ᠤᠯᠠᠭᠠᠨᠬᠠᠳᠠ ᠬᠤᠲᠠ 2000 ᠣᠶᠤᠲᠠᠨ ᠢ ᠤᠷᠢᠨ ᠭᠠᠴᠠᠭ᠎ᠠ ᠲᠣᠰᠬᠤᠨ ᠳᠤ ᠣᠴᠢᠭᠤᠯᠵᠤ ᠳᠠᠪᠲᠠᠨ ᠪᠣᠯᠪᠠᠰᠤᠷᠠᠭᠤᠯᠬᠤ ᠪᠠᠷ ᠪᠤᠢ
ᠨᠡᠶᠢᠲᠡᠯᠡᠭᠰᠡᠨ ᠴᠠᠭ᠄
2020/6/24
     ᠦᠨᠳᠦᠰᠦᠨ ᠱᠠᠲᠤᠨ ᠤ ᠬᠥᠮᠦᠨ ᠡᠯᠰᠡᠬᠦ ᠳᠤ ᠬᠦᠴᠢᠷ᠂ ᠦᠯᠡᠳᠡᠭᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠣᠷᠴᠢᠮᠬᠠᠨ ︽ᠭᠠᠴᠠᠭ᠎ᠠ ᠲᠣᠰᠬᠤᠨ ᠤ ᠳᠠᠪᠲᠠᠨ ᠪᠣᠯᠪᠠᠰᠤᠷᠠᠭᠤᠯᠬᠤ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠨ ᠨᠡᠶᠢᠲᠡᠯᠡᠵᠦ᠂ 2172 ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠵᠦ᠂ ᠤᠶᠤᠲᠠᠳ ᠢ ᠭᠠᠴᠠᠭ᠎ᠠ ᠲᠣᠰᠬᠤᠨ ᠳᠤ ᠲᠤᠰᠬᠠᠢ ᠤᠷᠢᠵᠤ ᠳᠠᠪᠲᠠᠨ ᠪᠣᠯᠪᠠᠰᠤᠷᠠᠭᠤᠯᠬᠤ ᠪᠠᠷ ᠪᠤᠢ᠃      ᠲᠠᠨᠢᠯᠴᠠᠭᠤᠯᠤᠭᠰᠠᠨ ᠢᠶᠠᠷ᠂ ᠤᠯᠠᠭᠠᠨᠬᠠᠳᠠ ᠬᠤᠲᠠ ᠪᠦᠬᠦ ᠬᠤᠲᠠ ᠶᠢᠨ ᠬᠡᠪᠴᠢᠶᠡᠨ ᠳᠤ ᠣᠷᠣᠨ ᠲᠣᠭᠠᠨ ᠤ ᠬᠥᠳᠡᠯᠦᠩᠭᠦᠢ ᠬᠠᠮᠢᠶᠠᠷᠤᠯᠲᠠ ᠬᠢᠵᠦ᠂ ᠨᠢᠭᠡᠳᠦᠯᠲᠡᠢ ᠲᠥᠯᠥᠪᠯᠡᠨ ᠬᠡᠷᠡᠭᠯᠡᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠠᠵᠢᠯ ᠦᠢᠯᠡᠰ ᠤᠨ ᠣᠷᠣᠨ ᠲᠤᠭ᠎ᠠ ᠶᠢ ᠨᠡᠮᠡᠵᠦ ᠬᠤᠪᠢᠶᠠᠷᠢᠯᠠᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ ᠡᠯᠰᠡᠬᠦ ᠪᠠᠷ ᠪᠠᠶᠢᠨ᠎ᠠ᠃ ᠡᠯᠰᠡᠭᠳᠡᠭᠰᠡᠨ ᠤ ᠳᠠᠷᠠᠭ᠎ᠠ᠂ ᠤᠶᠤᠲᠠᠳ ᠡᠬᠢᠨ ᠤ 5 ᠵᠢᠯ ᠳᠡᠭᠡᠨ ᠭᠠᠴᠠᠭ᠎ᠠ ᠲᠤᠰᠬᠤᠨ ᠳᠤ ︽ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠣᠨᠴᠠᠭᠠᠢ ᠠᠵᠢᠯ ᠤᠨ ᠪᠠᠶᠢᠷᠢ︾᠎ ᠶᠢᠨ ᠰᠢᠨᠵᠢ ᠴᠢᠨᠠᠷ ᠲᠠᠢ ᠠᠵᠢᠯ ᠤᠨ ᠪᠠᠶᠢᠷᠢᠨ ᠳᠤ ᠠᠵᠢᠯᠯᠠᠵᠤ᠂ ᠭᠠᠴᠠᠭ᠎ᠠ ᠲᠣᠰᠬᠤᠨ ᠤ ᠳᠡᠳ᠋ ᠱᠦᠵᠢ᠂ ᠱᠦᠵᠢ ᠶᠢᠨ ᠲᠤᠰᠠᠯᠠᠭᠴᠢ᠂ ᠡᠷᠬᠢᠯᠡᠭᠴᠢ ᠶᠢᠨ ᠲᠤᠰᠠᠯᠠᠭᠴᠢ ᠵᠡᠷᠭᠡ ᠲᠤᠰᠢᠶᠠᠯ ᠢ ᠡᠭᠦᠷᠭᠡᠯᠡᠨ᠂ ᠪᠡᠯᠡᠳᠬᠡᠯ ᠴᠢᠳᠠᠪᠤᠷᠢᠲᠠᠨ ᠢᠶᠠᠷ ᠭᠤᠤᠯᠳᠠᠯᠭ᠎ᠠ ᠲᠠᠢ ᠬᠥᠮᠥᠵᠢᠭᠦᠯᠦᠨ᠎ᠡ᠃      ᠡᠭᠦᠨ ᠤ ᠬᠠᠮᠲᠤ᠂ ᠤᠯᠠᠭᠠᠨᠬᠠᠳᠠ ᠬᠤᠲᠠ ᠮᠥᠷᠳᠡᠨ ᠬᠢᠨᠠᠨ ᠰᠢᠯᠭᠠᠵᠤ ᠦᠨᠡᠯᠡᠬᠦ ᠠᠷᠭ᠎ᠠ ᠶᠢ ᠲᠣᠭᠲᠠᠭᠠᠵᠤ᠂ ᠠᠵᠢᠯ ᠢᠶᠠᠨ ᠬᠢᠵᠦ ᠳᠡᠶᠢᠯᠬᠦ ᠤᠶᠤᠲᠠᠳ ᠢ ᠴᠠᠭ ᠲᠤᠬᠠᠶ ᠳᠤ ᠨᠢ ᠰᠣᠩᠭᠤᠭᠤᠯᠢ ᠪᠠᠷ ᠳᠠᠮᠵᠢᠭᠤᠯᠤᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠲᠤ ᠣᠷᠣᠭᠤᠯᠤᠨ᠎ᠠ︔ ᠰᠢᠯᠢᠳᠡᠭ ᠤᠶᠤᠲᠠᠳ ᠲᠤ ᠴᠠᠭ ᠲᠤᠬᠠᠶ ᠳᠤ ᠨᠢ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠡᠭᠦᠷᠭᠡᠯᠡᠭᠦᠯᠦᠨ᠎ᠡ︔ ᠣᠶᠤᠲᠠᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠭᠤᠷᠪᠠᠨ ᠵᠢᠯ ᠠᠴᠠ ᠳᠡᠭᠡᠭᠰᠢ ᠡᠭᠦᠷᠭᠡᠯᠡᠵᠦ᠂ ᠨᠥᠬᠦᠴᠡᠯ ᠪᠦᠷᠢᠯᠳᠦᠭᠦᠯᠦᠭᠰᠡᠳ ᠢ ᠨᠢ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠲᠤ ᠡᠩ ᠲᠡᠷᠢᠭᠦᠨ ᠳᠤ ᠳᠡᠪᠰᠢᠭᠦᠯᠦᠨ ᠣᠷᠣᠭᠤᠯᠵᠤ᠂ ᠦᠨᠳᠦᠰᠦᠨ ᠱᠠᠲᠤᠨ ᠳᠤ ᠴᠢᠳᠠᠪᠤᠷᠢᠲᠠᠨ ᠪᠣᠯᠵᠤ ᠴᠢᠳᠠᠬᠤ᠂ ᠰᠠᠶᠢᠲᠤᠷ ᠠᠵᠢᠯᠯᠠᠪᠠᠯ ᠭᠠᠷᠬᠤ ᠵᠠᠮ ᠲᠠᠢ ᠪᠠᠶᠢᠬᠤ ᠬᠥᠮᠦᠨ ᠰᠤᠩᠭᠤᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号