ ᠪᠠᠶᠢᠭᠤᠯᠵᠤ ᠪᠣᠯᠬᠤ ᠦᠭᠡᠢ᠂ ᠦᠨ᠎ᠡ ᠬᠠᠩᠰᠢ ᠶᠢᠨ ᠪᠠᠶᠢᠳᠠᠯ ᠢ ᠬᠤᠳᠠᠯ ᠢᠶᠠᠷ ᠵᠣᠬᠢᠶᠠᠬᠤ ᠪᠤᠶᠤ ᠵᠠᠬᠢᠷᠤᠨ ᠡᠷᠬᠡᠰᠢᠶᠡᠵᠦ ᠪᠣᠯᠬᠤ ᠦᠭᠡᠢ᠂ ᠠᠷᠠᠯᠵᠢᠶᠠᠯᠠᠭᠰᠠᠨ ᠢᠶᠠᠨ ᠦᠨᠳᠦᠰᠦᠨ ᠳᠤ ᠪᠠᠨ  ᠲᠠᠰᠤᠯᠤᠨ ᠲᠣᠭᠠᠴᠠᠭᠠᠯᠠᠵᠤ ᠪᠡᠶᠡᠯᠡᠭᠦᠯᠦᠭᠰᠡᠨ ᠪᠠᠶᠢᠬᠤ ᠪᠥᠭᠡᠳ ᠲᠡᠭᠦᠨ ᠢ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠠᠶᠢᠬᠤ ᠬᠡᠷᠡᠭᠲᠡᠶ︔ ᠠᠷᠠᠯᠵᠢᠶᠠᠨ ᠤ ᠲᠠᠯᠠᠪᠤᠷ ᠭᠠᠵᠠᠷ ᠨᠢ ᠲᠠᠷᠠᠬᠠᠶ ᠬᠡᠯᠪᠡᠷᠢ ᠪᠦᠬᠦᠢ ᠯᠠᠩᠭᠦᠶ ᠳᠤ ᠠᠷᠠᠯᠵᠢᠶᠠᠯᠠᠬᠤ ᠵᠠᠭᠪᠤᠷ ᠪᠠ ᠲᠡᠮᠳᠡᠭᠲᠦ ᠶᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠯᠤᠭ᠎ᠠ ᠲᠥᠰᠥᠭᠡᠲᠡᠢ ᠪᠠᠶᠢᠳᠠᠭ ᠪᠡᠯᠡᠨ ᠪᠠᠷᠠᠭ᠎ᠠ ᠬᠤᠳᠠᠯᠳᠤᠬᠤ ᠵᠠᠭᠪᠤᠷ ᠢᠶᠠᠷ ᠠᠵᠢᠯᠯᠠᠵᠤ ᠪᠣᠯᠬᠤ ᠦᠭᠡᠢ᠂ ᠵᠠᠯᠭᠠᠯᠳᠤᠭ᠎ᠠ ᠪᠠᠷ ᠲᠥᠪᠯᠡᠷᠡᠭᠦᠯᠦᠨ ᠦᠨ᠎ᠡ ᠥᠷᠢᠰᠥᠯᠳᠦᠭᠦᠯᠵᠦ ᠠᠷᠠᠯᠵᠢᠶᠠᠯᠠᠬᠤ ᠶᠢ ᠥᠷᠨᠢᠭᠦᠯᠵᠦ ᠪᠣᠯᠬᠤ ᠥᠬᠡᠶ᠃      ᠬᠤᠷᠢᠨ ᠭᠤᠷᠪᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠳᠣᠲᠣᠭᠠᠳᠤ ᠳᠠᠬᠢ ᠵᠠᠰᠠᠯᠲᠠ ᠶᠢᠨ ᠪᠦᠲᠦᠴᠡ ᠶᠢ ᠬᠠᠤᠯᠢ ᠶᠣᠰᠣᠭᠠᠷ ᠪᠠᠶᠢᠭᠤᠯᠤᠨ ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠵᠢᠴᠢ ᠲᠡᠳᠡᠭᠡᠷ ᠤᠨ ᠡᠭᠦᠷᠭᠡ ᠴᠢᠳᠠᠪᠤᠷᠢ ᠶᠢ ᠵᠣᠬᠢᠰᠲᠠᠶ ᠪᠠᠶᠢᠷᠢᠯᠠᠭᠤᠯᠤᠨ᠂ ᠠᠷᠠᠯᠵᠢᠶᠠᠨ ᠤ ᠳ᠋ᠦᠩᠨᠡᠨ ᠪᠣᠳᠣᠯᠲᠠ᠂ ᠮᠡᠳᠡᠭᠡ ᠵᠠᠩᠭᠢ ᠶᠢᠨ ᠮᠡᠷᠭᠡᠵᠢᠯ᠂ ᠡᠳ᠋ ᠤᠨ ᠶᠠᠪᠤᠳᠠᠯ᠂ ᠲᠦᠭᠰᠢᠭᠦᠷᠢ ᠶᠢ ᠡᠵᠡᠮᠳᠡᠬᠦ᠂ ᠲᠣᠭᠲᠠᠭᠠᠯ ᠳᠤ ᠨᠡᠶᠢᠴᠡᠭᠦᠯᠵᠦ ᠬᠢᠨᠠᠨ ᠪᠠᠶᠢᠴᠠᠭᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠪᠠᠶᠢᠭᠤᠯᠵᠤ᠂ ᠬᠡᠷᠡᠭ ᠵᠥᠪᠯᠡᠬᠦ ᠳᠦᠷᠢᠮ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠪᠠ ᠳᠣᠲᠣᠭᠠᠳᠤ ᠳᠠᠬᠢ ᠬᠢᠨᠠᠨ ᠪᠣᠳᠣᠬᠤ ᠳᠦᠷᠢᠮ ᠢ ᠲᠡᠭᠦᠯᠳᠡᠷᠵᠢᠭᠦᠯᠬᠦ ᠶᠢᠨ ᠬᠠᠮᠲᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠵᠢᠴᠢ ᠲᠤᠬᠠᠶᠢᠯᠠᠭᠰᠠᠨ ᠠᠵᠢᠯ ᠢ ᠭᠤᠤᠯᠳᠠᠯᠭ᠎ᠠ ᠲᠠᠢ ᠡᠵᠡᠮᠳᠡᠬᠦ ᠬᠡᠷᠡᠭᠲᠡᠢ᠃      ᠭᠡᠰᠢᠭᠦᠳ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠲᠠᠯᠠᠪᠤᠷ ᠭᠠᠵᠠᠷ ᠨᠢ ᠭᠡᠰᠢᠭᠦᠳ ᠢ ᠵᠥᠪᠰᠢᠶᠡᠷᠡᠨ ᠡᠯᠰᠡᠬᠦ ᠵᠣᠬᠢᠰᠲᠠᠶ ᠪᠠᠷᠢᠮᠵᠢᠶ᠎ᠠ ᠭᠠᠷᠭᠠᠬᠤ ᠶᠢᠨ ᠬᠠᠮᠲᠤ᠂ ᠭᠡᠰᠢᠭᠦᠳ ᠢ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠰᠢᠭᠦᠳ ᠢ ᠲᠣᠭᠲᠠᠭᠠᠯ ᠳᠤ ᠨᠡᠶᠢᠴᠡᠭᠦᠯᠦᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢ ᠵᠣᠬᠢᠰᠲᠠᠢ ᠬᠠᠮᠢᠶᠠᠷᠬᠤ ᠳᠦᠷᠢᠮ ᠪᠠ ᠪᠡᠯᠡ ᠣᠷᠣᠭᠤᠯᠤᠭᠴᠢ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠪᠠᠶᠢᠭᠤᠯᠤᠨ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠮᠡᠳᠡᠭᠡ ᠵᠠᠩᠭᠢ ᠪᠠᠷ ᠲᠣᠭᠲᠠᠮᠠᠯ ᠬᠤᠭᠤᠴᠠᠭ᠎ᠠ ᠲᠠᠢ ᠰᠠᠨᠠᠭᠤᠯᠵᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠠᠰᠢᠭ ᠲᠤᠰᠠ ᠶᠢ ᠪᠠᠲᠤᠯᠠᠬᠤ ᠬᠡᠷᠡᠭᠲᠡᠢ᠃ ᠤᠯᠤᠰ ᠪᠤᠶᠤ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ ᠂ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠳ᠋ᠦᠩᠨᠡᠨ ᠪᠣᠳᠣᠭᠰᠠᠨ ᠪᠠᠯᠠ ᠮᠥᠩᠭᠦ ᠶᠢ ᠭᠤᠷᠪᠠᠳᠠᠬᠢ ᠡᠲᠡᠭᠡᠳ ᠢᠶᠠᠷ ᠬᠠᠳᠠᠭᠠᠯᠠᠨ ᠬᠠᠮᠢᠶᠠᠷᠤᠭᠤᠯᠬᠤ ᠲᠦᠷᠢᠮ ᠢ ᠬᠡᠷᠡᠭᠵᠢᠭᠦᠯᠵᠦ᠂ ᠠᠷᠠᠯᠵᠢᠶᠠᠨ ᠤ ᠮᠡᠳᠡᠭᠡ ᠵᠠᠩᠭᠢ ᠶᠢᠨ ᠰᠢᠰᠲ᠋ᠧᠮ ᠢ ᠠᠮᠤᠷ ᠲᠦᠪᠰᠢᠨ ᠤ ᠲᠣᠭᠲᠠᠪᠤᠷᠢᠲᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠥᠪᠡᠷ ᠤᠨ ᠪᠡᠯᠡ ᠮᠥᠩᠭᠦ ᠪᠠ ᠬᠠᠷᠢᠴᠠᠭᠠᠨ ᠤ ᠡᠷᠦᠬᠡ ᠶᠢᠨ ᠪᠡᠯᠡ ᠮᠥᠩᠭᠦ ᠶᠢ ᠰᠠᠯᠭᠠᠨ ᠲᠤᠰᠠᠭᠠᠷᠯᠠᠵᠤ ᠬᠠᠮᠢᠶᠠᠷᠬᠤ ᠶᠢ ᠬᠡᠷᠡᠭᠵᠢᠭᠦᠯᠵᠦ᠂ ᠬᠠᠷᠢᠴᠠᠭᠠᠨ ᠤ ᠡᠷᠦᠬᠡ ᠶᠢᠨ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠨᠢ ᠪᠠᠶᠢᠭ᠎ᠠ ᠬᠤᠲᠠ ᠶᠢᠨ ᠢᠶᠠᠨ ᠡᠵᠡᠩᠨᠡᠵᠦ ᠪᠦᠬᠦᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠠᠷᠠᠯᠵᠢᠶᠠᠨ ᠤ ᠪᠠᠯᠠ ᠮᠥᠩᠭᠦ ᠶᠢ ᠳ᠋ᠦᠩᠨᠡᠨ ᠪᠤᠳᠤᠬᠤ ᠳᠤ ᠬᠡᠷᠡᠭᠯᠡᠬᠦ ᠪᠠᠩᠬᠢ ᠶᠢᠨ ᠲᠠᠩᠰᠠᠨ ᠡᠷᠦᠬᠡ ᠶᠢ ᠪᠠᠶᠢᠭᠤᠯᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠠᠵᠤ ᠠᠬᠤᠶᠢᠯᠠᠯ ᠤᠨ ᠨᠢᠭᠲᠠᠯᠠᠨ ᠪᠤᠳᠤᠬᠤ ᠵᠢᠷᠤᠮᠯᠠᠯ ᠵᠡᠷᠭᠡ ᠶᠢᠨ ᠱᠠᠭᠠᠷᠳᠠᠯᠭ᠎ᠠ ᠶᠣᠰᠣᠭᠠᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠥᠷᠢᠮ ᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ᠂ ᠡᠵᠡᠩᠨᠡᠭᠰᠡᠨ ᠦᠷ᠎ᠡ ᠪᠦᠲᠦᠭᠡᠯ ᠪᠠ ᠪᠡᠯᠡᠨ  ᠵᠣᠭᠤᠰᠣᠨ ᠤ ᠭᠦᠢᠯᠭᠡᠭᠡᠨ ᠢ ᠦᠨᠡᠨ ᠪᠣᠳᠠᠲᠠᠶ ᠲᠡᠮᠳᠡᠭᠯᠡᠬᠦ ᠪᠠ ᠲᠤᠰᠬᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠦᠭᠰᠢᠭᠦᠷᠢ ᠶᠢ ᠡᠵᠡᠮᠳᠡᠬᠦ ᠲᠦᠷᠢᠮ ᠵᠢᠴᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠲᠣᠭᠲᠠᠭᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠤᠨ ᠮᠡᠳᠡᠭᠡ ᠵᠠᠩᠭᠢ ᠶᠢᠨ ᠰᠢᠰᠲ᠋ᠧᠮ ᠨᠢ ᠲᠤᠬᠠᠶᠢᠯᠠᠭᠰᠠᠨ ᠠᠵᠢᠯ ᠥᠷᠨᠢᠭᠦᠯᠬᠦ ᠵᠢᠴᠢ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠯᠤᠰ ᠠᠴᠠ ᠵᠠᠯᠭᠠᠨ ᠣᠷᠣᠭᠤᠯᠬᠤ  ᠠᠵᠢᠯ ᠢ ᠬᠠᠩᠭᠠᠵᠤ ᠴᠢᠳᠠᠬᠤ ᠬᠡᠷᠡᠭᠲᠡᠶ᠃ ᠠᠷᠠᠯᠵᠢᠶᠠᠨ ᠤ ᠲᠠᠯᠠᠪᠤᠷ ᠭᠠᠵᠠᠷ ᠨᠢ ᠠᠷᠠᠯᠵᠢᠶᠠᠨ ᠤ ᠳ᠋ᠦᠩᠨᠡᠨ ᠪᠣᠳᠣᠭᠰᠠᠨ ᠳ᠋ᠠᠶᠢᠲ᠋ᠠ ᠶᠢ ᠬᠠᠳᠠᠭᠠᠯᠠᠵᠤ ᠬᠠᠮᠢᠶᠠᠷᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢ ᠪᠦᠷᠢᠨ ᠪᠦᠲᠦᠨ ᠬᠠᠳᠠᠭᠠᠯᠠᠬᠤ ᠶᠢᠨ ᠬᠠᠮᠲᠤ ᠭᠡᠨᠡᠳᠲᠡ ᠶᠢᠨ ᠰᠠᠭᠠᠲᠠᠯ ᠭᠠᠢ ᠠᠴᠠ ᠰᠡᠷᠭᠡᠶᠢᠯᠡᠬᠦ ᠨᠥᠭᠡᠴᠡ ᠲᠠᠢ ᠪᠠᠶᠢᠯᠭᠠᠬᠤ ᠬᠡᠷᠡᠭᠲᠡᠶ ᠮᠥᠷᠲᠡᠭᠡᠨ 20 ᠵᠢᠯ ᠠᠴᠠ ᠳᠡᠭᠡᠭᠰᠢ ᠬᠠᠳᠠᠭᠠᠯᠠᠵᠤ ᠪᠠᠶᠢᠬᠤ ᠬᠡᠷᠡᠭᠲᠡᠢ᠃      ᠠᠷᠠᠯᠵᠢᠶᠠᠨ ᠤ ᠲᠠᠯᠠᠪᠤᠷ ᠭᠠᠵᠠᠷ ᠨᠢ ᠪᠡᠯᠡ ᠣᠷᠣᠭᠤᠯᠤᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠬᠠᠤᠯᠢ ᠶᠣᠰᠣᠭᠠᠷ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠶᠢ ᠬᠦᠯᠢᠶᠡᠬᠦ ᠠᠴᠠ ᠭᠠᠳᠠᠨ᠎ᠠ᠂ ᠬᠠᠷᠢᠴᠠᠭᠠᠨ ᠤ ᠡᠷᠦᠬᠡ ᠶᠢᠨ ᠨᠢᠭᠤᠴᠠ ᠶᠢ ᠬᠠᠮᠠᠭᠠᠯᠠᠵᠤ ᠥᠭᠬᠦ ᠬᠡᠷᠡᠭᠲᠡᠶ᠂ ᠪᠡᠯᠡ ᠣᠷᠣᠭᠤᠯᠤᠭᠴᠢ ᠶᠢᠨ ᠬᠠᠩᠭᠠᠭᠰᠠᠨ ᠮᠡᠳᠡᠭᠡ ᠵᠠᠩᠭᠢ ᠶᠢ ᠠᠰᠢᠭᠯᠠᠨ ᠠᠷᠠᠯᠵᠢᠶ᠎ᠠ ᠲᠠᠢ ᠬᠤᠯᠪᠣᠭᠳᠠᠬᠤ ᠦᠭᠡᠢ ᠪᠤᠶᠤ ᠪᠡᠯᠡ ᠣᠷᠣᠭᠤᠯᠤᠭᠴᠢ ᠶᠢᠨ ᠠᠰᠢᠭ ᠲᠤᠰᠠ ᠶᠢ ᠬᠤᠬᠢᠷᠠᠭᠤᠯᠬᠤ ᠶᠠᠮᠠᠷᠴᠤ ᠠᠵᠢᠯᠯᠠᠭ᠎ᠠ ᠶᠢ ᠬᠢᠵᠦ ᠪᠣᠯᠬᠤ ᠦᠭᠡᠢ᠃      ᠭᠤᠴᠢᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠲᠤ ᠳᠣᠣᠷ᠎ᠠ ᠵᠢᠭᠰᠠᠭᠠᠭᠰᠠᠨ ᠴᠢᠬᠤᠯᠠ ᠶᠡᠭᠡ ᠵᠦᠢᠯᠡᠰ ᠲᠣᠬᠢᠶᠠᠯᠳᠤᠪᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠭᠤᠯᠤᠨ ᠢᠯᠡᠭᠡᠵᠦ᠂ ᠪᠡᠯᠡᠨ ᠪᠠᠷᠠᠭᠠᠨ ᠤ ᠲᠥᠷᠥᠯ ᠳᠤ  ᠪᠠᠭᠳ᠋ᠬᠠᠳᠠᠪᠠᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠄      ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠪᠤᠶᠤ ᠲᠡᠳᠡᠭᠡᠷ ᠤᠨ ᠬᠠᠤᠯᠢ ᠪᠠᠷ ᠲᠣᠭᠲᠠᠭᠠᠭᠰᠠᠨ  ᠲᠦᠯᠦᠬᠡᠯᠡᠬᠦ ᠭᠦᠮᠦᠨ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠲᠠᠨ ᠨᠢ ᠬᠠᠤᠯᠢ ᠲᠣᠭᠲᠠᠭᠠᠯ ᠢ ᠵᠥᠷᠢᠴᠡᠭᠰᠡᠨ ᠳᠤ ᠬᠤᠯᠪᠣᠭᠳᠠᠭᠰᠠᠨ ᠬᠦᠨᠳᠦ ᠶᠡᠭᠡ ᠰᠡᠵᠢᠭᠯᠡᠯᠲᠡᠶ ᠪᠣᠯ᠂ ᠬᠡᠷᠡᠭ ᠪᠣᠯᠭᠠᠨ ᠪᠠᠶᠢᠴᠠᠭᠠᠬᠤ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ︔      ︵ᠬᠤᠶᠠᠷ︶ ᠠᠷᠠᠯᠵᠢᠶᠠᠨ ᠤ ᠲᠠᠯᠠᠪᠤᠷ ᠭᠠᠵᠠᠷ ᠤᠨ ᠴᠢᠬᠤᠯᠠ ᠶᠡᠭᠡ ᠡᠳ᠋ ᠤᠨ ᠶᠠᠪᠤᠳᠠᠯ ᠤᠨ ᠵᠠᠷᠤᠯᠭ᠎ᠠ ᠪᠠ ᠡᠳ᠋ ᠤᠨ ᠶᠠᠪᠤᠳᠠᠯ ᠤᠨ ᠰᠢᠢᠳᠪᠦᠷᠢᠲᠦ ᠪᠣᠳᠣᠯᠭ᠎ᠠ ᠨᠢ ᠨᠡᠯᠢᠶᠡᠳ ᠶᠡᠭᠡ ᠡᠳ᠋ ᠤᠨ ᠶᠠᠪᠤᠳᠠᠯ ᠪᠤᠶᠤ ᠡᠵᠡᠩᠨᠡᠯᠲᠡ ᠶᠢᠨ ᠲᠦᠭᠰᠢᠭᠦᠷᠢ ᠭᠠᠷᠴᠤ ᠮᠡᠳᠡᠬᠦ᠂ ᠪᠡᠯᠡ ᠣᠷᠣᠭᠤᠯᠤᠭᠴᠢ ᠶᠢᠨ ᠠᠰᠢᠭ ᠲᠤᠰᠠ ᠶᠢ ᠨᠥᠯᠥᠭᠡᠯᠡᠭᠰᠡᠨ︔      ︵ᠭᠤᠷᠪᠠ︶ ᠲᠡᠳᠡᠨ ᠤ ᠴᠡᠪᠡᠷ ᠡᠳ᠋ ᠬᠦᠷᠦᠩᠭᠡ ᠶᠢᠨ 10% ᠠᠴᠠ ᠳᠡᠭᠡᠭᠰᠢᠬᠢ ᠶᠢ ᠡᠵᠡᠯᠡᠭᠰᠡᠨ ᠳᠤ ᠬᠤᠯᠪᠣᠭᠳᠠᠭᠰᠠᠨ ᠪᠤᠶᠤ ᠡᠵᠡᠩᠨᠡᠯᠲᠡ ᠶᠢᠨ ᠲᠦᠭᠰᠢᠭᠦᠷᠢ ᠳᠤ ᠨᠡᠯᠢᠶᠡᠳ ᠶᠡᠭᠡ ᠨᠥᠯᠥᠭᠡ ᠲᠠᠢ ᠵᠠᠷᠭᠤ︔      ︵ᠲᠦᠷᠪᠡ︶ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠶᠡᠭᠡ ᠨᠥᠯᠥᠭᠡ ᠭᠠᠷᠭᠠᠭᠰᠠᠨ︔      ︵ᠲᠠᠪᠤ︶ ᠬᠤᠪᠢ ᠡᠵᠡᠮᠳᠡᠵᠦ ᠪᠠᠶᠢᠭ᠎ᠠ ᠬᠤᠪᠢ ᠣᠷᠣᠭᠤᠯᠤᠭᠴᠢᠳ ᠲᠤ ᠬᠤᠯᠪᠣᠭᠳᠠᠭᠰᠠᠨ ᠴᠢᠬᠤᠯᠠ ᠶᠡᠭᠡ ᠠᠵᠢᠯ ᠶᠠᠪᠤᠳᠠᠯ ᠨᠢ ᠬᠤᠪᠢ ᠣᠷᠣᠭᠤᠯᠤᠭᠴᠢ ᠶᠢᠨ ᠡᠷᠬᠡ ᠠᠰᠢᠭ ᠢᠶᠠᠨ ᠬᠡᠷᠡᠭᠵᠢᠭᠦᠯᠬᠦ ᠶᠢ ᠨᠥᠯᠥᠭᠡᠯᠡᠭᠰᠡᠨ︔      ︵ᠵᠢᠷᠭᠤᠭ᠎ᠠ︶ ᠪᠤᠰᠤᠳ ᠴᠢᠬᠤᠯᠠ ᠶᠡᠭᠡ ᠵᠦᠢᠯᠡᠰ᠃      ᠭᠤᠴᠢᠨ ᠨᠢᠭᠡᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠰᠠᠯᠪᠤᠷᠢ ᠪᠠᠶᠢᠭᠤᠯᠤᠮᠵᠢ᠂ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠵᠡᠷᠭᠡ ᠨᠢ ᠬᠠᠤᠯᠢ ᠠᠴᠠ ᠵᠥᠷᠢᠴᠡᠨ ᠳᠣᠤᠷᠠᠬᠢ ᠠᠵᠢᠯᠯᠠᠭ᠎ᠠ ᠶᠢ ᠬᠢᠵᠦ ᠪᠣᠯᠬᠤ ᠥᠬᠡᠶ᠄      ︵ᠨᠢᠭᠡ︶ ᠬᠠᠷᠢᠴᠠᠭᠠᠨ ᠤ ᠡᠷᠦᠬᠡ ᠳᠤ ᠪᠡᠯᠡ ᠣᠷᠣᠭᠤᠯᠤᠭᠰᠠᠨ ᠡᠬᠡ ᠮᠥᠩᠭᠦ ᠨᠢ ᠬᠤᠬᠢᠷᠠᠬᠤ ᠦᠭᠡᠢ ᠪᠤᠶᠤ ᠨᠠᠭᠠᠲᠤ ᠵᠠᠬ᠎ᠠ ᠶᠢᠨ ᠣᠯᠵᠠᠪᠤᠷᠢ ᠲᠠᠢ ᠪᠠᠶᠢᠬᠤ ᠶᠢ ᠠᠮᠠᠯᠠᠬᠤ︔      ︵ᠬᠤᠶᠠᠷ︶ ᠲᠤᠬᠠᠶᠢᠯᠠᠭᠰᠠᠨ ᠠᠵᠢᠯ ᠤᠨ ᠶᠠᠪᠤᠴᠠ ᠳᠤ ᠪᠠᠨ ᠬᠠᠷᠢᠴᠠᠭᠠᠨ ᠤ ᠡᠷᠦᠬᠡ ᠲᠠᠢ ᠠᠰᠢᠭ ᠲᠤᠰᠠ ᠶᠢ ᠬᠤᠪᠢᠶᠠᠯᠴᠠᠨ ᠬᠦᠷᠲᠡᠬᠦ ᠪᠤᠶᠤ ᠲᠦᠭᠰᠢᠭᠦᠷᠢ ᠶᠢ ᠬᠠᠮᠲᠤ ᠳᠤ ᠪᠠᠨ ᠡᠭᠦᠷᠭᠡᠯᠡᠬᠦ ᠪᠠᠷ ᠪᠣᠯᠵᠣᠨ ᠲᠣᠭᠲᠠᠬᠤ︔      ︵ᠭᠤᠷᠪᠠ︶ ᠬᠠᠷᠢᠴᠠᠭᠠᠨ ᠤ ᠡᠷᠦᠬᠡ ᠶᠢ ᠣᠷᠣᠯᠠᠨ ᠠᠷᠠᠯᠵᠢᠶ᠎ᠠ ᠮᠠᠶᠢᠮᠠᠢ ᠬᠢᠬᠦ ᠲᠤᠭ᠎ᠠ ᠬᠡᠮᠵᠢᠶ᠎ᠡ᠂ ᠲᠦᠷᠦᠯ᠂ ᠦᠨ᠎ᠡ ᠬᠠᠩᠰᠢ ᠵᠢᠴᠢ ᠬᠤᠳᠠᠯᠳᠤᠨ ᠠᠪᠬᠤ ᠪᠤᠶᠤ ᠬᠤᠳᠠᠯᠳᠤᠬᠤ ᠶᠢ ᠨᠢ ᠲᠣᠭᠲᠠᠭᠠᠬᠤ ᠪᠦᠷᠢᠨ ᠡᠷᠬᠡ ᠲᠠᠢ ᠨᠠᠶᠢᠳᠠᠯᠭ᠎ᠠ ᠶᠢ ᠬᠦᠯᠢᠶᠡᠬᠦ︔      ︵ᠲᠦᠷᠪᠡ︶ ᠬᠠᠷᠢᠴᠠᠭᠠᠨ ᠤ ᠡᠷᠦᠭᠡ ᠶᠢᠨ ᠬᠦᠰᠡᠯ ᠰᠠᠨᠠᠭ᠎ᠠ ᠠᠴᠠ ᠵᠥᠷᠢᠴᠡᠵᠦ᠂ ᠬᠠᠷᠢᠴᠠᠭᠠᠨ ᠤ ᠡᠷᠦᠭᠡ ᠶᠢᠨ ᠨᠡᠷ᠎ᠡ ᠪᠠᠷ ᠠᠷᠠᠯᠵᠢᠶᠠᠯᠠᠬᠤ ᠠᠵᠢᠯᠯᠠᠭ᠎ᠠ ᠥᠷᠨᠢᠭᠦᠯᠬᠦ︔      ︵ᠲᠠᠪᠤ︶ ᠶᠠᠮᠠᠷᠪᠠ ᠠᠷᠭ᠎ᠠ ᠬᠡᠯᠪᠡᠷᠢ ᠪᠠᠷ ᠲᠤᠰ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠰᠢᠭᠤᠳ ᠪᠤᠶᠤ ᠲᠡᠮ ᠢᠶᠠᠷ ᠣᠷᠣᠯᠴᠠᠬᠤ︔      ︵ᠵᠢᠷᠭᠤᠭ᠎ᠠ︶ ᠬᠠᠷᠢᠴᠠᠭᠠᠨ ᠤ ᠡᠷᠦᠬᠡ ᠲᠠᠢ ᠮᠥᠷᠦᠢ ᠲᠠᠯᠪᠢᠬᠤ︔      ︵ᠳᠣᠯᠤᠭ᠎ᠠ︶ ᠭᠤᠷᠪᠠᠳᠠᠬᠢ ᠡᠲᠡᠭᠡᠳ ᠢᠶᠠᠷ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠠᠴᠠ ᠭᠠᠳᠠᠭᠤᠷ ᠬᠠᠷᠢᠴᠠᠭᠠᠨ ᠤ ᠡᠷᠦᠬᠡ ᠶᠢᠨ ᠪᠠᠯᠠ ᠮᠥᠩᠭᠦ ᠶᠢ ᠬᠠᠳᠠᠭᠠᠯᠠᠵᠤ ᠲᠠᠯᠪᠢᠬᠤ᠂ ᠡᠰᠡᠬᠦᠯ᠎ᠡ ᠪᠤᠰᠤᠳ ᠠᠷᠭ᠎ᠠ ᠮᠠᠶ᠋ᠢᠭ ᠢᠶᠠᠷ ᠬᠠᠷᠢᠴᠠᠭᠠᠨ ᠤ ᠡᠷᠦᠬᠡ ᠶᠢᠨ ᠠᠷᠠᠯᠵᠢᠶᠠᠨ ᠤ ᠪᠠᠯᠠ ᠮᠥᠩᠭᠦ ᠶᠢ ᠨᠡᠭᠦᠯᠭᠡᠨ ᠬᠡᠷᠡᠭᠯᠡᠬᠦ᠂ ᠡᠵᠡᠯᠡᠨ ᠬᠡᠷᠡᠭᠯᠡᠬᠦ︔      ︵ᠨᠠᠢᠮᠠ︶ ᠬᠤᠳᠠᠯ ᠬᠠᠭᠤᠷᠮᠠᠭ ᠪᠤᠶᠤ ᠪᠡᠯᠡ ᠣᠷᠣᠭᠤᠯᠤᠭᠴᠢ ᠶᠢ ᠪᠤᠷᠤᠭᠤ ᠵᠦᠭ ᠬᠥᠲᠥᠯᠬᠦ ᠮᠡᠳᠡᠭᠡ ᠵᠠᠩᠭᠢ ᠪᠠ ᠦᠨᠡᠨ ᠪᠤᠰᠤ ᠤᠬᠠᠭᠤᠯᠭ᠎ᠠ ᠶᠢ ᠬᠠᠩᠭᠠᠬᠤ᠂ ᠲᠠᠷᠬᠠᠭᠠᠬᠤ︔      ︵ᠶᠢᠰᠦ︶ ᠠᠷᠠᠯᠵᠢᠶᠠᠨ ᠤ ᠵᠥᠭᠡᠯᠡᠨ ᠬᠡᠷᠡᠭᠰᠡᠯ ᠢ ᠠᠰᠢᠭᠯᠠᠵᠤ ᠠᠵᠢᠯᠯᠠᠭᠠᠨ ᠤ ᠠᠷᠤ ᠲᠡᠪᠴᠡᠩ ᠢᠶᠠᠷ ᠵᠠᠬᠢᠷᠤᠨ ᠵᠢᠯᠣᠭᠤᠳᠬᠤ︔      ︵ᠠᠷᠪᠠ︶ ᠳᠤᠷ᠎ᠠ ᠪᠠᠷ ᠢᠶᠠᠨ ᠭᠠᠳᠠᠭᠰᠢ ᠬᠤᠷᠰᠢᠨ ᠡᠵᠡᠩᠨᠡᠬᠦ ᠪᠤᠶᠤ ᠡᠵᠡᠩᠨᠡᠯᠲᠡ ᠶᠢᠨ ᠡᠷᠬᠡ ᠶᠢ ᠭᠠᠳᠠᠭᠰᠢ  ᠳᠠᠭᠠᠭᠠᠴᠢᠯᠠᠭᠤᠯᠬᠤ︔      ︵ᠠᠷᠪᠠᠨ ᠨᠢᠭᠡ︶ ᠬᠤᠪᠢ ᠣᠷᠣᠭᠤᠯᠤᠭᠴᠢ᠂ ᠪᠣᠳᠠᠲᠠᠶ ᠬᠤᠪᠢ ᠡᠵᠡᠮᠳᠡᠭᠴᠢ ᠪᠤᠶᠤ ᠪᠤᠰᠤᠳ ᠬᠤᠯᠪᠣᠭᠳᠠᠬᠤ ᠲᠠᠯ᠎ᠠ ᠳᠤ ᠪᠡᠯᠡ ᠲᠣᠬᠢᠷᠠᠭᠤᠯᠭ᠎ᠠ ᠪᠤᠶᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠨ ᠥᠭᠴᠦ᠂ ᠣᠷᠣᠯᠠᠨ ᠭᠦᠢᠴᠡᠳᠭᠡᠬᠦ ᠪᠠᠶᠢᠭᠤᠯᠤᠮᠵᠢ ᠠᠴᠠ ᠬᠠᠤᠯᠢ ᠪᠤᠰᠤ ᠠᠰᠢᠭ ᠲᠤᠰᠠ ᠤᠯᠬᠤ︔      ︵ᠠᠷᠪᠠᠨ ᠬᠤᠶᠠᠷ︶ ᠬᠠᠷᠢᠴᠠᠭᠠᠨ ᠤ ᠡᠷᠦᠭᠡ ᠶᠢᠨ  ᠤᠭ ᠰᠠᠨᠠᠭ᠎ᠠ ᠠᠴᠠ ᠵᠥᠷᠢᠴᠡᠭᠰᠡᠨ ᠪᠤᠶᠤ ᠬᠠᠷᠢᠴᠠᠭᠠᠨ ᠤ ᠡᠷᠦᠬᠡ ᠶᠢᠨ ᠠᠰᠢᠭ ᠲᠤᠰᠠ ᠲᠠᠢ ᠬᠠᠷᠰᠢᠯᠳᠤᠭᠰᠠᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃      ᠳᠥᠷᠪᠡᠳᠦᠭᠡᠷ ᠪᠦᠯᠦᠭ  ᠬᠢᠨᠠᠯᠲᠠ ᠬᠠᠮᠢᠶᠠᠷᠤᠯᠲᠠ      ᠭᠤᠴᠢᠨ ᠬᠤᠶᠠᠳᠤᠭᠠᠷ ᠵᠦᠢᠯ  ᠬᠠᠮᠲᠤᠷᠠᠭᠰᠠᠨ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠲᠣᠭᠲᠠᠴᠠ ᠶᠣᠰᠣᠭᠠᠷ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄      ︵ᠨᠢᠭᠡ︶ ᠠᠷᠠᠯᠵᠢᠶᠠᠨ ᠤ ᠲᠠᠯᠠᠪᠤᠷ ᠭᠠᠵᠠᠷ ᠤᠨ ᠬᠥᠭᠵᠢᠯᠲᠡ ᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ︔      ︵ᠬᠤᠶᠠᠷ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠬᠤ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠭᠠᠨ ᠵᠢᠯᠣᠭᠤᠳᠴᠤ᠂ ᠪᠠᠶᠢᠴᠠᠭᠠᠨ᠂ ᠰᠢᠮᠳᠠᠭᠤᠯᠬᠤ ᠪᠠ ᠵᠣᠬᠢᠴᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ︔      ︵ᠳᠥᠷᠪᠡ︶ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ  ᠢᠯᠭᠠᠷᠠᠭᠤᠯᠤᠨ ᠴᠡᠭᠴᠡᠯᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠤᠰᠢᠶᠠᠨ ᠭᠦᠢᠴᠡᠳᠭᠡᠯᠭᠡᠬᠦ ᠠᠵᠢᠯ ᠢ ᠨᠠᠶᠢᠳᠠᠪᠤᠷᠢᠵᠢᠭᠤᠯᠬᠤ᠃      ᠭᠤᠴᠢᠨ ᠭᠤᠷᠪᠠᠳᠤᠭᠠᠷ ᠵᠦᠢᠯ  ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄      ︵ᠨᠢᠭᠡ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ  ᠪᠦᠷᠢᠯᠳᠦᠬᠦᠨ ᠨᠢᠭᠡᠴᠢ ᠶᠢ ᠰᠢᠮᠳᠠᠭᠤᠯᠵᠤ ᠪᠠᠶᠢᠭᠠᠳ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠥᠬᠦᠶ ᠲᠣᠭᠲᠠᠭᠠᠯ ᠢ ᠨᠠᠶᠢᠳᠠᠪᠤᠷᠢᠵᠢᠭᠤᠯᠬᠤ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠲᠡᠳᠡᠨ ᠲᠠᠢ ᠬᠠᠮᠵᠢᠯᠴᠠᠵᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠷᠤᠮᠵᠢᠭᠤᠯᠬᠤ ᠠᠵᠢᠯ ᠢ ᠥᠷᠨᠢᠭᠦᠯᠬᠦ︔      ︵ᠭᠤᠷᠪᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠯᠴᠠᠵᠤ ᠰᠤᠭᠤᠴᠢᠨ ᠪᠠᠶᠢᠴᠠᠭᠠᠬᠤ  ᠬᠢᠬᠡᠳ ᠲᠣᠭᠲᠠᠭᠠᠯ ᠳᠤ ᠨᠡᠶᠢᠴᠡᠭᠦᠯᠵᠦ ᠬᠠᠮᠲᠤᠷᠠᠨ ᠵᠥᠪᠳᠡᠯᠴᠡᠬᠦ ᠶᠢ ᠵᠣᠬᠢᠶᠠᠨ ᠪᠠᠶᠢᠭᠤᠯᠵᠤ᠂ ᠣᠯᠵᠤ ᠮᠡᠳᠡᠭᠰᠡᠨ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠠᠢ ᠬᠠᠮᠲᠤᠷᠠᠯᠴᠠᠵᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠤᠨ ᠵᠣᠬᠢᠴᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠴᠠᠭ ᠲᠤᠬᠠᠶ ᠲᠤ ᠨᠢ ᠰᠢᠢᠳᠪᠦᠷᠢᠯᠡᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ︔      ︵ᠳᠥᠷᠪᠡ︶ ᠰᠠᠯᠠᠭ᠎ᠠ ᠮᠥᠴᠢᠷ ᠠᠯᠤᠰᠯᠠᠭᠰᠠᠨ ᠠᠷᠠᠯᠵᠢᠶᠠᠨ ᠤ ᠲᠠᠯᠠᠪᠤᠷ ᠭᠠᠵᠠᠷ ᠤᠨ ᠪᠦᠷᠢᠳᠭᠡᠵᠦ ᠬᠢᠨᠠᠨ ᠰᠢᠨᠵᠢᠬᠦ ᠪᠠ ᠲᠦᠭᠰᠢᠭᠦᠷᠢ ᠰᠡᠷᠡᠮᠵᠢᠯᠡᠭᠦᠯᠬᠦ ᠲᠠᠪᠴᠠᠩ ᠢ ᠲᠦᠷᠦᠭᠦᠯᠡᠨ ᠪᠠᠶᠢᠭᠤᠯᠬᠤ︔      ︵ᠲᠠᠪᠤ︶ ᠬᠠᠮᠲᠤᠷᠠᠭᠰᠠᠨ ᠬᠤᠷᠠᠯ ᠤᠨ ᠲᠤᠰᠢᠶᠠᠨ ᠭᠦᠢᠴᠡᠳᠭᠡᠯᠭᠡᠬᠦ ᠪᠤᠰᠤᠳ ᠠᠵᠢᠯ ᠢ ᠬᠠᠷᠢᠭᠤᠴᠠᠬᠤ᠃      ᠭᠤᠴᠢᠨ ᠳᠥᠷᠪᠡᠳᠦᠭᠡᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠰᠡᠷᠭᠡᠶᠢᠯᠡᠬᠦ ᠪᠠ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠬᠦ ᠬᠡᠷᠡᠭᠲᠡᠢ᠂ ᠲᠤᠰ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠠᠯᠵᠢᠶᠠᠨ ᠤ ᠲᠠᠯᠠᠪᠤᠷ ᠭᠠᠵᠠᠷ ᠤᠨ ᠲᠦᠭᠰᠢᠭᠦᠷᠢ ᠰᠢᠢᠳᠪᠦᠷᠢᠯᠡᠬᠦ ᠪᠡᠯᠡᠳᠬᠡᠯ ᠲᠥᠰᠦᠯ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ᠂ ᠲᠤᠰᠬᠠᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ᠠᠶᠢᠮᠠᠭ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠢ ᠲᠣᠳᠣᠷᠬᠠᠶᠢᠯᠠᠵᠤ᠂ ᠲᠦᠭᠰᠢᠭᠦᠷᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠪᠣᠳᠠᠲᠠᠶ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠯ ᠲᠠᠢ ᠡᠵᠡᠩᠨᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠭᠤᠴᠢᠨ ᠲᠠᠪᠤᠳᠤᠭᠠᠷ ᠵᠦᠢᠯ  ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠨᠢ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠠᠮᠵᠢᠯᠴᠠᠵᠤ ᠬᠢᠨᠠᠨ ᠬᠠᠮᠢᠶᠠᠷᠬᠤ ᠠᠵᠢᠯ ᠬᠢᠵᠦ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠲᠣᠰ ᠲᠣᠰ ᠭᠦᠢᠴᠡᠳᠭᠡᠬᠦ ᠬᠡᠷᠡᠭᠲᠡᠢ᠄      ︵ᠨᠢᠭᠡ︶ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠬᠤ᠂ ᠰᠢᠮᠳᠠᠭᠤᠯᠬᠤ᠂ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠂ ᠠᠷᠠᠯᠵᠢᠶᠠᠨ ᠤ ᠲᠠᠯᠠᠪᠤᠷ ᠭᠠᠵᠠᠷ ᠲᠤ ᠡᠭᠦᠰᠴᠦ ᠮᠡᠳᠡᠬᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠡᠮᠵᠢᠯᠡᠭᠦᠯᠦᠨ ᠰᠠᠨᠠᠭᠤᠯᠵᠤ᠂ ᠢᠯᠭᠠᠷᠠᠭᠤᠯᠤᠨ ᠴᠡᠭᠴᠡᠯᠡᠬᠦ ᠪᠠ ᠲᠥᠷᠥᠯ ᠬᠤᠪᠢᠶᠠᠨ ᠰᠢᠢᠳᠪᠦᠷᠢᠯᠡᠬᠦ ᠶᠢ ᠰᠢᠮᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠳᠠᠮᠵᠢᠭᠤᠯᠬᠤ ᠪᠠ ᠲᠤᠰᠬᠠᠶ ᠮᠡᠷᠭᠡᠵᠢᠯ ᠤᠨ ᠳᠡᠮᠵᠢᠯᠭᠡ ᠬᠠᠩᠭᠠᠨ᠂ ᠡᠨᠡ ᠬᠦ ᠲᠠᠯ᠎ᠠ ᠶᠢᠨ ᠡᠷᠬᠡ ᠲᠠᠢ ᠰᠠᠯᠠᠭ᠎ᠠ ᠮᠥᠴᠢᠷ ᠤᠨ ᠬᠠᠮᠵᠢᠯᠴᠠᠬᠤ ᠭᠤᠶᠤᠴᠢᠯᠠᠯ ᠢ ᠴᠠᠭ ᠲᠤᠬᠠᠶ ᠳᠤ ᠨᠢ ᠳᠠᠭᠠᠭᠠᠨ ᠵᠠᠯᠭᠠᠭᠤᠯᠵᠤ᠂ ᠠᠷᠠᠯᠵᠢᠶᠠᠨ ᠤ ᠲᠠᠯᠠᠪᠤᠷ ᠭᠠᠵᠠᠷ ᠲᠠᠬᠢ ᠶᠠᠪᠤᠭᠳᠠᠵᠤ ᠮᠡᠳᠡᠬᠦ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠶᠢᠨ ᠰᠢᠨᠵᠢ ᠴᠢᠨᠠᠷ ᠲᠤ ᠮᠠᠭᠠᠳᠯᠠᠨ ᠲᠣᠭᠲᠠᠭᠠᠯᠲᠠ ᠬᠢᠬᠦ ᠶᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠢ ᠬᠠᠪᠰᠤᠷᠴᠤ ᠠᠷᠠᠯᠵᠢᠶᠠᠨ ᠤ ᠲᠠᠯᠠᠪᠤᠷ ᠭᠠᠵᠠᠷ ᠲᠠᠬᠢ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠬᠠᠤᠯᠢ ᠪᠤᠰᠤ ᠪᠠᠷ ᠠᠷᠠᠯᠵᠢᠶᠠᠯᠠᠬᠤ ᠠᠵᠢᠯᠯᠠᠭ᠎ᠠ ᠶᠢ ᠰᠢᠢᠳᠪᠦᠷᠢᠯᠡᠵᠦ ᠰᠢᠮᠳᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠷᠠᠯᠵᠢᠶᠠᠨ ᠤ ᠲᠠᠯᠠᠪᠤᠷ ᠭᠠᠵᠠᠷ ᠢ ᠪᠠᠶᠢᠭᠤᠯᠬᠤ᠂ ᠨᠡᠷᠡᠶᠢᠳᠦᠯ ᠢ ᠨᠢ ᠬᠤᠪᠢᠷᠠᠭᠠᠬᠤ᠂ ᠬᠦᠴᠦᠨ ᠥᠬᠡᠶ ᠪᠣᠯᠭᠠᠬᠤ ᠵᠡᠷᠭᠡ ᠴᠢᠬᠤᠯᠠ ᠶᠡᠭᠡ ᠵᠦᠢᠯᠡᠰ ᠢ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠢ︔ ᠠᠷᠠᠯᠵᠢᠶᠠᠨ ᠤ ᠲᠠᠯᠠᠪᠤᠷ ᠭᠠᠵᠠᠷ ᠵᠢᠴᠢ ᠲᠡᠳᠡᠭᠡᠷ ᠤᠨ ᠭᠡᠰᠢᠭᠦᠳ᠂ ᠣᠷᠣᠯᠠᠬᠤ ᠬᠤᠳᠠᠯᠳᠤᠭᠠᠴᠢᠨ᠂ ᠡᠷᠬᠡ ᠣᠯᠭᠤᠭᠰᠠᠨ ᠦᠢᠯᠡᠴᠢᠯᠡᠬᠦ ᠪᠠᠶᠢᠭᠤᠯᠤᠮᠵᠢ ᠵᠡᠷᠭᠡ ᠶᠢᠨ ᠵᠠᠷ ᠮᠡᠳᠡᠭᠡ ᠶᠢ ᠨᠢ ᠬᠢᠨᠠᠨ ᠰᠢᠨᠵᠢᠬᠦ ᠪᠠ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠠᠷᠠᠯᠵᠢᠶᠠᠨ ᠤ ᠲᠠᠯᠠᠪᠤᠷ ᠭᠠᠵᠠᠷ ᠵᠢᠴᠢ ︽ᠸᠢᠴᠠᠲ ᠦᠵᠦᠭᠦᠷ︾ ᠤᠨ ᠠᠷᠠᠯᠵᠢᠶᠠᠨ ᠤ ᠲᠠᠪᠴᠠᠩ ᠳᠠᠬᠢ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢ ᠬᠠᠷᠢᠭᠤᠴᠠᠬᠤ ᠬᠡᠷᠡᠭᠲᠡᠢ ︔ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠷᠰᠢᠨ ᠬᠠᠮᠵᠢᠯᠴᠠᠬᠤ ᠶᠢ ᠴᠢᠩᠭᠠᠳᠬᠠᠨ᠂ ᠠᠷᠠᠯᠵᠢᠶᠠᠨ ᠤ ᠲᠠᠯᠠᠪᠤᠷ ᠭᠠᠵᠠᠷ ᠲᠠᠬᠢ ᠬᠠᠤᠯᠢ ᠶᠢ ᠵᠥᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠰᠦᠪᠡᠭᠴᠢ ᠶᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠠᠷᠠᠯᠵᠢᠶᠠᠨ ᠤ ᠲᠠᠯᠠᠪᠤᠷ ᠭᠠᠵᠠᠷ ᠲᠤ ᠶᠠᠯ᠎ᠠ ᠬᠢᠭᠰᠡᠨ ᠢᠶᠠᠷ ᠰᠡᠵᠢᠭᠯᠡᠭᠳᠡᠭᠰᠡ ᠢ ᠬᠠᠮᠢᠶ᠎ᠠ ᠪᠦᠬᠦᠢ ᠰᠠᠯᠠᠭ᠎ᠠ ᠮᠥᠴᠢᠷ ᠰᠢᠯᠵᠢᠭᠦᠯᠦᠨ ᠢᠷᠡᠭᠦᠯᠦᠭᠰᠡᠨ ᠪᠠ ᠥᠪᠡᠰᠦᠪᠡᠨ ᠣᠯᠵᠤ ᠮᠡᠳᠡᠭᠰᠡᠨ ᠪᠠᠶᠢᠪᠠᠯ᠂ ᠬᠠᠤᠯᠢ ᠶᠣᠰᠣᠭᠠᠷ ᠪᠠᠶᠢᠴᠠᠭᠠᠨ ᠲᠣᠳᠣᠯᠠᠬᠤ ᠬᠡᠷᠡᠭᠲᠡᠢ︔      ︵ᠳᠥᠷᠪᠡ︶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶᠠᠨ ᠳᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠶᠢ ᠬᠠᠷᠢᠭᠤᠴᠠᠨ ᠰᠢᠮᠳᠠᠭᠤᠯᠵᠤ ᠪᠠᠶᠢᠭᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠢ ᠢᠯᠭᠠᠷᠠᠭᠤᠯᠤᠨ ᠴᠡᠭᠴᠡᠯᠡᠬᠦ ᠠᠵᠢᠯ ᠤᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠷᠠᠯᠵᠢᠶᠠᠨ ᠤ ᠲᠠᠯᠠᠪᠤᠷ ᠭᠠᠵᠠᠷ ᠤᠨ ᠲᠥᠷᠥᠯ ᠪᠦᠬᠦᠢ ᠣᠨᠴᠠ ᠤᠷᠢᠭᠰᠠᠨ ᠬᠤᠳᠠᠯᠳᠤᠭᠠᠴᠢᠨ ᠡᠷᠦᠬᠡ ᠶᠢᠨ ᠬᠢᠷᠢ ᠬᠡᠮ ᠢ ᠬᠢᠨᠠᠨ ᠬᠠᠷᠭᠤᠭᠤᠯᠬᠤ ᠪᠠ ᠲᠦᠭᠰᠢᠭᠦᠷᠢ ᠶᠢ ᠨᠢ ᠬᠢᠨᠠᠨ ᠰᠢᠨᠵᠢᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠥᠬᠡᠶ ᠠᠷᠠᠯᠵᠢᠶᠠᠨ ᠤ ᠲᠠᠯᠠᠪᠤᠷ ᠭᠠᠵᠠᠷ ᠲᠤ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠶᠢ ᠴᠢᠩᠭ᠎ᠠ ᠬᠤᠷᠢᠭᠯᠠᠬᠤ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ ᠢ ᠵᠢᠩᠬᠢᠨᠢ ᠪᠠᠷ ᠮᠠᠭᠠᠳᠯᠠᠨ ᠲᠣᠭᠲᠠᠭᠠᠬᠤ ᠪᠢᠴᠢᠭ ᠮᠠᠲ᠋ᠧᠷᠢᠶᠠᠯ ᠪᠠ ᠰᠢᠢᠳᠪᠦᠷᠢᠯᠡᠬᠦ ᠲᠥᠰᠦᠯ ᠢ ᠦᠨᠳᠦᠰᠦᠯᠡᠵᠦ᠂ ᠬᠠᠷᠢᠶᠠᠨ ᠳᠠᠬᠢ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠣᠭᠠᠴᠠᠭ᠎ᠠ ᠬᠢᠬᠦ ᠪᠠᠶᠢᠭᠤᠯᠤᠮᠵᠢ ᠳᠤ ᠪᠠᠨ ᠮᠡᠳᠡᠭᠳᠡᠬᠦ ᠶᠢᠨ ᠬᠠᠮᠲᠤ ᠲᠡᠳᠡᠨ ᠢ ᠰᠢᠮᠳᠠᠭᠤᠯᠵᠤ ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ ᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ  ᠨᠢ ᠬᠤᠭᠤᠴᠠᠭ᠎ᠠ ᠬᠢᠵᠠᠭᠠᠷᠯᠠᠨ ᠵᠣᠭᠰᠣᠭᠠᠬᠤ ᠬᠡᠷᠡᠭᠲᠡᠢ︔      ︵ᠲᠠᠪᠤ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠭᠠᠵᠠᠷ ᠢᠶᠠᠷ ᠬᠠᠮᠢᠶᠠᠷᠤᠭᠤᠯᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠵᠥᠪᠰᠢᠶᠡᠷᠡᠭᠦᠯᠦᠭᠰᠡᠨ ᠥᠬᠡᠶ ᠪᠣᠯᠪᠠᠴᠤ ᠨᠢᠭᠡᠨᠲᠡ ᠲᠡᠮᠳᠡᠭᠯᠡᠭᠦᠯᠵᠦ ᠳᠠᠩᠰᠠᠯᠠᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠢ ᠪᠣᠯ ᠳᠠᠩᠰᠠᠯᠠᠭᠰᠠᠨ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ︔ ᠲᠡᠮᠳᠡᠭᠯᠡᠭᠦᠯᠵᠦ ᠳᠠᠩᠰᠠᠯᠠᠭᠤᠯᠤᠭᠰᠠᠨ ᠦᠭᠡᠢ ᠪᠠᠷ ᠲᠤᠬᠠᠶᠢᠯᠠᠭᠰᠠᠨ ᠠᠵᠢᠯ ᠢᠶᠠᠨ ᠪᠣᠳᠠᠲᠠᠶ ᠥᠷᠨᠢᠭᠦᠯᠦᠭᠰᠡᠨ ᠠᠷᠠᠯᠵᠢᠶᠠᠨ ᠤ ᠲᠠᠯᠠᠪᠤᠷ ᠭᠠᠵᠠᠷ ᠢ ᠪᠣᠯ ᠪᠣᠳᠠᠲᠠᠶ ᠡᠵᠡᠩᠨᠡᠨ ᠠᠵᠢᠯᠯᠠᠵᠤ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃      ᠭᠤᠴᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠶᠢᠮᠠᠭ ᠬᠤᠳᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠷᠠᠯᠵᠢᠶᠠᠨ ᠤ ᠲᠠᠯᠠᠪᠤᠷ ᠭᠠᠵᠠᠷ ᠲᠤ ᠲᠤᠬᠠᠢ ᠶᠢᠨ ᠲᠠᠯᠠᠪᠠᠢ ᠶᠢᠨ ᠵᠢᠴᠢ ᠲᠤᠬᠠᠢ ᠶᠢᠨ ᠲᠠᠯᠠᠪᠠᠢ ᠶᠢᠨ ᠪᠤᠰᠤ ᠪᠠᠶᠢᠴᠠᠭᠠᠯᠲᠠ ᠬᠢᠵᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠪᠠ ᠲᠤᠬᠠᠶ ᠶᠢᠨ ᠲᠠᠯᠠᠪᠠᠢ ᠶᠢᠨ ᠪᠤᠰᠤ ᠪᠠᠶᠢᠴᠠᠭᠠᠯᠲᠠ ᠬᠢᠬᠦ ᠬᠡᠷᠡᠭᠲᠡᠶ᠃ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠬᠢᠬᠦ ᠳᠤ ᠳᠣᠤᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄      ︵ᠨᠢᠭᠡ︶ ᠲᠤᠬᠠᠶ ᠶᠢᠨ ᠲᠠᠯᠠᠪᠠᠢ ᠳᠤ ᠨᠢ ᠣᠴᠢᠵᠤ ᠪᠠᠶᠢᠴᠠᠭᠠᠯᠲᠠ ᠬᠢᠵᠦ ᠭᠡᠷᠡᠴᠢ ᠣᠯᠬᠤ︔      ︵ᠬᠤᠶᠠᠷ︶ ᠲᠤᠬᠠᠶᠢᠲᠠᠢ ᠬᠥᠮᠦᠨ ᠵᠢᠴᠢ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠠᠴᠠ ᠯᠠᠪᠯᠠᠨ ᠠᠰᠠᠭᠤᠵᠤ᠂ ᠪᠠᠶᠢᠴᠠᠭᠠᠭᠳᠠᠵᠤ ᠪᠠᠶᠢᠬᠤ ᠬᠡᠷᠡᠭ ᠤᠨ ᠬᠤᠯᠪᠣᠭᠳᠠᠯ ᠪᠦᠬᠦᠢ ᠵᠦᠢᠯᠡᠰ ᠲᠤ ᠲᠣᠳᠣᠷᠬᠠᠶᠢᠯᠠᠯᠲᠠ ᠬᠢᠬᠦ ᠶᠢ ᠱᠠᠭᠠᠷᠳᠠᠬᠤ︔      ︵ᠭᠤᠷᠪᠠ︶ ᠠᠷᠠᠯᠵᠢᠶᠠᠨ ᠤ ᠲᠠᠯᠠᠪᠤᠷ ᠭᠠᠵᠠᠷ ᠤᠨ ᠳᠡᠭᠡᠳᠦ ᠳᠡᠰ ᠤᠨ ᠬᠠᠮᠢᠶᠠᠷᠤᠭᠴᠢ ᠵᠢᠴᠢ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠪᠤᠰᠤᠳ ᠠᠵᠢᠯᠲᠠᠨ ᠲᠠᠢ ᠪᠣᠯᠵᠣᠨ ᠶᠠᠷᠢᠯᠴᠠᠬᠤ︔      ︵ᠲᠦᠷᠪᠡ︶ ᠪᠠᠶᠢᠴᠠᠭᠠᠭᠳᠠᠵᠤ ᠪᠠᠶᠢᠬᠤ ᠬᠡᠷᠡᠭ ᠲᠤ ᠬᠤᠯᠪᠣᠭᠳᠠᠭᠰᠠᠨ ᠡᠳ᠋ ᠬᠦᠷᠦᠩᠭᠡ ᠶᠢᠨ ᠡᠷᠬᠡ ᠶᠢ ᠳᠠᠩᠰᠠᠯᠠᠨ ᠲᠡᠮᠳᠡᠭᠯᠡᠭᠰᠡᠨ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠭᠤᠯᠪᠤᠷᠢᠯᠠᠨ ᠠᠪᠬᠤ︔      ︵ᠲᠠᠪᠤ︶ ᠠᠷᠠᠯᠵᠢᠶᠠᠨ ᠤ ᠲᠠᠯᠠᠪᠤᠷ ᠭᠠᠵᠠᠷ ᠤᠨ ᠠᠷᠠᠯᠵᠢᠶᠠᠯᠠᠬᠤ ᠰᠢᠰᠲ᠋ᠧᠮ ᠵᠢᠴᠢ ᠠᠷᠤ ᠲᠠᠪᠴᠠᠩ ᠤᠨ ᠲᠦᠬᠦᠭᠡᠷᠦᠮᠵᠢ ᠶᠢ ᠪᠠᠶᠢᠴᠠᠭᠠᠬᠤ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃      ᠠᠷᠠᠯᠵᠢᠶᠠᠨ ᠤ ᠲᠠᠯᠠᠪᠤᠷ ᠭᠠᠵᠠᠷ ᠨᠢ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠳᠤ ᠢᠳᠡᠪᠬᠢᠲᠡᠢ ᠬᠠᠮᠵᠢᠯᠴᠠᠬᠤ ᠬᠡᠷᠡᠭᠲᠡᠶ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃      ᠭᠤᠴᠢᠨ ᠳᠣᠯᠣᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠨᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠰᠠᠷ᠎ᠠ᠂ ᠤᠯᠠᠷᠢᠯ᠂ ᠣᠨ ᠤ ᠡᠵᠡᠩᠨᠡᠯᠲᠡ ᠶᠢᠨ ᠮᠡᠳᠡᠭᠦᠯᠦᠯᠲᠡ᠂ ᠬᠢᠨᠠᠨ ᠪᠤᠳᠤᠯᠲᠠ ᠶᠢᠨ ᠮᠡᠳᠡᠭᠦᠯᠦᠯᠲᠡ ᠵᠢᠴᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠭᠰᠠᠨ ᠪᠤᠰᠤᠳ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠪᠡᠯᠡᠨ ᠪᠠᠷᠠᠭᠠᠨ ᠤ ᠲᠥᠷᠥᠯ ᠳᠤ ᠪᠠᠭᠲᠠᠭᠳᠠᠬᠤ ᠬᠠᠮᠢᠶ᠎ᠠ ᠪᠥᠬᠦᠶ ᠮᠠᠲ᠋ᠧᠷᠢᠶᠠᠯ ᠢ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠮᠡᠳᠡᠭᠦᠯᠦᠨ ᠬᠦᠷᠭᠡᠬᠦ ᠬᠡᠷᠡᠭᠲᠡᠶ︔ ᠴᠢᠬᠤᠯᠠ ᠶᠡᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠴᠠᠭ ᠲᠤᠬᠠᠶ ᠳᠤ ᠨᠢ ᠮᠡᠳᠡᠭᠦᠯᠵᠦ᠂ ᠪᠡᠯᠡᠨ ᠪᠠᠷᠠᠭᠠᠨ ᠤ ᠲᠥᠷᠥᠯ ᠳᠤ ᠪᠠᠭᠲᠠᠭᠳᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠵᠡᠷᠭᠡ ᠳᠤ ᠨᠢ ᠮᠡᠳᠡᠭᠦᠯᠬᠦ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠤᠨ ᠨᠡᠶᠢᠲᠡᠯᠡᠭᠰᠡᠨ᠂ ᠮᠡᠳᠡᠭᠦᠯᠵᠦ ᠬᠦᠷᠭᠡᠭᠰᠡᠨ ᠪᠤᠶᠤ ᠬᠠᠩᠭᠠᠵᠤ ᠥᠭᠭᠦᠭᠰᠡᠨ ᠮᠠᠲ᠋ᠧᠷᠢᠶᠠᠯ ᠪᠠ ᠮᠡᠳᠡᠭᠡ ᠵᠠᠩᠭᠢ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠲᠡᠮᠳᠡᠭᠯᠡᠭᠰᠡᠨ᠂ ᠪᠤᠷᠤᠭᠤ ᠬᠥᠲᠥᠯᠬᠦ ᠴᠢᠨᠠᠷᠲᠠᠶ ᠲᠣᠭᠠᠴᠢᠯᠲᠠ ᠬᠢᠬᠦ ᠪᠤᠶᠤ ᠴᠢᠬᠤᠯᠠ ᠶᠡᠭᠡ ᠵᠦᠢᠯᠡᠰ ᠢ ᠣᠷᠬᠢᠭᠳᠠᠭᠤᠯᠤᠭᠰᠠᠨ ᠪᠠᠶᠢᠵᠤ ᠪᠣᠯᠬᠤ ᠦᠭᠡᠢ᠃      ᠭᠤᠴᠢ ᠶᠢᠰᠦᠳᠦᠭᠡᠷ ᠵᠦᠢᠯ  ᠬᠤᠳᠠᠯᠳᠤᠭᠠᠨ ᠤ ᠪᠠᠩᠬᠢ᠂ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠳᠠᠭᠠᠳᠬᠠᠯ ᠤᠨ ᠺᠣᠮᠫᠠᠨᠢ᠂ ᠢᠲᠡᠭᠡᠮᠵᠢᠲᠦ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠣᠭᠲᠠᠭᠠᠯ ᠢ ᠵᠥᠷᠢᠴᠡᠵᠦ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠲᠤ ᠳᠠᠩᠰᠠᠨ ᠡᠷᠦᠬᠡ ᠨᠡᠭᠡᠭᠡᠬᠦ᠂ ᠳᠠᠭᠠᠭᠠᠨ ᠪᠣᠷᠣᠯᠠᠭᠤᠯᠬᠤ᠂ ᠨᠠᠶᠢᠳᠠᠨ ᠬᠠᠮᠢᠶᠠᠷᠤᠭᠤᠯᠬᠤ᠂ ᠡᠳ᠋ ᠬᠥᠷᠥᠩᠭᠡ ᠰᠢᠯᠵᠢᠭᠦᠯᠬᠦ᠂ ᠣᠷᠣᠯᠠᠨ ᠬᠤᠳᠠᠯᠳᠤᠵᠤ ᠠᠪᠬᠤ ᠪᠠ ᠬᠤᠳᠠᠯᠳᠤᠬᠤ᠂ ᠪᠠᠯᠠ ᠣᠷᠣᠭᠤᠯᠤᠯᠲᠠ ᠶᠢᠨ ᠲᠠᠯ᠎ᠠ ᠪᠠᠷ ᠬᠢ ᠠᠰᠠᠭᠤᠨ ᠯᠠᠪᠯᠠᠬᠤ᠂ ᠳᠠᠭᠠᠳᠬᠠᠯ ᠵᠡᠷᠭᠡ ᠦᠢᠯᠡᠴᠢᠯᠡᠭᠡ ᠬᠠᠩᠭᠠᠨ ᠥᠭᠴᠦ ᠪᠣᠯᠬᠤ ᠥᠬᠡᠶ᠃      ᠳᠥᠴᠢᠳᠦᠭᠡᠷ ᠵᠦᠢᠯ  ᠠᠷᠠᠯᠵᠢᠶᠠᠨ ᠤ ᠲᠠᠯᠠᠪᠤᠷ ᠭᠠᠵᠠᠷ ᠤᠨ ᠡᠵᠡᠩᠨᠡᠬᠦ ᠶᠠᠪᠤᠴᠠ ᠳᠤ᠂ ᠬᠡᠷᠪᠡ ᠲᠣᠰ ᠠᠷᠭ᠎ᠠ ᠶᠢ ᠵᠥᠷᠢᠴᠡᠭᠰᠡᠨ ᠪᠤᠶᠤ ᠪᠤᠰᠤᠳ ᠬᠠᠤᠯᠢ ᠪᠠ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ  ᠦᠪᠡᠷᠳᠡᠬᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠠᠳ ᠬᠠᠤᠯᠢ ᠶᠣᠰᠣᠭᠠᠷ ᠳᠣᠣᠷᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠬᠤ ᠶᠢᠨ ᠬᠠᠮᠲᠤ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠄      ︵ᠨᠢᠭᠡ︶ ᠲᠦᠭᠰᠢᠭᠦᠷᠢ ᠶᠢ ᠰᠠᠨᠠᠭᠤᠯᠬᠤ︔      ︵ᠬᠤᠶᠠᠷ︶ ᠬᠢᠨᠠᠨ ᠬᠠᠮᠢᠶᠠᠷᠴᠤ ᠶᠠᠷᠢᠯᠴᠠᠬᠤ︔      ︵ᠭᠤᠷᠪᠠ︶ ᠰᠡᠷᠡᠮᠵᠢᠯᠡᠭᠦᠯᠬᠦ ᠪᠢᠴᠢᠭ ᠭᠠᠷᠭᠠᠵᠤ ᠥᠭᠬᠦ︔      ︵ᠳᠥᠷᠪᠡ︶ ᠲᠣᠭᠲᠠᠭᠠᠯ ᠢ ᠵᠥᠷᠢᠴᠡᠵᠦ ᠠᠷᠠᠯᠵᠢᠶᠠᠯᠠᠭᠰᠠᠨ ᠵᠦᠢᠯ ᠢ ᠨᠢ ᠬᠦᠴᠦᠨ ᠥᠬᠡᠶ ᠪᠣᠯᠭᠠᠬᠤ ᠪᠠ ᠲᠣᠭᠲᠠᠭᠠᠯ ᠢ ᠵᠥᠷᠢᠴᠡᠵᠦ ᠡᠵᠡᠩᠨᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠶᠢᠨ ᠳᠠᠭᠠᠤ᠂ ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠬᠤ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠤᠭᠰᠠᠨ ᠪᠠᠶᠢᠬᠤ᠃      ᠬᠤᠭᠤᠴᠠᠭ᠎ᠠ ᠬᠢᠵᠠᠭᠠᠷ ᠨᠢ ᠥᠩᠭᠡᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠤᠶᠤ ᠴᠡᠭᠴᠡᠯᠡᠵᠦ ᠰᠠᠶᠢᠵᠢᠷᠠᠭᠤᠯᠤᠭᠰᠠᠨ ᠦᠭᠡᠢ ᠪᠠᠶᠢᠪᠠᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ  ᠵᠥᠪᠰᠢᠶᠡᠷᠡᠭᠦᠯᠦᠭᠡᠳ ᠡᠵᠡᠩᠨᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂ ᠬᠠᠤᠯᠢ ᠶᠣᠰᠣᠭᠠᠷ ᠬᠠᠭᠠᠵᠤ ᠵᠣᠭᠰᠣᠭᠠᠬᠤ ᠪᠤᠶᠤ ᠬᠦᠴᠦᠨ ᠦᠭᠡᠢ ᠪᠣᠯᠭᠠᠬᠤ ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ ᠡᠷᠡᠭᠦᠤ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ ᠰᠢᠢᠳᠬᠡᠭᠰᠡᠨ ᠬᠠᠮᠢᠶ᠎ᠠ ᠪᠦᠬᠦᠢ ᠦᠷ᠎ᠡ ᠳ᠋ᠦᠩ ᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠵᠡᠷᠭᠡ ᠳᠤ ᠨᠢ ᠬᠠᠭᠤᠯᠤᠨ ᠢᠯᠡᠭᠡᠬᠦ ᠬᠡᠷᠡᠭᠲᠡᠶ᠃      ᠲᠠᠪᠤᠳᠤᠭᠠᠷ ᠪᠦᠯᠦᠭ  ᠳᠠᠭᠠᠯᠳᠤᠭᠤᠯᠤᠯ ᠲᠦᠷᠢᠮ      ᠳᠥᠴᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠲᠥᠷᠥᠯ ᠤᠨ ᠭᠤᠣᠯᠴᠢᠯᠠᠨ  ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠤᠨ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠶᠠᠮᠤᠨ ᠵᠥᠪᠯᠡᠯ ᠤᠨ ᠲᠥᠷᠥ ᠶᠢᠨ ᠪᠤᠳᠤᠯᠭ᠎ᠠ ᠲᠣᠭᠲᠠᠭᠠᠯ ᠲᠥᠷᠢᠮ ᠪᠠ ᠲᠤᠰ ᠠᠷᠭ᠎ᠠ ᠶᠢ ᠦᠨᠳᠦᠰᠦᠯᠡᠨ᠂ ᠲᠣᠰ ᠠᠵᠢᠯ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠦᠷᠢᠮ ᠪᠠ ᠠᠵᠢᠯᠯᠠᠬᠤ ᠴᠤᠪᠤᠷᠠᠯ ᠢ ᠲᠣᠭᠲᠠᠭᠠᠵᠤ᠂ ᠠᠷᠠᠯᠵᠢᠶᠠᠨ ᠤ ᠲᠠᠯᠠᠪᠤᠷ ᠭᠠᠵᠠᠷ ᠤᠨ ᠵᠢᠷᠤᠮᠵᠢᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠢ᠃      ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠤᠯᠤᠰ ᠠᠴᠠ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃      ᠳᠥᠴᠢᠨ ᠬᠤᠶᠠᠳᠤᠭᠠᠷ ᠵᠦᠢᠯ  ᠲᠤᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠢ ᠵᠢᠷᠤᠮᠵᠢᠭᠤᠯᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠤᠭᠰᠠᠨ ᠠᠷᠠᠯᠵᠢᠶᠠᠨ ᠤ ᠲᠠᠯᠠᠪᠤᠷ ᠭᠠᠵᠠᠷ ᠲᠤ ᠪᠣᠯ ᠰᠢᠨ᠎ᠡ ᠪᠠᠷ ᠪᠠᠶᠢᠭᠤᠯᠬᠤ  ᠠᠷᠠᠯᠵᠢᠶᠠᠨ ᠤ ᠲᠠᠯᠠᠪᠤᠷ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃      ᠳᠥᠴᠢᠨ ᠭᠤᠷᠪᠠᠳᠤᠭᠠᠷ ᠵᠦᠢᠯ  ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2016 ︺ 99  ᠳ᠋ᠤᠬᠡᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃         ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ