| | | 6 ᠳ᠋ᠤᠭᠠᠷ ᠰᠠᠷ᠎ᠠ ᠶᠢᠨ 2 ᠤᠨ ᠡᠳᠦᠷ᠂ ᠵᠢᠨᠴᠢᠶᠤᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ | ᠳᠣᠯᠣᠳᠤᠭᠠᠷ ᠠᠩᠭᠢ ᠶᠢᠨ ᠡᠷᠬᠢᠯᠡᠭᠴᠢ ᠱᠤᠸᠠᠢ ᠨᠠᠨ ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ᠳᠡᠭᠡᠷ᠎ᠡ | ᠰᠤᠷᠤᠭᠴᠢᠳ ᠲᠤ ᠬᠢᠵᠢᠭ ᠲᠠᠢ ᠲᠡᠮᠡᠴᠡᠭᠰᠡᠨ ᠪᠠᠭᠠᠲᠤᠷᠴᠤᠳ ᠢ ᠲᠠᠨᠢᠯᠴᠠᠭᠤᠯᠵᠤ ᠪᠠᠶᠢᠭ᠎ᠠ ᠨᠢ᠃ | | ᠲᠤᠰ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠤᠤ ᠪᠠᠭ᠎ᠠ ᠰᠤᠷᠭᠠᠭᠤᠯᠢ ᠶᠢᠨ | ᠨᠢᠭᠡ ᠠᠴᠠ ᠭᠤᠷᠪᠠᠳᠤᠭᠠᠷ ᠣᠨ ᠤ 1256 ᠰᠤᠷᠤᠭᠴᠢ ᠰᠤᠷᠭᠠᠭᠤᠯᠢ ᠡᠬᠢᠯᠡᠨ ᠨᠡᠷ᠎ᠡ ᠪᠠᠨ ᠮᠡᠳᠡᠭᠦᠯᠵᠦ᠂ ᠡᠯ᠎ᠡ | ᠠᠩᠭᠢ ᠨᠤᠭᠤᠳ ᠠᠩᠭᠢ ᠶᠢᠨ ᠬᠤᠷᠠᠯ ᠤᠨ ᠬᠡᠯᠪᠡᠷᠢ ᠪᠠᠷ ︽ᠬᠢᠵᠢᠭ ᠤᠨ ᠪᠠᠶᠢᠳᠠᠯ · ᠤᠯᠤᠰ ᠢᠶᠠᠨ ᠬᠠᠶᠢᠷᠠᠯᠠᠬᠤ︾ | ᠪᠠᠷ ᠭᠤᠤᠯ ᠰᠡᠳᠦᠪ ᠪᠣᠯᠭᠠᠭᠰᠠᠨ ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ ᠣᠷᠣᠪᠠ᠃ ᠬᠥᠬᠡᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ᠶᠢᠨ ᠦᠨᠳᠦᠰᠦᠨ ᠰᠤᠷᠭᠠᠨ ᠬᠥᠮᠦᠵᠢᠯ ᠤᠨ ᠰᠠᠯᠠᠭᠠᠨ ᠳᠠᠷᠤᠭ᠎ᠠ ᠵᠠᠩ | ᠮᠧᠩ ᠤᠨ ᠲᠠᠨᠢᠯᠴᠠᠭᠤᠯᠤᠭᠰᠠᠨ ᠢᠶᠠᠷ᠂ 6 ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠬᠥᠬᠡᠬᠤᠲᠠ ᠶᠢᠨ | ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠣᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠬᠢᠯᠡᠵᠦ ᠬᠢᠴᠢᠶᠡᠯᠯᠡᠬᠦ ᠠᠵᠢᠯ ᠤᠨ | ᠦᠨᠳᠦᠰᠦᠨ ᠪᠠᠷᠢᠮᠵᠢᠶ᠎ᠠ︾ ᠪᠠ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠬᠤᠰᠢᠭᠤ ᠰᠢᠶᠠᠨ | ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠨᠡᠯᠡᠨ ᠵᠢᠱᠢᠯᠲᠡ ᠪᠠᠷ ᠬᠢᠷᠢ ᠲᠡᠩᠴᠡᠭᠰᠡᠨ ᠤ ᠳᠠᠷᠠᠭ᠎ᠠ᠂ | ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ | ᠳᠠᠩᠰᠠᠯᠠᠭᠤᠯᠤᠭᠠᠳ ᠰᠤᠷᠭᠠᠭᠤᠯᠢ ᠡᠬᠢᠯᠡᠵᠦ ᠬᠢᠴᠢᠶᠡᠯᠯᠡᠭᠰᠡᠨ ᠤ ᠬᠠᠮᠲᠤ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠡᠢ᠃ |