ᠠᠯᠠᠱᠠ ᠠᠶᠢᠮᠠᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ᠂ ᠭᠤᠤᠯᠳᠠᠯᠭ᠎ᠠ ᠲᠠᠢ ᠠᠵᠢᠯ ᠲᠥᠷᠥᠯ ᠤᠨ | ᠴᠢᠳᠠᠪᠤᠷᠢᠲᠠᠨ ᠪᠠᠴᠢᠮ ᠳᠤᠲᠠᠭᠳᠠᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠪᠠ ᠵᠣᠬᠢᠴᠠᠩᠭᠤᠶ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠨᠡᠭᠡᠭᠡᠭᠰᠡᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ ᠂ ᠠᠵᠢᠯ ᠣᠯᠬᠤ ᠲᠣᠬᠢᠶᠠᠯ ᠢ ᠪᠦᠬᠦ | ᠲᠠᠯ᠎ᠠ ᠪᠠᠷ ᠲᠠᠯᠪᠢᠨ᠂ ᠴᠢᠳᠠᠪᠤᠷᠢᠲᠠᠨ ᠤ ᠡᠬᠢ ᠪᠠᠶᠠᠯᠢᠭ ᠤᠨ ᠬᠠᠩᠭᠠᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠤᠪᠴᠢᠲᠠᠢ ᠪᠠᠷ ᠢᠵᠢ ᠪᠦᠷᠢᠳᠦᠭᠦᠯᠬᠦ ᠶᠢᠨ ᠲᠤᠰᠠᠳᠠ᠂ ᠠᠯᠠᠱᠨ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠣᠨ ᠠᠯᠠᠱᠨ | ᠠᠶᠢᠮᠠᠭ ᠤᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠲᠤᠷᠠᠨ | ᠨᠠᠶᠢᠷᠠᠭᠤᠯᠤᠨ ᠵᠣᠬᠢᠶᠠᠭᠰᠠᠨ ︽ᠠᠯᠠᠱᠨ ᠠᠶᠢᠮᠠᠭ ᠤᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠵᠢᠯᠣᠭᠤᠳᠤᠮᠵᠢ | ︵2020 — 2021︶︾ ︵ᠠᠯᠠᠱᠨ ᠠᠶᠢᠮᠠᠭ ᠤᠨ ᠴᠢᠳᠠᠪᠤᠷᠢᠲᠠᠨ ᠤ ᠴᠠᠭᠠᠨ ᠭᠠᠳᠠᠷᠳᠤ ᠪᠢᠴᠢᠭ︶᠂ | ︽ᠠᠯᠠᠱᠨ ᠠᠶᠢᠮᠠᠭ ᠤᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠵᠢᠯᠣᠭᠤᠳᠤᠮᠵᠢ ︵2020 — 2021︶︾ | ︵ᠠᠯᠠᠱᠨ ᠠᠶᠢᠮᠠᠭ ᠤᠨ ᠴᠢᠳᠠᠪᠤᠷᠢᠲᠠᠨ ᠤ ᠬᠥᠬᠡ ᠭᠠᠳᠠᠷᠳᠤ ᠪᠢᠴᠢᠭ︶ ︵ᠳᠣᠷᠣᠭᠰᠢ ︽ᠴᠢᠳᠠᠪᠤᠷᠢᠲᠠᠨ ᠢ ᠨᠡᠭᠡᠭᠡᠨ | ᠬᠥᠭᠵᠢᠭᠦᠯᠬᠦ ᠵᠢᠯᠣᠭᠤᠳᠤᠮᠵᠢ︾ ᠭᠡᠵᠦ ᠲᠣᠪᠴᠢᠯᠠᠨ᠎ᠠ︶ ᠢ 6 ᠳ᠋ᠤᠭᠠᠷ ᠰᠠᠷ᠎ᠠ ᠶᠢᠨ 1 ᠤ ᠡᠳᠦᠷ ᠨᠡᠶᠢᠲᠡᠯᠡᠪᠡ᠃ | ︽ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠵᠢᠯᠣᠭᠤᠳᠤᠮᠵᠢ︾ ᠶᠢᠨ ᠠᠭᠤᠯᠭ᠎ᠠ ᠳᠤ ᠭᠤᠤᠯᠳᠠᠭᠤ | ᠨᠠᠶᠢᠷᠠᠭᠤᠯᠤᠨ ᠵᠣᠬᠢᠶᠠᠭᠰᠠᠨ ᠲᠣᠳᠣᠷᠬᠠᠶᠢᠯᠠᠯᠲᠠ᠂ ᠭᠤᠤᠯᠳᠠᠯᠭ᠎ᠠ ᠲᠠᠢ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ | ᠭᠠᠷᠴᠠᠭ᠂ ᠳᠠᠪᠠᠭᠤᠯᠢᠭ ᠤᠨᠴᠠᠯᠢᠭᠳᠤ ᠠᠵᠤ ᠦᠢᠯᠡᠰ ᠪᠠ ᠭᠤᠤᠯᠳᠠᠯᠭ᠎ᠠ ᠲᠠᠢ ᠠᠵᠢᠯ ᠲᠦᠷᠦᠯ ᠤᠨ ᠬᠤᠪᠣᠷ ᠴᠤᠬᠠᠭ | ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠭᠠᠷᠴᠠᠭ᠂ ᠨᠡᠶᠢᠭᠡᠮ ᠤᠨ ᠠᠵᠢᠯ ᠦᠢᠯᠡᠰ ᠤᠨ ᠴᠢᠳᠠᠪᠤᠷᠢᠲᠠᠨ ᠢ ᠨᠡᠭᠡᠭᠡᠨ | ᠬᠥᠭᠵᠢᠭᠦᠯᠬᠦ ᠭᠠᠷᠴᠠᠭ ᠵᠡᠷᠭᠡ ᠲᠦᠷᠪᠡᠨ ᠬᠡᠰᠡᠭ ᠢ ᠪᠠᠭᠲᠠᠭᠠᠵᠠᠢ᠃ ᠲᠡᠷᠡᠴᠢᠯᠡᠨ ᠠᠵᠤ ᠦᠢᠯᠡᠰ ᠤᠨ ᠠᠵᠢᠯ | ᠲᠥᠷᠥᠯ ᠤᠨ ᠲᠥᠷᠥᠯ ᠢᠯᠭᠠᠯ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠲᠤᠰᠬᠠᠶ ᠮᠡᠷᠭᠡᠵᠢᠯ ᠤᠨ | ᠱᠠᠭᠠᠷᠳᠠᠯᠭ᠎ᠠ᠂ ᠰᠤᠷᠤᠯᠭ᠎ᠠ ᠶᠢᠨ ᠨᠠᠮᠲᠠᠷ᠂ ᠴᠢᠳᠠᠪᠤᠷᠢ ᠶᠢᠨ ᠬᠡᠷᠡᠭᠴᠡᠭᠡ᠂ ᠴᠢᠳᠠᠪᠤᠷᠢᠲᠠᠨ ᠳᠤᠲᠠᠭᠳᠠᠵᠤ ᠪᠠᠶᠢᠭ᠎ᠠ | ᠪᠠᠶᠢᠳᠠᠯ᠂ ᠳᠤᠲᠠᠭᠳᠠᠵᠤ ᠪᠠᠶᠢᠭ᠎ᠠ ᠵᠢᠭᠠᠯᠲᠠ ᠲᠤᠭ᠎ᠠ᠂ ᠣᠷᠣᠨ ᠪᠦᠰᠡ ᠶᠢᠨ ᠤᠳᠤᠷᠢᠳᠤᠮᠵᠢ ᠵᠡᠷᠭᠡ ᠨᠠᠢᠮᠠᠨ | ᠲᠠᠯ᠎ᠠ ᠶᠢᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠲᠤᠭ᠎ᠠ ᠪᠠᠷᠢᠮᠲᠠ ᠶᠢ ᠲᠤᠰ ᠲᠤᠰ ᠪᠦᠷᠢᠳᠬᠡᠵᠦ᠂ ᠪᠦᠬᠦ | ᠠᠶᠢᠮᠠᠭ ᠤᠨ 92 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 309 ᠠᠵᠢᠯ ᠤᠨ ᠪᠠᠶᠢᠷᠢ᠂ ᠦᠢᠯᠡᠳᠬᠦ | ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠨᠤᠲᠤᠭ ᠤᠨ ᠦᠨᠳᠦᠰᠦᠲᠡᠨ ᠤ ᠠᠵᠤ ᠦᠢᠯᠡᠰ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠡᠷᠭᠡ ᠠᠵᠢᠯ ᠲᠥᠷᠥᠯ ᠳᠤ ᠬᠤᠯᠪᠣᠭᠳᠠᠭᠰᠠᠨ ᠵᠢᠴᠢ ᠶᠡᠷᠦᠩᠬᠡᠶᠢᠯᠡᠭᠰᠡᠨ ᠲᠥᠷᠥᠯ ᠤᠨ ᠪᠠᠴᠢᠮ ᠬᠡᠷᠡᠭᠰᠡᠬᠦ 526 | ᠴᠢᠳᠠᠪᠤᠷᠢᠲᠠᠨ ᠢ ᠴᠤᠭᠯᠠᠭᠤᠯᠤᠨ ᠡᠮᠬᠢᠳᠬᠡᠵᠦ᠂ ᠠᠯᠠᠱᠠ ᠠᠶᠢᠮᠠᠭ ᠤᠨ ᠴᠢᠳᠠᠪᠤᠷᠢᠲᠠᠨ ᠤ ᠠᠵᠢᠯ ᠡᠷᠢᠬᠦ᠂ | ᠴᠢᠳᠠᠪᠤᠷᠢᠲᠠᠨ ᠬᠥᠮᠦᠵᠢᠭᠦᠯᠬᠦ᠂ ᠴᠢᠳᠠᠪᠤᠷᠢᠲᠠᠨ ᠤ ᠠᠵᠢᠯ ᠵᠢᠴᠢ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ | ᠡᠯᠰᠡᠬᠦ ᠳᠤ ᠨᠠᠩ ᠨᠠᠷᠢᠯᠢᠭ᠂ ᠪᠦᠲᠦᠮᠵᠢᠲᠡᠶ ᠵᠢᠯᠣᠭᠤᠳᠤᠮᠵᠢ ᠬᠠᠩᠭᠠᠭᠰᠠᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ︽ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠵᠢᠯᠣᠭᠤᠳᠤᠮᠵᠢ︾ ᠶᠢᠨ ᠪᠣᠶ ᠪᠥᠬᠦᠶ | ᠲᠤᠭ᠎ᠠ ᠪᠠᠷᠢᠮᠲᠠ ᠨᠢ ᠴᠥᠮ ᠵᠠᠬ᠎ᠠ ᠳᠡᠯᠭᠡᠭᠦᠷ ᠪᠠ ᠬᠥᠮᠦᠨ ᠬᠡᠷᠡᠭᠯᠡᠬᠦ ᠨᠢᠭᠡᠴᠢ ᠠᠴᠠ ᠢᠷᠡᠯᠲᠡ ᠲᠠᠢ ᠪᠠᠶᠢᠵᠤ᠂ | ᠠᠯᠠᠱᠠ ᠠᠶᠢᠮᠠᠭ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠳᠠᠪᠤᠷᠢᠲᠠᠨ ᠳᠤᠲᠠᠭᠳᠠᠵᠤ | ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠤᠰᠤᠳᠴᠢ ᠪᠠᠷ ᠲᠤᠰᠬᠠᠭᠰᠠᠨ ᠪᠠᠶᠢᠨ᠎ᠠ᠃ |