|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2020/6/30
|
|
6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢ ᠤᠯᠠᠮᠵᠢᠯᠠᠵᠥ᠂ ᠪᠦᠬᠦ ᠣᠷᠣᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠶ᠂ ᠪᠡᠶ᠎ᠡ ᠶᠢᠨ ᠲᠠᠮᠢᠷ ᠤᠨ ᠦᠢᠯᠡᠰ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠦᠯᠬᠦ᠂ ᠡᠳ᠋ ᠪᠣᠳᠠᠰ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠤᠷᠢᠳᠴᠢᠯᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠰᠠᠪᠠ ᠭᠠᠵᠠᠷ ᠪᠠ ᠭᠠᠵᠠᠷ ᠣᠷᠣᠨ ᠤ ᠦᠶᠡᠷ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃ ᠬᠤᠷᠠᠯ ᠠᠴᠠ᠂ ᠮᠠᠨ ᠤ ᠣᠷᠣᠨ ᠪᠣᠯ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠮᠥᠨ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ᠂ ᠪᠠᠰᠠ ᠴᠦ ᠪᠢᠳᠡᠨ ᠤ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠣᠳᠣ ᠦᠶ᠎ᠡ ᠶᠢᠨ ᠡᠨᠧᠷᠭᠢ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠨᠧᠷᠭᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠦᠨ᠂ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠳᠤᠯᠬᠤ ᠠᠵᠢᠯ ᠢ ᠥᠷᠨᠢᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ ᠬᠤᠷᠠᠯ ᠠᠴᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠡᠶ᠎ᠡ ᠶᠢᠨ ᠲᠠᠮᠢᠷ ᠤᠨ ᠠᠵᠢᠯ ᠳᠤᠮᠳᠠ ᠢᠯᠡᠷᠡᠭᠦᠯᠵᠦ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠢ ᠴᠢᠬᠤᠯᠠᠴᠢᠯᠠᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠦᠢᠯᠡᠰ ᠪᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠳᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠤᠯᠢᠯᠠᠵᠤ᠂ ᠪᠦᠬᠦ ᠣᠷᠣᠨ ᠤ ᠬᠦᠯ ᠪᠦᠮᠪᠦᠭᠡᠨ ᠤ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠶᠢᠨ ᠬᠠᠮᠳᠤ᠂ ᠡᠯ᠎ᠡ ᠲᠥᠷᠥᠯ ᠤᠨ ᠪᠡᠶ᠎ᠠ ᠶᠢᠨ ᠲᠠᠮᠢᠷ ᠤᠨ ᠣᠷᠳᠣᠨ᠂ ᠲᠠᠯᠠᠪᠤᠷ ᠭᠠᠵᠠᠷ ᠢ ᠡᠮᠬᠢ ᠵᠢᠷᠤᠮ ᠲᠠᠢ ᠪᠠᠷ ᠨᠡᠭᠡᠭᠡᠯᠳᠡ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠰᠠᠶᠢᠲᠤᠷ ᠥᠷᠨᠢᠭᠦᠯᠬᠦ ᠬᠡᠷᠡᠭᠳᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠬᠤᠯᠠ ᠤᠷᠤᠯᠳᠤᠭᠠᠨ ᠳᠤ ᠢᠳᠡᠪᠬᠢᠲᠡᠶ ᠪᠡᠯᠡᠳᠬᠡᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠦᠷᠢᠰᠦᠯᠳᠦᠬᠡᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠪᠠᠷ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ ᠬᠤᠷᠠᠯ ᠠᠴᠠ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠭᠤᠤᠯ ᠵᠠᠩᠬᠢᠯᠠᠭ᠎ᠠ ᠪᠣᠯᠭᠠᠵᠤ᠂ ᠢᠯᠡ ᠲᠣᠳᠣ ᠣᠨᠴᠠᠯᠢᠭ ᠪᠦᠬᠦᠢ ᠥᠨᠳᠥᠷ ᠲᠦᠪᠰᠢᠨ ᠲᠠᠢ ᠶᠡᠭᠡ ᠰᠤᠷᠭᠠᠭᠤᠯᠢ ᠶᠢ ᠴᠢᠷᠮᠠᠶᠢᠨ ᠪᠦᠳᠦᠬᠡᠨ ᠪᠠᠶᠢᠭᠤᠯᠬᠤ ᠬᠡᠷᠡᠭᠳᠡᠢ᠃ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠳᠠ ᠶᠢ ᠴᠠᠭ ᠲᠤᠬᠠᠶ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠴᠢᠳᠠᠪᠤᠷᠢᠲᠠᠨ ᠪᠦᠲᠦᠴᠡ ᠶᠢᠨ ᠴᠢᠨᠠᠷᠲᠠᠶ ᠳᠤᠲᠠᠭᠳᠠᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠥ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ ᠤᠨᠴᠠᠭᠠᠢᠢᠯᠠᠨ ᠮᠣᠩᠭᠤᠯ ᠢᠶᠠᠷ ᠬᠢᠴᠢᠶᠡᠯᠯᠡᠭᠰᠡᠨ ᠲᠡᠭᠦᠰᠬᠦ ᠤᠶᠤᠳᠠᠳ ᠲᠤ ᠭᠦᠢᠴᠡᠳ ᠠᠵᠢᠯ ᠣᠯᠭᠤᠬᠤ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
|
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|