ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ ᠦᠨᠡᠯᠡᠨ ᠵᠢᠱᠢᠵᠦ ᠬᠠᠷᠢᠭᠤ | ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠪᠦᠬᠦ ᠬᠦᠴᠦᠨ ᠢᠶᠠᠷ | ᠬᠠᠮᠵᠢᠯᠴᠠᠵᠤ᠂ ᠠᠵᠤ ᠠᠬᠤᠶᠢᠯᠠᠯ ᠡᠷᠬᠢᠯᠡᠬᠦ ᠶᠠᠪᠤᠴᠠ ᠳᠤ ᠣᠷᠣᠰᠢᠵᠤ ᠪᠠᠶᠢᠭ᠎ᠠ ᠭᠤᠭᠴᠤᠭ᠎ᠠ ᠣᠯᠠᠨ᠂ ᠮᠠᠲ᠋ᠧᠷᠢᠶᠠᠯ | ᠣᠯᠠᠨ᠂ ᠴᠠᠭ ᠤᠨ ᠬᠢᠵᠠᠭᠠᠷ ᠤᠷᠲᠤ ᠪᠠᠶᠢᠬᠤ ᠠᠰᠠᠭᠤᠳᠠᠯ ᠢ ᠲᠥᠷᠥᠯ ᠳᠠᠷᠠᠭᠠᠯᠠᠨ ᠡᠮᠬᠢᠯᠡᠵᠦ᠂ ︽ᠪᠤᠭᠤᠲᠤ | ᠬᠤᠲᠠ ᠶᠢᠨ ᠠᠵᠤ ᠠᠬᠤᠶᠢᠯᠠᠯ ᠡᠷᠭᠢᠯᠡᠬᠦ ᠶᠢ ᠲᠥᠬᠦᠮ ᠪᠣᠯᠭᠠᠬᠤ ᠥᠭᠡᠷᠡᠴᠢᠯᠡᠯᠲᠡ ᠶᠢᠨ ᠲᠤᠬᠠᠶ ᠬᠡᠷᠡᠭᠵᠢᠭᠦᠯᠬᠦ ᠰᠠᠨᠠᠯ︾ | ᠢ ᠲᠤᠭᠤᠷᠪᠢᠨ ᠲᠣᠭᠲᠠᠭᠠᠵᠤ᠂ ᠲᠠᠪᠴᠠᠩ ᠢ ᠬᠡᠷᠡᠭᠯᠡᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠲᠥᠷᠥᠯ | ᠬᠤᠪᠢᠶᠠᠨ ᠭᠦᠢᠴᠡᠳᠬᠡᠬᠦ᠂ ᠨᠢᠭᠡᠳᠦᠯᠲᠡᠶ ᠦᠨᠡᠮᠯᠡᠯ ᠣᠯᠭᠤᠬᠤ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠪᠠ᠃ | ᠥᠭᠡᠷᠡᠴᠢᠯᠡᠯᠲᠡ ᠬᠢᠭᠰᠡᠨ ᠤ ᠳᠠᠷᠠᠭ᠎ᠠ᠂ ᠥᠷᠭᠡᠨ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ | ᠥᠪᠡᠷᠲᠡᠭᠡᠨ ᠵᠠᠰᠠᠬᠤ ᠣᠷᠣᠨ ᠤ ︽ᠮᠧᠩ ᠴᠠᠩ ᠺᠠᠶ︾ ᠲᠠᠪᠴᠠᠩ ᠢᠶᠠᠷ ᠳᠠᠮᠵᠢᠨ᠂ ᠠᠵᠤ ᠠᠬᠤᠶᠢᠯᠠᠯ ᠪᠠᠶᠢᠭᠤᠯᠬᠤ᠂ | ᠠᠯᠪᠠᠨ ᠲᠠᠮᠠᠭ᠎ᠠ ᠰᠡᠶᠢᠯᠦᠨ ᠦᠢᠯᠡᠳᠬᠦ᠂ ᠭᠠᠶᠢᠯᠢ ᠳᠤ ᠬᠤᠯᠪᠣᠭᠳᠠᠬᠤ ᠵᠦᠢᠯᠡᠰ᠂ ᠠᠵᠢᠯ ᠣᠯᠭᠤᠯᠲᠠ ᠶᠢᠨ | ᠳᠠᠭᠠᠳᠬᠠᠯ ᠳᠤ ᠣᠷᠣᠯᠴᠠᠬᠤ ᠭᠤᠶᠤᠴᠢᠯᠠᠯ ᠵᠡᠷᠭᠡ ᠮᠠᠲ᠋ᠧᠷᠢᠶᠠᠯ ᠢᠶᠠᠨ ᠨᠢᠭᠡᠳᠦᠯᠲᠡᠶ ᠲᠤᠰᠢᠶᠠᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡ ᠡᠳᠦᠷ ᠤᠨ ᠳᠣᠲᠣᠷ᠎ᠠ ᠠᠵᠤ ᠠᠬᠤᠶᠢᠯᠠᠯ | ᠪᠠᠶᠢᠭᠤᠯᠬᠤ ᠳᠠᠩᠰᠠᠯᠠᠯ ᠢ ᠨᠢ ᠵᠥᠪᠰᠢᠶᠡᠷᠡᠵᠦ᠂ ᠠᠵᠢᠯ ᠣᠯᠭᠤᠯᠲᠠ ᠶᠢᠨ ᠳᠠᠭᠠᠳᠬᠠᠯ ᠳᠤ ᠣᠷᠣᠯᠴᠠᠬᠤ ᠳᠠᠩᠰᠠᠯᠠᠯ ᠢ | ᠨᠢ ᠵᠡᠷᠭᠡ ᠳᠤ ᠨᠢ ᠭᠦᠢᠴᠡᠳᠬᠡᠵᠦ ᠳᠠᠭᠤᠰᠬᠠᠭᠠᠳ᠂ ᠡᠵᠡᠩᠨᠡᠯᠲᠡ ᠶᠢᠨ ᠦᠨᠡᠮᠯᠡᠯ᠂ ᠠᠯᠪᠠᠨ ᠲᠠᠮᠠᠭ᠎ᠠ᠂ ᠪᠠᠷᠢᠮᠲᠠ ᠶᠢ | ᠲᠣᠰ ᠡᠳᠦᠷ ᠲᠤ ᠪᠠᠨ ᠭᠠᠷᠭᠠᠨ ᠠᠪᠬᠤ ᠶᠢ ᠪᠡᠶᠡᠯᠡᠭᠦᠯᠬᠦ ᠪᠣᠯᠣᠨ᠎ᠠ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ | ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠪᠡᠯ᠂ ᠬᠠᠮᠤᠭ ᠤᠨ ᠲᠥᠷᠭᠡᠨ ᠳᠤ ᠪᠠᠨ 1 ᠯᠡ | ᠡᠳᠦᠷ ᠲᠤ ᠡᠵᠡᠩᠨᠡᠬᠦ ᠨᠥᠬᠦᠴᠡᠯ ᠢ ᠪᠦᠷᠢᠯᠳᠦᠭᠦᠯᠵᠦ ᠪᠣᠯᠣᠨ᠎ᠠ᠃ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ | ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯᠲᠠᠨ ᠳᠤ ᠪᠣᠳᠠᠲᠤ ᠠᠵᠢᠯᠯᠠᠭᠠᠨ ᠤ ᠪᠣᠯᠪᠠᠰᠤᠷᠠᠭᠤᠯᠤᠯ | ᠥᠷᠨᠢᠭᠦᠯᠬᠦ ᠪᠦᠭᠡᠳ ᠠᠷᠤ ᠲᠠᠯ᠎ᠠ ᠶᠢᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠᠷ ᠳᠠᠮᠵᠢᠭᠤᠯᠤᠨ ᠲᠠᠪᠴᠠᠩ ᠤᠨ | ᠬᠡᠷᠡᠭᠯᠡᠯᠲᠡ ᠶᠢᠨ ᠪᠠᠶᠢᠳᠠᠯ ᠢ ᠨᠡᠪᠲᠡᠷᠡᠭᠦᠯᠬᠦ ᠪᠣᠯᠣᠨ᠎ᠠ᠃ |